ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠳ᠋ᠢᠭᠢᠲ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢ ᠠᠬᠢᠭᠤᠯᠵᠤ ᠪᠣᠢ
ᠨᠡᠶ᠋ᠢᠲᠡᠯᠡᠭᠰᠡᠨ ᠴᠠᠭ᠄ 2025-11-14

11 ᠳ᠋ᠦ᠍ᠭᠡᠷ ᠰᠠᠷ᠎ᠠ᠎ᠶᠢᠨ 12 ᠎ᠤᠨ ᠡᠳᠦᠷ᠂ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠳ᠋ᠢᠭᠢᠲ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢᠨ ᠠᠬᠤᠢ ᠲᠠᠯᠠᠪᠠᠢ᠎ᠶᠢᠨ ᠬᠤᠷᠠᠯ ᠵᠢᠴᠢ ᠪᠥᠬᠥ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠵᠣᠬᠢᠶᠠᠮᠠᠯ ᠣᠶᠣᠨ᠎ᠤ ᠬᠡᠷᠡᠭᠯᠡᠯᠲᠡ᠎ᠶᠢᠨ ᠬᠣᠯᠪᠣᠭ᠎ᠠ ᠪᠠᠢᠭᠤᠯᠬᠤ ᠶᠡᠬᠡ ᠬᠤᠷᠠᠯ ᠬᠥᠬᠡᠬᠣᠲᠠ᠎ᠳᠤ ᠶᠠᠪᠤᠭᠳᠠᠪᠠ᠃

ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠭᠣᠣᠯᠴᠢᠯᠠᠨ ᠡᠷᠭᠢᠯᠡᠵᠦ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠭᠠᠭᠠᠨ ᠡᠷᠭᠢᠯᠡᠵᠦ᠂ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠲᠣᠰ ᠬᠤᠷᠠᠯ᠎ᠳᠤ ᠣᠷᠣᠯᠴᠠᠵᠠᠢ᠃ ᠬᠤᠷᠠᠯ ᠳᠡᠭᠡᠷ᠎ᠡ᠂ ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠪᠤᠭᠤᠲᠤ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠤᠯᠠᠭᠠᠨᠬᠠᠳᠠ ᠬᠣᠲᠠ᠎ᠶᠢᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠰᠠᠨᠠᠯ ᠰᠣᠯᠢᠯᠴᠠᠭᠰᠠᠨ ᠦᠭᠡ ᠶᠠᠷᠢᠵᠤ᠂ ᠳ᠋ᠢᠭᠢᠲ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢᠨ ᠠᠷᠭ᠎ᠠ ᠵᠠᠮ᠎ᠢ ᠰᠦᠪᠡᠭᠴᠢᠯᠡᠨ ᠶᠠᠷᠢᠯᠴᠠᠵᠤ᠂ ᠵᠣᠬᠢᠶᠠᠮᠠᠯ ᠣᠶᠤᠨ᠎ᠤ ᠬᠡᠷᠡᠭᠯᠡᠯᠲᠡ᠎ᠶᠢ ᠦᠢᠯᠡᠳᠦᠯᠭᠡᠵᠢᠭᠦᠯᠬᠦ ᠲᠠᠯ᠎ᠠ᠎ᠪᠠᠷ ᠰᠣᠯᠢᠯᠴᠠᠭ᠎ᠠ ᠥᠷᠨᠢᠭᠦᠯᠪᠡ᠃

ᠬᠤᠷᠠᠯ ᠶᠠᠪᠤᠭᠳᠠᠵᠤ ᠪᠠᠢᠭ᠎ᠠ ᠬᠤᠭᠤᠴᠠᠭᠠᠨ᠎ᠳᠤ ᠪᠠᠰᠠ 《ᠳ᠋ᠢᠭᠢᠲ ᠣᠶᠣᠨ᠎ᠢᠶᠠᠷ ᠡᠷᠴᠢᠮᠯᠡᠵᠦ  ᠲᠥᠪ ᠶᠣᠰᠣ᠌᠎ᠶᠢ ᠰᠠᠬᠢᠨ ᠰᠢᠨ᠎ᠡ᠎ᠶᠢ ᠡᠭᠦᠳᠬᠦ》 ᠰᠤᠷᠭᠠᠨ ᠬᠥᠮᠦᠵᠢᠯ᠎ᠦᠨ ᠮᠡᠷᠭᠡᠵᠢᠯ ᠲᠣᠨᠣᠭᠯᠠᠯ᠎ᠤᠨ ᠦᠵᠡᠭᠦᠯᠭᠡ᠎ᠶᠢ ᠡᠷᠭᠢᠯᠡᠵᠦ᠂ ᠮᠠᠰᠢᠨ ᠬᠥᠮᠥᠨ᠎ᠦ ᠬᠠᠮᠵᠢᠯᠴᠠᠨ ᠠᠵᠢᠯᠯᠠᠬᠤ᠂ 3D ᠬᠡᠪᠯᠡᠯ᠎ᠢ ᠪᠡᠶᠡᠴᠢᠯᠡᠨ ᠣᠢᠯᠠᠭᠠᠬᠤ᠂ ᠳ᠋ᠢᠭᠢᠲ ᠬᠥᠮᠥᠨ ᠬᠠᠷᠢᠯᠴᠠᠨ ᠦᠢᠯᠡᠳᠦᠯᠴᠡᠬᠦ ᠵᠡᠷᠭᠡ ᠠᠷᠪᠠ ᠭᠠᠷᠤᠢ ᠭᠦᠨᠵᠡᠭᠡᠢ ᠣᠢᠯᠠᠭᠠᠭᠤᠯᠬᠤ ᠲᠥᠷᠥᠯ ᠵᠦᠢᠯ᠎ᠢ ᠦᠵᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠳᠦ ᠠᠪᠴᠢᠷᠠᠭᠰᠠᠨ ᠵᠣᠬᠢᠶᠠᠮᠠᠯ ᠣᠶᠣᠨ᠎ᠤ ᠮᠡᠷᠭᠡᠵᠢᠯ᠎ᠦᠨ ᠰᠢᠨᠡᠴᠢᠯᠡᠯᠲᠡ᠎ᠶᠢᠨ ᠬᠦᠴᠦᠨ᠎ᠢ ᠬᠤᠷᠠᠯ᠎ᠳᠤ ᠣᠷᠣᠯᠴᠠᠭᠰᠠᠳ᠎ᠲᠤ ᠭᠦᠨᠵᠡᠭᠡᠢ ᠣᠢᠯᠠᠭᠠᠭᠤᠯᠪᠠ᠃ ᠬᠤᠷᠠᠯ᠎ᠳᠤ ᠪᠠᠰᠠ ᠦᠢᠯᠡᠳᠪᠦᠷᠢᠯᠡᠯ ᠪᠠ ᠵᠢᠭᠠᠨ ᠰᠤᠷᠭᠠᠯᠲᠠ᠎ᠶᠢᠨ ᠠᠭᠤᠰᠤᠯᠴᠠᠯ᠎ᠢ ᠵᠣᠬᠢᠶᠠᠮᠠᠯ ᠣᠶᠣᠨ᠎ᠢᠶᠠᠷ ᠡᠷᠴᠢᠮᠯᠡᠬᠦ᠎ᠶᠢᠨ ᠰᠤᠳᠤᠯᠤᠨ ᠶᠠᠷᠢᠯᠴᠠᠬᠤ ᠬᠤᠷᠠᠯ᠎ᠢ ᠥᠷᠨᠢᠭᠦᠯᠦᠭᠰᠡᠨ᠎ᠦ ᠬᠠᠮᠲᠤ ᠬᠤᠷᠠᠯ᠎ᠳᠤ ᠣᠷᠣᠯᠴᠠᠭᠰᠠᠳ᠎ᠢ ᠵᠣᠬᠢᠶᠠᠨ ᠪᠠᠢᠭᠤᠯᠵᠤ ᠪᠠᠢᠭᠠᠳ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠵᠢᠭᠠᠨ ᠰᠤᠷᠭᠠᠯᠲᠠ᠎ᠶᠢᠨ ᠦᠢᠯᠡᠳᠪᠦᠷᠢ᠎ᠳᠦ AI ᠬᠢᠴᠢᠶᠡᠯ᠎ᠢ ᠦᠵᠡᠭᠦᠯᠪᠡ᠃

ᠬᠤᠷᠠᠯ᠎ᠳᠤ ᠪᠠᠰᠠ ᠪᠦᠬᠦ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠵᠣᠬᠢᠶᠠᠮᠠᠯ ᠤᠶᠤᠨ᠎ᠤ ᠬᠡᠷᠡᠭᠯᠡᠯᠲᠡ᠎ᠶᠢᠨ ᠬᠣᠯᠪᠣᠭ᠎ᠠ ᠪᠠᠢᠭᠤᠯᠬᠤ ᠶᠡᠬᠡ ᠬᠤᠷᠠᠯ᠎ᠢ ᠬᠤᠷᠠᠯᠳᠤᠭᠤᠯᠵᠠᠢ᠃ ᠲᠣᠰ ᠬᠣᠯᠪᠣᠭ᠎ᠠ ᠨᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠵᠢᠯᠣᠭᠣᠳᠤᠯᠭ᠎ᠠ ᠳᠣᠣᠷ᠎ᠠ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠦᠷᠦᠭᠦᠯᠡᠨ ᠪᠠᠢᠭᠤᠯᠵᠤ᠂ ᠣᠷᠣᠨ᠎ᠤ ᠳᠣᠲᠣᠭᠠᠳᠤᠬᠢ 64 ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠴᠢ ᠠᠵᠤ ᠠᠬᠤᠢᠯᠠᠯ᠎ᠤᠨ ᠨᠢᠭᠡᠴᠢ᠎ᠶᠢ ᠲᠡᠳᠡᠨ ᠣᠷᠣᠯᠴᠠᠭᠤᠯᠵᠠᠢ᠃ ᠲᠣᠰ ᠬᠣᠯᠪᠣᠭ᠎ᠠ ᠨᠢ ᠦᠢᠯᠡᠳᠪᠦᠷᠢᠯᠡᠯ ᠪᠠ ᠵᠢᠭᠠᠨ ᠰᠤᠷᠭᠠᠯᠲᠠ᠎ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠂ ᠰᠤᠷᠭᠠᠭᠤᠯᠢ᠎ᠨᠤᠭᠤᠳ᠎ᠤᠨ ᠬᠣᠭᠣᠷᠣᠨᠳᠣᠬᠢ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠎ᠪᠡᠷ ᠳᠠᠮᠵᠢᠭᠤᠯᠵᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠲᠠᠰᠤᠷᠠᠯᠳᠡ ᠦᠭᠡᠢ ᠰᠢᠯᠢᠳᠡᠭᠵᠢᠭᠦᠯᠵᠦ᠂ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠵᠣᠬᠢᠶᠠᠮᠠᠯ ᠤᠶᠤᠨ᠎ᠤ ᠰᠢᠨ᠎ᠡ ᠡᠭᠦᠳᠦᠯᠲᠡ ᠲᠡᠢ ᠬᠡᠷᠡᠭᠯᠡᠯᠲᠡ᠎ᠶᠢ ᠠᠬᠢᠭᠤᠯᠬᠤ ᠪᠣᠯᠣᠨ᠎ᠠ᠃

ᠢᠷᠡᠯᠲᠡ᠄    