ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠣᠪᠴᠢᠶ᠎ᠠ ᠨᠢ ᠦᠢᠯᠡᠴᠢᠯᠡᠭᠡᠨ᠎ᠦ ᠬᠠᠮ ᠠᠷᠭ᠎ᠠ ᠬᠡᠮᠵᠢᠶ᠎ᠡ᠎ᠶᠢ ᠠᠪᠴᠤ᠂ ᠡᠪᠡᠰᠦᠨ ᠦᠷ᠎ᠡ᠎ᠶᠢᠨ ᠦᠢᠯᠡᠰ᠎ᠦᠨ ᠳᠠᠪᠰᠢᠯᠲᠠ᠎ᠶᠢ ᠡᠷᠴᠢᠮᠯᠡᠪᠡ
ᠭᠣᠣᠯ ᠠᠷᠭ᠎ᠠ᠄ ᠡᠪᠡᠰᠦᠨ ᠦᠷ᠎ᠡ᠎ᠶᠢᠨ ᠦᠢᠯᠡᠰ ᠪᠣᠯ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠪᠠᠲᠤᠯᠠᠬᠤ᠂ ᠡᠪᠡᠰᠦᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠨᠣᠭᠣᠭᠠᠨ 《ᠴᠢᠫ》 ᠪᠣᠯᠣᠨ᠎ᠠ᠂ ᠮᠥᠨ ᠴᠤ᠌ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠰᠠᠭᠤᠷᠢ ᠴᠢᠨᠠᠷᠲᠠᠢ ᠭᠣᠣᠯᠯᠠᠭ᠍ᠴᠢ ᠠᠵᠤ ᠦᠢᠯᠡᠰ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠣᠪᠴᠢᠶ᠎ᠠ ᠨᠢ ᠥᠪᠥᠷ ᠮᠣᠩᠭᠣᠯ᠎ᠤᠨ ᠭᠣᠣᠯᠳᠠᠯᠭ᠎ᠠ ᠪᠣᠯᠬᠤ ᠠᠵᠤ ᠦᠢᠯᠡᠰ᠎ᠦᠨ ᠬᠡᠯᠬᠢᠶ᠎ᠡ — ᠡᠪᠡᠰᠦᠨ᠎ᠦ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠯᠦ᠍ᠭᠡ ᠤᠶᠠᠯᠳᠤᠭᠤᠯᠤᠨ᠂ 《ᠵᠠᠮᠴᠢᠯᠠᠵᠤ ᠬᠥᠲᠥᠯᠥᠨ ᠳᠠᠭᠠᠭᠤᠯᠬᠤ + ᠤᠷᠢᠳᠴᠢᠯᠠᠨ ᠬᠢᠨᠠᠵᠤ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ》 ᠬᠠᠮ ᠠᠷᠭ᠎ᠠ ᠬᠡᠮᠵᠢᠶ᠎ᠡ ᠠᠪᠴᠤ᠂ ᠡᠪᠡᠰᠦᠨ ᠦᠷ᠎ᠡ᠎ᠶᠢᠨ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠳᠦ ᠦᠢᠯᠡᠴᠢᠯᠡᠨ᠂ ᠭᠣᠣᠯᠯᠠᠬᠤ ᠥᠷᠢᠰᠦᠯᠳᠦᠬᠦ ᠬᠦᠴᠦᠨ᠎ᠢᠶᠠᠨ ᠳᠡᠭᠡᠭᠰᠢᠯᠡᠭᠦᠯᠵᠦ᠂ ᠡᠪᠡᠰᠦᠨ ᠦᠷ᠎ᠡ᠎ᠶᠢᠨ ᠦᠢᠯᠡᠰ᠎ᠦᠨ ᠥᠷᠲᠡᠭ᠎ᠦᠨ ᠳᠡᠭᠡᠭᠰᠢᠯᠡᠯᠲᠡ᠎ᠶᠢ ᠡᠷᠴᠢᠮᠯᠡᠵᠦ᠂ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠲᠠᠢᠯᠠᠯᠳᠤᠭᠠᠨ᠎ᠢ ᠰᠠᠢᠲᠤᠷ ᠬᠢᠬᠦ᠎ᠳᠦ ᠬᠦᠴᠦᠨ ᠨᠡᠮᠡᠷᠢᠯᠡᠪᠡ ᠃
ᠨᠢᠭᠡ᠎ᠳᠦ᠂ ᠳ᠋ᠠᠢᠲ᠋ᠠ᠎ᠪᠠᠷ ᠬᠥᠳᠡᠯᠭᠡᠭᠦᠷ ᠪᠣᠯᠭᠠᠨ ᠣᠨᠣᠪᠴᠢᠲᠠᠢ ᠵᠠᠮᠴᠢᠯᠠᠵᠤ᠂ ᠤᠷᠢᠳᠴᠢᠯᠠᠨ ᠪᠠᠢᠷᠢᠰᠢᠭᠤᠯᠵᠤ ᠮᠡᠷᠭᠡᠵᠢᠯ᠎ᠦᠨ ᠪᠡᠷᠬᠡ ᠰᠡᠳᠦᠪ ᠰᠢᠢᠳᠪᠦᠷᠢᠯᠡᠬᠦ᠎ᠳᠦ ᠬᠦᠴᠦᠨ ᠨᠡᠮᠡᠷᠢᠯᠡᠪᠡ᠃ ᠥᠪᠥᠷ ᠮᠣᠩᠭᠣᠯ᠎ᠤᠨ ᠡᠪᠡᠰᠦᠨ ᠦᠷ᠎ᠡ᠎ᠶᠢᠨ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠪᠡᠷ ᠭᠠᠷᠳᠠᠴᠠ ᠪᠣᠯᠭᠠᠵᠤ᠂ ᠪᠦᠬᠦ ᠪᠥᠮᠪᠥᠷᠴᠡᠭ᠎ᠦᠨ ᠡᠪᠡᠰᠦᠨ ᠦᠷ᠎ᠡ᠎ᠶᠢᠨ ᠦᠢᠯᠡᠰ᠎ᠦᠨ 1.3 ᠲᠦᠮᠡᠨ ᠲᠤᠰᠬᠠᠢ ᠠᠰᠢᠭ᠋᠎ᠤᠨ ᠳ᠋ᠠᠢᠲ᠋ᠠ ᠯᠤᠭ᠎ᠠ ᠤᠶᠠᠯᠳᠤᠭᠤᠯᠤᠨ᠂ 《ᠲᠤᠰᠬᠠᠢ ᠠᠰᠢᠭ᠋ + ᠠᠵᠤ ᠦᠢᠯᠡᠰ》᠎ᠦᠨ ᠬᠣᠣᠰ ᠬᠡᠮᠵᠢᠯᠲᠦ ᠵᠠᠳᠠᠯᠤᠯᠲᠠ᠎ᠶᠢᠨ ᠵᠠᠭᠪᠤᠷ᠎ᠢ ᠪᠠᠢᠭᠤᠯᠵᠤ᠂ ᠲᠤᠰᠬᠠᠢ ᠠᠰᠢᠭ᠋᠎ᠤᠨ ᠵᠠᠮᠴᠢᠯᠠᠭ᠍ᠴᠢ ᠠᠵᠢᠯ᠎ᠤᠨ ᠪᠦᠯᠬᠦᠮ ᠨᠡᠢᠲᠡ᠎ᠶᠢ ᠵᠣᠬᠢᠶᠠᠨ ᠪᠠᠢᠭᠤᠯᠵᠤ᠂ ᠠᠵᠤ ᠦᠢᠯᠡᠰ᠎ᠦᠨ ᠣᠳᠣᠬᠢ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠵᠦ᠂ ᠠᠵᠤ ᠦᠢᠯᠡᠰ᠎ᠦᠨ ᠬᠦᠷᠢᠶ᠎ᠡ ᠪᠠ ᠮᠡᠷᠭᠡᠵᠢᠯ᠎ᠦᠨ ᠴᠢᠭᠯᠡᠯ᠎ᠢ ᠲᠣᠳᠣᠷᠬᠠᠢ ᠳᠣᠭᠲᠠᠭᠠᠨ᠂ ᠪᠥᠬᠥ ᠠᠵᠤ ᠦᠢᠯᠡᠰ᠎ᠦᠨ ᠬᠡᠯᠬᠢᠶ᠎ᠡ᠎ᠡᠴᠡ ᠲᠤᠰᠬᠠᠢ ᠠᠰᠢᠭ᠋᠎ᠤᠨ ᠮᠡᠳᠡᠭᠡ ᠵᠠᠩᠭᠢ᠎ᠶᠢᠨ ᠬᠠᠢᠯᠲᠠ ᠪᠠ ᠵᠠᠳᠠᠯᠤᠯᠲᠠ ᠬᠢᠵᠦ᠂ 《ᠥᠪᠥᠷ ᠮᠣᠩᠭᠣᠯ᠎ᠤᠨ ᠡᠪᠡᠰᠦᠨ ᠦᠷ᠎ᠡ᠎ᠶᠢᠨ ᠦᠢᠯᠡᠰ᠎ᠤᠨ ᠲᠤᠰᠬᠠᠢ ᠠᠰᠢᠭ᠎ᠢ ᠵᠠᠮᠴᠢᠯᠠᠬᠤ ᠵᠠᠳᠠᠯᠤᠯᠲᠠ᠎ᠶᠢᠨ ᠮᠡᠳᠡᠭᠦᠯᠦᠯᠲᠡ᠎ᠶᠢᠨ ᠪᠢᠴᠢᠭ》᠎ᠢ ᠭᠠᠷᠭᠠᠵᠤ᠂ ᠪᠥᠬᠥ ᠪᠥᠮᠪᠥᠷᠴᠡᠭ᠎ᠦᠨ ᠡᠪᠡᠰᠦᠨ ᠦᠷ᠎ᠡ᠎ᠶᠢᠨ ᠦᠢᠯᠡᠰ᠎ᠤᠨ ᠮᠡᠷᠭᠡᠵᠢᠯ᠎ᠦᠨ ᠪᠠᠢᠷᠢᠰᠢᠭᠤᠯᠤᠯᠲᠠ ᠪᠠ ᠥᠷᠢᠰᠦᠯᠳᠦᠭᠡᠨ᠎ᠦ ᠪᠠᠢᠳᠠᠯ᠎ᠢ ᠰᠢᠰᠲᠧᠮ᠎ᠲᠠᠢ ᠡᠮᠬᠢᠯᠡᠨ ᠳᠢᠭᠯᠡᠵᠦ᠂ ᠪᠥᠬᠥ ᠬᠡᠯᠬᠢᠶᠡᠨ᠎ᠦ ᠭᠦᠨᠵᠡᠭᠡᠢ ᠵᠠᠳᠠᠯᠤᠭᠰᠠᠨ ᠵᠠᠮᠴᠢᠯᠠᠭ᠍ᠴᠢ ᠦᠷ᠎ᠡ ᠪᠦᠲᠦᠭᠡᠯ᠎ᠢ ᠪᠣᠶ ᠪᠣᠯᠭᠠᠪᠠ᠃
ᠬᠣᠶᠠᠷ᠎ᠲᠤ 《ᠭᠠᠯᠠᠭᠤᠨ ᠴᠤᠪᠤᠭ᠎ᠠ ᠦᠢᠯᠡᠴᠢᠯᠡᠭᠡᠨ᠎ᠦ ᠠᠩᠭᠢ》᠎ᠶᠢ ᠨᠢᠭᠡᠳᠦᠭᠡᠷ ᠹᠷᠣᠨᠲ᠎ᠲᠤ ᠣᠴᠢᠭᠤᠯᠵᠤ᠂ ᠲᠤᠰᠬᠠᠢ ᠠᠰᠢᠭ᠎ᠢ ᠤᠷᠢᠳᠴᠢᠯᠠᠨ ᠬᠢᠨᠠᠬᠤ ᠦᠢᠯᠡᠴᠢᠯᠡᠭᠡ᠎ᠪᠡᠨ ᠭᠦᠨᠵᠡᠭᠡᠢᠷᠡᠭᠦᠯᠪᠡ᠃ ᠲᠤᠰᠬᠠᠢ ᠠᠰᠢᠭ᠎ᠢ ᠤᠷᠢᠳᠴᠢᠯᠠᠨ ᠬᠢᠨᠠᠬᠤ ᠦᠢᠯᠡᠴᠢᠯᠡᠭᠡ᠎ᠪᠡᠨ ᠠᠵᠤ ᠠᠬᠤᠢᠯᠠᠯ᠎ᠤᠨ ᠲᠤᠰᠬᠠᠢ ᠠᠰᠢᠭ᠋᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠭᠦᠨᠵᠡᠭᠡᠢ ᠰᠢᠭᠢᠳᠬᠡᠨ ᠣᠷᠣᠭᠤᠯᠵᠤ᠂ ᠲᠤᠰᠬᠠᠢ ᠠᠰᠢᠭ᠋ ᠭᠤᠶᠤᠴᠢᠯᠠᠬᠤ ᠡᠯ᠎ᠡ ᠵᠠᠩᠭᠢᠯᠠᠭ᠎ᠠ᠎ᠶᠢᠨ ᠭᠣᠭᠴᠣᠭᠠᠨᠤ ᠲᠣᠭᠣᠷᠢᠨ᠎ᠳᠤ ᠠᠬᠤᠢ ᠲᠠᠯᠠᠪᠠᠢ᠎ᠶᠢᠨ ᠵᠢᠭᠠᠨ ᠵᠢᠯᠣᠭᠣᠳᠬᠤ᠎ᠶᠢ ᠥᠷᠨᠢᠭᠦᠯᠵᠦ᠂ ᠲᠤᠭᠤᠷᠪᠢᠨ ᠪᠢᠴᠢᠬᠦ ᠪᠠᠷᠢᠮᠵᠢᠶ᠎ᠠ ᠪᠠ ᠨᠠᠷᠢᠨ ᠵᠦᠢᠯᠡᠰ᠎ᠢ ᠵᠢᠷᠤᠮᠵᠢᠭᠤᠯᠤᠨ᠂ ᠲᠤᠰᠬᠠᠢ ᠠᠰᠢᠭ᠋ ᠭᠤᠶᠤᠴᠢᠯᠠᠬᠤ ᠠᠷᠭ᠎ᠠ ᠪᠣᠳᠣᠯᠭ᠎ᠠ᠎ᠶᠢ ᠰᠢᠯᠢᠳᠡᠭᠵᠢᠭᠦᠯᠵᠦ᠂ ᠪᠥᠬᠥ ᠴᠤᠪᠤᠷᠠᠯ᠎ᠤᠨ ᠦᠢᠯᠡᠴᠢᠯᠡᠭᠡ᠎ᠶᠢ ᠪᠦᠷᠢᠯᠳᠦᠭᠦᠯᠵᠡᠢ᠃ ᠲᠤᠰᠬᠠᠢ ᠠᠰᠢᠭ᠋᠎ᠤᠨ ᠤᠷᠢᠳᠴᠢᠯᠠᠨ ᠰᠢᠭᠦᠭᠴᠢ᠎ᠶᠢᠨ ᠦᠢᠯᠡᠳᠦᠯᠭᠡ᠎ᠶᠢᠨ ᠰᠠᠭᠤᠷᠢᠨ᠎ᠳᠤ ᠲᠦᠰᠢᠭᠯᠡᠨ᠂ 《ᠭᠠᠯᠠᠭᠤᠨ ᠴᠤᠪᠤᠭ᠎ᠠ ᠦᠢᠯᠡᠴᠢᠯᠡᠭᠡᠨ᠎ᠦ ᠠᠩᠭᠢ》᠎ᠶᠢ ᠵᠣᠬᠢᠶᠠᠨ ᠪᠠᠢᠭᠤᠯᠵᠤ᠂ ᠮᠧᠩ ᠼᠤᠤ ᠪᠦᠯᠦᠭᠯᠡᠯ᠎ᠦᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠴᠢᠭᠯᠡᠯᠲᠦ ᠴᠢᠨᠠᠷᠲᠠᠢ ᠮᠡᠷᠭᠡᠵᠢᠯ ᠰᠠᠢᠵᠢᠷᠠᠭᠤᠯᠬᠤ ᠰᠡᠳᠬᠢᠮᠵᠢ᠎ᠶᠢ ᠠᠭᠤᠳᠠᠯᠤᠨ ᠰᠢᠨ᠎ᠡ᠎ᠶᠢ ᠡᠭᠦᠳᠬᠦ 5 ᠴᠡᠭ᠎ᠢ ᠳᠤᠷᠠᠳᠤᠨ ᠭᠠᠷᠭᠠᠵᠤ᠂ ᠮᠡᠷᠭᠡᠵᠢᠯ ᠬᠢᠭᠡᠳ ᠲᠤᠰᠬᠠᠢ ᠠᠰᠢᠭ᠋᠎ᠤᠨ ᠠᠰᠠᠭᠤᠳᠠᠯ᠎ᠢ 10 ᠤᠳᠠᠭ᠎ᠠ ᠰᠢᠢᠳᠪᠦᠷᠢᠯᠡᠨ᠂ ᠠᠵᠤ ᠠᠬᠤᠢᠯᠠᠯ᠎ᠢ ᠬᠠᠪᠰᠤᠷᠴᠤ ᠦᠢᠯᠡᠳᠬᠦᠨ ᠰᠤᠳᠤᠯᠤᠨ ᠨᠡᠭᠡᠭᠡᠬᠦ ᠴᠢᠭᠯᠡᠯ᠎ᠢ ᠨᠢ ᠬᠠᠷᠭᠤᠭᠤᠯᠵᠤ᠂ ᠲᠤᠰᠬᠠᠢ ᠠᠰᠢᠭ᠋᠎ᠤᠨ ᠪᠠᠢᠷᠢᠰᠢᠭᠤᠯᠤᠯᠲᠠ᠎ᠶᠢ ᠨᠢ ᠲᠡᠭᠦᠯᠳᠡᠷᠵᠢᠭᠦᠯᠦᠭᠰᠡᠨ ᠪᠥᠭᠡᠳ ᠰᠢᠷᠢᠰ ᠭᠤᠶᠤᠴᠢᠯᠠᠯ᠎ᠳᠤ ᠴᠢᠭᠯᠡᠭᠦᠯᠦᠨ ᠪᠥᠭᠡᠮ᠎ᠢᠶᠡᠷ ᠤᠷᠢᠳᠴᠢᠯᠠᠨ ᠬᠢᠨᠠᠬᠤ ᠦᠢᠯᠡᠴᠢᠯᠡᠭᠡ ᠬᠠᠩᠭᠠᠵᠠᠢ᠂ 《ᠭᠠᠯᠠᠭᠤᠨ ᠴᠤᠪᠤᠭ᠎ᠠ ᠦᠢᠯᠡᠴᠢᠯᠡᠭᠡᠨ᠎ᠦ ᠠᠩᠭᠢ》᠎ᠶᠢᠨ ᠭᠣᠣᠯᠳᠠᠯᠭ᠎ᠠ᠎ᠲᠠᠢ ᠦᠢᠯᠡᠴᠢᠯᠡᠬᠦ᠎ᠪᠡᠷ ᠳᠠᠮᠵᠢᠨ 5 ᠪᠦᠯᠦᠭ 25 ᠵᠦᠢᠯ᠎ᠦᠨ ᠤᠷᠢᠳᠴᠢᠯᠠᠨ ᠬᠢᠨᠠᠬᠤ ᠬᠡᠷᠡᠭ᠎ᠲᠦ 100%᠎ᠪᠠᠷ ᠡᠷᠬᠡ ᠣᠯᠭᠣᠬᠤ᠎ᠶᠢ ᠪᠡᠶᠡᠯᠡᠭᠦᠯᠪᠡ ᠃
ᠰᠢᠨ᠎ᠡ᠎ᠶᠢ ᠡᠭᠦᠳᠦᠭᠰᠡᠨ ᠠᠴᠢ ᠬᠣᠯᠪᠣᠭᠳᠠᠯ᠄ ᠨᠢᠭᠡ᠎ᠳᠦ ᠰᠢᠨ᠎ᠡ᠎ᠶᠢ ᠡᠭᠦᠳᠬᠦ ᠭᠣᠣᠯᠳᠠᠯᠭ᠎ᠠ ᠲᠠᠢ ᠭᠣᠣᠯ ᠴᠣᠭᠴᠠ᠎ᠳᠤ ᠦᠢᠯᠡᠴᠢᠯᠡᠵᠦ᠂ ᠬᠥᠲᠥᠴᠢ ᠠᠵᠤ ᠠᠬᠤᠢᠯᠠᠯ᠎ᠤᠨ ᠳᠠᠢᠴᠢᠯᠠᠬᠤ ᠦᠢᠯᠡᠳᠦᠯ᠎ᠢ ᠪᠠᠳᠠᠷᠠᠭᠤᠯᠪᠠ᠃ ᠬᠥᠲᠥᠴᠢ ᠠᠵᠤ ᠠᠬᠤᠢᠯᠠᠯ ᠪᠣᠯᠬᠤ ᠮᠧᠩ ᠼᠤᠤ ᠪᠦᠯᠦᠭᠯᠡᠯ ᠨᠢ ᠲᠤᠰᠬᠠᠢ ᠠᠰᠢᠭ᠋᠎ᠤᠨ ᠵᠠᠮᠴᠢᠯᠠᠭ᠍ᠴᠢ᠎ᠪᠠᠷ ᠰᠠᠭᠤᠷᠢ ᠪᠣᠯᠭᠠᠵᠤ᠂ ᠤᠯᠤᠰ᠎ᠤᠨ ᠲᠠᠰ᠎ᠤᠨ ᠡᠪᠡᠰᠦᠨ᠎ᠦ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢ ᠲᠦᠷᠦᠭᠦᠯᠡᠨ ᠪᠡᠯᠡᠳᠬᠡᠨ ᠪᠠᠢᠭᠤᠯᠵᠤ᠂ ᠤᠯᠤᠰ᠎ᠤᠨ ᠡᠪᠡᠰᠦᠨ᠎ᠦ ᠦᠢᠯᠡᠰ᠎ᠦᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠡᠵᠡᠩᠨᠡᠯᠲᠡ᠎ᠶᠢᠨ ᠲᠥᠪ᠎ᠢ ᠪᠦᠲᠦᠭᠡᠨ ᠪᠠᠢᠭᠤᠯᠵᠤ᠂ ᠤᠯᠤᠰ᠎ᠤᠨ ᠡᠪᠡᠰᠦᠨ᠎ᠦ ᠦᠢᠯᠡᠰ᠎ᠦᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠣᠮᠣ ᠳ᠋ᠠᠢᠲ᠋ᠠ᠎ᠶᠢᠨ ᠲᠠᠪᠴᠠᠩ᠎ᠢ ᠪᠠᠢᠭᠤᠯᠪᠠ᠃ ᠭᠣᠣᠯᠯᠠᠭ᠍ᠴᠢ ᠮᠡᠷᠭᠡᠵᠢᠯ᠎ᠦᠨ ᠲᠤᠰᠬᠠᠢ ᠠᠰᠢᠭ᠋᠎ᠤᠨ ᠪᠠᠢᠷᠢᠰᠢᠭᠤᠯᠤᠯᠲᠠ᠎ᠶᠢ 332 ᠬᠤᠪᠢ ᠪᠡᠶᠡᠯᠡᠭᠦᠯᠵᠡᠢ᠂ ᠡᠭᠦᠨ᠎ᠳᠦ ᠡᠭᠦᠳᠦᠯᠲᠡ᠎ᠶᠢᠨ ᠵᠦᠢᠯ 103 ᠬᠤᠪᠢ ᠪᠠᠢᠵᠤ᠂ 37 ᠵᠦᠢᠯ᠎ᠦᠨ ᠮᠡᠷᠭᠡᠵᠢᠯ᠎ᠢ ᠤᠯᠠᠷᠢᠭᠤᠯᠬᠤ᠎ᠪᠠᠨ ᠪᠡᠶᠡᠯᠡᠭᠦᠯᠦᠭᠰᠡᠨ ᠪᠠᠢᠨ᠎ᠠ᠃ ᠬᠣᠷᠢᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠲᠤᠰᠬᠠᠢ ᠠᠰᠢᠭ᠋᠎ᠤᠨ ᠱᠠᠩᠨᠠᠯ᠎ᠤᠨ ᠰᠢᠯᠢᠳᠡᠭ ᠱᠠᠩᠨᠠᠯ᠂ ᠨᠢᠭᠡᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠋᠎ᠤᠨ ᠱᠠᠩᠨᠠᠯ᠎ᠤᠨ ᠮᠥᠩᠭᠥᠨ ᠮᠸᠳᠠᠯᠢ ᠭᠥᠷᠳᠡᠵᠦ᠂ ᠤᠯᠤᠰ᠎ᠤᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠣᠪᠴᠢᠶ᠎ᠠ ᠠ᠋ᠴᠠ 《ᠤᠯᠤᠰ᠎ᠤᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠵᠢᠱ᠌ᠢᠶ᠎ᠡ ᠦᠵᠡᠭᠦᠯᠬᠦ ᠠᠵᠤ ᠠᠬᠤᠢᠯᠠᠯ》᠎ᠢᠶᠡᠷ ᠦᠨᠡᠯᠡᠭᠳᠡᠪᠡ᠃
ᠬᠣᠶᠠᠷ᠎ᠲᠤ ᠦᠷ᠎ᠡ ᠪᠦᠲᠦᠭᠡᠯ᠎ᠤᠨ ᠤᠯᠠᠷᠢᠭᠤᠯᠤᠨ ᠬᠡᠷᠡᠭᠯᠡᠬᠦ᠎ᠶᠢ ᠴᠢᠩᠭᠠᠳᠬᠠᠵᠤ᠂ ᠠᠵᠤ ᠠᠬᠤᠢ᠎ᠶᠢᠨ ᠦᠷ᠎ᠡ ᠠᠰᠢᠭ᠋᠎ᠤᠨ ᠨᠡᠮᠡᠭᠳᠡᠯ᠎ᠳᠦ ᠬᠦᠴᠦ ᠨᠡᠮᠡᠷᠢᠯᠡᠪᠡ᠃ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠡᠭᠦᠳᠦᠯᠲᠡ᠎ᠶᠢ ᠴᠢᠩᠭᠠᠳᠬᠠᠬᠤ᠎ᠪᠠᠷ ᠳᠠᠮᠵᠢᠭᠤᠯᠤᠨ᠂ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠡᠵᠡᠩᠨᠡᠯᠲᠡ᠎ᠶᠢ ᠠᠬᠢᠭᠤᠯᠤᠨ᠂ ᠡᠪᠡᠰᠦᠨ ᠦᠷ᠎ᠡ᠎ᠶᠢᠨ ᠠᠵᠤ ᠦᠢᠯᠡᠰ᠎ᠦᠨ ᠠᠵᠤ ᠠᠬᠤᠢ᠎ᠶᠢᠨ ᠦᠷ᠎ᠡ ᠠᠰᠢᠭ᠋᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢ ᠠᠬᠢᠭᠤᠯᠵᠠᠢ᠂ ᠡᠭᠦᠨ᠎ᠳᠦ ᠮᠧᠩ ᠼᠤᠤ ᠪᠦᠯᠦᠭᠯᠡᠯ ᠤᠷᠢᠳᠴᠢᠯᠠᠨ ᠬᠢᠨᠠᠬᠤ ᠦᠢᠯᠡᠴᠢᠯᠡᠭᠡ᠎ᠪᠡᠷ ᠳᠠᠮᠵᠢᠭᠤᠯᠤᠨ 22 ᠬᠤᠪᠢ ᠲᠤᠰᠬᠠᠢ ᠠᠰᠢᠭ᠋᠎ᠤᠨ ᠡᠷᠬᠡ ᠣᠯᠵᠤ᠂ 40 ᠭᠠᠷᠤᠢ 《ᠤᠮᠠᠷᠠᠲᠤ᠎ᠶᠢᠨ ᠭᠤᠷᠪᠠᠨ ᠣᠷᠣᠨ》᠎ᠤ ᠪᠣᠭᠣᠮᠲᠠ ᠰᠢᠪᠲᠤᠯᠬᠤ ᠬᠠᠮᠢᠶ᠎ᠠ ᠪᠦᠬᠦᠢ ᠵᠠᠰᠠᠯᠲᠠ᠎ᠶᠢᠨ ᠲᠥᠷᠥᠯ ᠵᠦᠢᠯ᠎ᠳᠦ ᠬᠦᠴᠦᠨ ᠨᠡᠮᠡᠷᠢᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠯᠡᠯ᠎ᠦᠨ ᠡᠷᠬᠡ᠎ᠶᠢᠨ ᠲᠣᠪᠴᠢᠶ᠎ᠠ ᠨᠢ ᠬᠡᠪᠯᠡᠯ᠎ᠦᠨ ᠡᠷᠬᠡ᠎ᠶᠢ ᠬᠠᠮᠠᠭᠠᠯᠠᠵᠤ ᠠᠷᠠᠳ᠎ᠤᠨ ᠤᠳᠬ᠎ᠠ ᠤᠷᠠᠯᠢᠭ᠋᠎ᠤᠨ ᠤᠯᠠᠮᠵᠢᠯᠠᠯ ᠪᠠ ᠬᠥᠭᠵᠢᠯᠲᠡ᠎ᠶᠢ ᠡᠷᠴᠢᠮᠯᠡᠪᠡ
ᠭᠣᠣᠯ ᠠᠷᠭ᠎ᠠ᠄ 2022 ᠣᠨ᠎ᠳᠤ᠂ ᠲᠥᠪ᠎ᠦᠨ ᠤᠬᠠᠭᠤᠯᠬᠤ ᠬᠡᠯᠲᠡᠰ᠎ᠦᠨ ᠬᠡᠪᠯᠡᠯ᠎ᠦᠨ ᠡᠷᠬᠡ᠎ᠶᠢᠨ ᠬᠠᠮᠢᠶᠠᠷᠤᠯᠲᠠ᠎ᠶᠢᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠨᠢᠭᠡᠳᠦᠭᠡᠷ ᠪᠦᠯᠦᠭᠲᠡᠬᠢ ᠠᠷᠠᠳ᠎ᠤᠨ ᠤᠳᠬ᠎ᠠ ᠤᠷᠠᠯᠢᠭ᠋᠎ᠤᠨ ᠬᠡᠪᠯᠡᠯ᠎ᠦᠨ ᠡᠷᠬᠡ᠎ᠶᠢ ᠬᠠᠮᠠᠭᠠᠯᠠᠬᠤ ᠲᠤᠷᠰᠢᠯᠲᠠ᠎ᠶᠢᠨ ᠴᠡᠭ᠎ᠢᠶᠡᠷ ᠲᠣᠭᠲᠠᠭᠠᠪᠠ᠃ ᠲᠤᠷᠰᠢᠯᠲᠠ᠎ᠶᠢᠨ ᠴᠡᠭ᠎ᠦᠨ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠯᠡᠯ᠎ᠦᠨ ᠡᠷᠬᠡ᠎ᠶᠢᠨ ᠲᠣᠪᠴᠢᠶ᠎ᠠ ᠠᠷᠠᠳ᠎ᠤᠨ ᠤᠳᠬ᠎ᠠ ᠤᠷᠠᠯᠢᠭ᠋᠎ᠤᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠬᠦᠴᠢᠷᠳᠡᠯ᠂ ᠡᠪᠡᠷᠰᠢᠶᠡᠯ᠎ᠢ ᠪᠦᠲᠦᠮᠵᠢᠲᠡᠶ ᠰᠢᠢᠳᠪᠦᠷᠢᠯᠡᠬᠦ᠎ᠳᠦ ᠰᠠᠭᠤᠷᠢᠯᠠᠵᠤ᠂ ᠳᠠᠩᠰᠠᠯᠠᠵᠤ ᠡᠷᠬᠡ᠎ᠶᠢ ᠨᠤᠲᠠᠯᠠᠨ ᠬᠠᠮᠠᠭᠠᠯᠠᠬᠤ᠂ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠬᠠᠤᠯᠢ ᠲᠣᠭᠲᠠᠭᠠᠨ ᠬᠠᠮᠠᠭᠠᠯᠠᠬᠤ᠎ᠶᠢ ᠬᠠᠢᠨ ᠰᠦᠪᠡᠭᠴᠢᠯᠡᠬᠦ ᠵᠡᠷᠭᠡ ᠲᠠᠯ᠎ᠠ᠎ᠪᠠᠷ ᠢᠳᠡᠪᠬᠢᠲᠡᠢ ᠰᠦᠪᠡᠭᠴᠢᠯᠡᠵᠦ᠂ ᠪᠥᠬᠥ ᠣᠷᠣᠨ᠎ᠤ ᠠᠷᠠᠳ᠎ᠤᠨ ᠤᠳᠬ᠎ᠠ ᠤᠷᠠᠯᠢᠭ᠋᠎ᠤᠨ ᠦᠢᠯᠡᠰ᠎ᠦᠨ ᠬᠥᠭᠵᠢᠯᠲᠡ᠎ᠳᠦ ᠦᠨᠡᠨ ᠬᠦ᠌ ᠦᠢᠯᠡᠴᠢᠯᠡᠨ᠂ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠪᠠᠷ ᠤᠳᠬ᠎ᠠ ᠤᠷᠠᠯᠢᠭ᠋᠎ᠤᠨ ᠰᠢᠨ᠎ᠡ ᠡᠭᠦᠳᠦᠯᠲᠡ᠎ᠶᠢᠨ ᠥᠷᠲᠡᠭ᠎ᠢᠶᠡᠨ ᠪᠡᠶᠡᠯᠡᠭᠦᠯᠬᠦ ᠵᠣᠬᠢᠶᠠᠭ᠍ᠴᠢ ᠪᠠ ᠣᠯᠠᠨ ᠲᠦᠮᠡᠨ᠎ᠦ ᠢᠳᠡᠪᠬᠢᠵᠢᠯ ᠬᠢᠭᠡᠳ ᠰᠠᠨᠠᠭᠠᠴᠢᠯᠠᠭᠠᠲᠤ ᠴᠢᠨᠠᠷ᠎ᠢ ᠬᠥᠭᠵᠢᠭᠡᠵᠦ᠂ ᠲᠥᠪ ᠶᠣᠰᠣ᠌᠎ᠶᠢ ᠰᠠᠬᠢᠵᠤ ᠰᠢᠨ᠎ᠡ᠎ᠶᠢ ᠡᠭᠦᠳᠬᠦ ᠳᠤᠮᠳᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠡᠴᠡᠭᠯᠡᠨ ᠬᠥᠭᠵᠢᠬᠦ᠎ᠶᠢ ᠠᠬᠢᠭᠤᠯᠪᠠ᠃
ᠨᠢᠭᠡ᠎ᠳᠦ᠂ ᠬᠡᠪᠯᠡᠯ᠎ᠦᠨ ᠡᠷᠬᠡ᠎ᠶᠢ ᠬᠠᠮᠠᠭᠠᠯᠠᠬᠤ ᠨᠡᠢᠯᠡᠯ ᠬᠦᠴᠦᠨ᠎ᠢ ᠨᠢᠭᠲᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠵᠦ᠂ ᠭᠠᠷᠠᠭ ᠪᠣᠯᠭᠠᠨ ᠲᠣᠬᠢᠷᠠᠭᠤᠯᠬᠤ᠂ ᠰᠠᠷ᠎ᠠ ᠪᠣᠯᠭᠠᠨ ᠮᠡᠳᠡᠭᠳᠡᠬᠦ ᠠᠷᠭ᠎ᠠ᠎ᠪᠠᠷ ᠲᠤᠷᠰᠢᠯᠲᠠ᠎ᠶᠢᠨ ᠴᠡᠭ᠎ᠦᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠤᠨ ᠨᠡᠮᠡᠭᠳᠡᠯ᠎ᠢ ᠠᠬᠢᠭᠤᠯᠪᠠ᠃ ᠡᠯ᠎ᠡ ᠨᠢᠭᠡᠴᠢ ᠬᠣᠯᠪᠣᠭᠠᠯᠠᠨ ᠬᠠᠮᠵᠢᠯᠴᠠᠵᠤ᠂ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠣᠪᠴᠢᠶ᠎ᠠ 《ᠠᠷᠠᠳ᠎ᠤᠨ ᠤᠷᠠᠯᠢᠭ᠋᠎ᠤᠨ ᠬᠡᠪᠯᠡᠯ᠎ᠦᠨ ᠡᠷᠬᠡ᠎ᠶᠢ ᠬᠠᠮᠠᠭᠠᠯᠠᠬᠤ ᠪᠠ ᠥᠨᠳᠥᠷ ᠥᠷᠲᠡᠭ᠎ᠢᠶᠡᠷ ᠤᠯᠠᠷᠢᠭᠤᠯᠬᠤ》᠎ᠶᠢ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠳᠦ ᠣᠷᠣᠭᠤᠯᠵᠤ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠂ ᠷᠠᠳᠢᠣ᠋ ᠲᠧᠯᠸᠢᠰ ᠬᠣᠷᠢᠶ᠎ᠠ᠎ᠳᠤ ᠠᠷᠠᠳ᠎ᠤᠨ ᠤᠳᠬ᠎ᠠ ᠤᠷᠠᠯᠢᠭ᠋᠎ᠤᠨ ᠬᠡᠪᠯᠡᠯ᠎ᠦᠨ ᠡᠷᠬᠡ᠎ᠶᠢᠨ ᠠᠵᠢᠯ᠎ᠤᠨ ᠥᠷᠲᠡᠭᠡ ᠲᠣᠬᠢᠷᠠᠭᠤᠯᠪᠠ᠃ ᠠᠢᠮᠠᠭ ᠬᠣᠲᠠ᠎ᠨᠤᠭᠤᠳ ᠡᠬᠢ ᠪᠠᠶᠠᠯᠢᠭ᠋᠎ᠤᠨ ᠪᠠᠢᠴᠠᠭᠠᠨ ᠰᠤᠳᠤᠯᠤᠯᠲᠠ ᠥᠷᠨᠢᠭᠦᠯᠵᠦ᠂ 《ᠨᠢᠭᠡ ᠬᠣᠲᠠ᠎ᠳᠤ ᠨᠢᠭᠡ ᠪᠣᠳᠣᠯᠭ᠎ᠠ》 ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠯᠤᠭ᠎ᠠ ᠬᠣᠯᠪᠤᠭᠠᠯᠠᠨ ᠬᠥᠳᠡᠯᠦᠯᠴᠡᠵᠦ ᠪᠠᠢᠭᠠᠳ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠪᠡ᠃
ᠬᠣᠶᠠᠷ᠎ᠲᠤ᠂ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠤᠬᠠᠮᠰᠠᠷ᠎ᠢ ᠴᠢᠩᠭᠠᠳᠬᠠᠪᠠ᠃ ᠰᠦᠯᠵᠢᠶᠡᠨ ᠭᠠᠳᠠᠭᠤᠷ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠭᠣᠣᠯ ᠰᠡᠳᠦᠪᠲᠦ ᠦᠵᠡᠭᠦᠯᠭᠡ᠎ᠶᠢᠨ ᠠᠵᠢᠯᠯᠠᠭ᠎ᠠ ᠡᠷᠬᠢᠯᠡᠵᠦ᠂ ᠰᠦᠯᠵᠢᠶᠡᠨ ᠳᠡᠭᠡᠷ᠎ᠡ ᠰᠠᠷ᠎ᠠ ᠪᠣᠯᠭᠠᠨ ᠠᠷᠠᠳ᠎ᠤᠨ ᠤᠳᠬ᠎ᠠ ᠤᠷᠠᠯᠢᠭ᠋᠎ᠤᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠲᠤᠰᠬᠠᠢ ᠪᠤᠯᠤᠩ ᠭᠠᠷᠭᠠᠭᠰᠠᠨ ᠪᠥᠭᠡᠳ 《ᠡᠭᠦᠯᠡᠨ ᠦᠵᠡᠭᠦᠯᠭᠡ᠎ᠶᠢᠨ ᠲᠠᠩᠬᠢᠮ》 ᠪᠠᠢᠭᠤᠯᠤᠭᠠᠳ ᠤᠬᠠᠭᠤᠯᠭ᠎ᠠ᠎ᠶᠢᠨ ᠪᠦᠲᠦᠮᠵᠢ᠎ᠶᠢ ᠨᠡᠮᠡᠭᠳᠡᠭᠦᠯᠪᠡ᠃ ᠰᠠᠢᠨ ᠳᠤᠷ᠎ᠠ᠎ᠶᠢᠨ ᠡᠩᠨᠡᠭᠡ᠎ᠶᠢ ᠵᠣᠬᠢᠶᠠᠨ ᠪᠠᠢᠭᠤᠯᠵᠤ᠂ ᠬᠡᠪᠯᠡᠯ᠎ᠦᠨ ᠡᠷᠬᠡ᠎ᠶᠢᠨ 《ᠵᠢᠷᠭᠤᠭ᠎ᠠ᠎ᠶᠢ ᠣᠷᠣᠭᠤᠯᠬᠤ》᠎ᠶᠢ ᠪᠠᠢᠩᠭᠤᠰᠢᠭᠤᠯᠤᠨ ᠥᠷᠨᠢᠭᠦᠯᠵᠦ᠂ ᠠᠷᠠᠳ᠎ᠤᠨ ᠤᠳᠬ᠎ᠠ ᠤᠷᠠᠯᠢᠭ᠋᠎ᠤᠨ ᠬᠠᠮᠢᠶ᠎ᠠ ᠪᠦᠬᠦᠢ 2 ᠠᠵᠤ ᠠᠬᠤᠢᠯᠠᠯ᠎ᠢ ᠪᠣᠢᠵᠢᠭᠤᠯᠤᠭᠠᠳ ᠪᠦᠬᠦ ᠤᠯᠤᠰ᠎ᠤᠨ ᠬᠡᠪᠯᠡᠯ᠎ᠦᠨ ᠡᠷᠬᠡ᠎ᠶᠢᠨ ᠵᠢᠱ᠌ᠢᠶ᠎ᠡ ᠦᠵᠡᠭᠦᠯᠬᠦ ᠨᠢᠭᠡᠴᠢ ᠪᠣᠯᠭᠠᠪᠠ᠃ ᠪᠥᠬᠥ ᠣᠷᠣᠨ᠎ᠳᠤ ᠦᠨᠳᠦᠰᠦᠨ ᠱᠠᠲᠤᠨ᠎ᠤ ᠬᠡᠪᠯᠡᠯ᠎ᠦᠨ ᠡᠷᠬᠡ᠎ᠶᠢᠨ ᠦᠢᠯᠡᠴᠢᠯᠡᠭᠡᠨ᠎ᠦ ᠠᠵᠢᠯ᠎ᠤᠨ ᠥᠷᠲᠡᠭᠡ᠎ᠶᠢ 156 ᠪᠠᠢᠭᠤᠯᠵᠤ᠂ ᠠᠷᠠᠳ᠎ᠤᠨ ᠤᠳᠬ᠎ᠠ ᠤᠷᠠᠯᠢᠭ᠋᠎ᠤᠨ ᠠᠵᠢᠯᠲᠠᠳ᠎ᠲᠤ ᠦᠢᠯᠡᠴᠢᠯᠡᠬᠦ 《ᠡᠴᠦᠰ᠎ᠦᠨ ᠨᠢᠭᠡ ᠺᠢᠯᠣᠮᠧᠲᠷ》᠎ᠤᠨ ᠠᠰᠠᠭᠤᠳᠠᠯ᠎ᠢ ᠰᠢᠢᠳᠪᠦᠷᠢᠯᠡᠪᠡ᠃
ᠭᠤᠷᠪᠠ᠎ᠳᠤ᠂ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠪᠡ᠃ ᠬᠠᠤᠯᠢ ᠲᠣᠭᠲᠠᠭᠠᠬᠤ ᠲᠤᠰᠬᠠᠢ ᠮᠡᠷᠭᠡᠵᠢᠯᠲᠡᠳ᠎ᠦᠨ ᠳᠤᠭᠤᠢᠯᠠᠩ᠎ᠢ ᠵᠣᠬᠢᠶᠠᠨ ᠪᠠᠢᠭᠤᠯᠵᠤ᠂ 2 ᠡᠭᠡᠯᠵᠢ᠎ᠶᠢᠨ ᠡᠬᠢ ᠪᠠᠶᠠᠯᠢᠭ᠋᠎ᠤᠨ ᠨᠡᠢᠳᠡᠮ ᠪᠠᠢᠴᠠᠭᠠᠯᠲᠠ ᠪᠠ 6 ᠤᠳᠠᠭᠠᠨ᠎ᠤ ᠬᠠᠤᠯᠢ ᠲᠣᠭᠲᠠᠭᠠᠬᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠵᠦ᠂ 《ᠠᠷᠠᠳ᠎ᠤᠨ ᠤᠳᠬ᠎ᠠ ᠤᠷᠠᠯᠢᠭ᠋᠎ᠤᠨ ᠪᠦᠲᠦᠭᠡᠯ᠎ᠦᠨ ᠬᠡᠪᠯᠡᠯ᠎ᠦᠨ ᠡᠷᠬᠡ᠎ᠶᠢ ᠬᠠᠮᠠᠭᠠᠯᠠᠬᠤ ᠪᠠ ᠠᠬᠢᠭᠤᠯᠬᠤ ᠳᠦᠷᠢᠮ (ᠰᠠᠨᠠᠯ ᠬᠤᠷᠢᠶᠠᠭᠰᠠᠨ ᠨᠣᠣᠷᠠᠭ) 》᠎ᠢ ᠲᠤᠭᠤᠷᠪᠢᠪᠠ᠃ 《ᠥᠪᠥᠷ ᠮᠣᠩᠭᠣᠯ᠎ᠤᠨ ᠵᠣᠬᠢᠶᠠᠯ ᠪᠦᠲᠦᠭᠡᠯ᠎ᠦᠨ ᠡᠷᠬᠡ ᠲᠡᠢ ᠪᠦᠲᠦᠭᠡᠯ᠎ᠢ ᠬᠢᠨᠠᠨ ᠬᠠᠷᠭᠤᠭᠤᠯᠵᠤ ᠳᠠᠩᠰᠠᠯᠠᠬᠤ ᠵᠢᠷᠤᠮᠵᠢᠯ》᠎ᠢ ᠲᠣᠭᠲᠠᠭᠠᠵᠤ᠂ ᠨᠡᠶ᠋ᠢᠲᠡ᠎ᠶᠢᠨ ᠥᠮᠴᠢᠯᠡᠯ᠎ᠦᠨ ᠬᠦᠷᠢᠶ᠎ᠡ ᠬᠢᠭᠡᠳ ᠡᠭᠦᠰᠦᠮᠡᠯ ᠪᠦᠲᠦᠭᠡᠯ᠎ᠦᠨ ᠬᠠᠮᠠᠭᠠᠯᠠᠯᠲᠠ᠎ᠶᠢ ᠢᠯᠭᠠᠨ᠂ ᠴᠤᠪᠤᠷᠠᠯ᠎ᠢ ᠰᠢᠯᠢᠳᠡᠭᠵᠢᠭᠦᠯᠵᠦ᠂ 5400 ᠬᠤᠪᠢ ᠠᠷᠠᠳ᠎ᠤᠨ ᠤᠳᠬ᠎ᠠ ᠤᠷᠠᠯᠢᠭ᠋᠎ᠤᠨ ᠪᠦᠲᠦᠭᠡᠯ᠎ᠢ ᠪᠦᠷᠢᠳᠬᠡᠨ ᠬᠠᠮᠠᠭᠠᠯᠠᠪᠠ᠃ ᠣᠯᠠᠨ ᠰᠠᠯᠠᠭ᠎ᠠ ᠮᠥᠴᠢᠷ ᠯᠦ᠍ᠭᠡ ᠬᠣᠯᠪᠣᠭᠠᠯᠠᠭᠠᠳ 《ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠡᠷᠬᠡ ᠠᠰᠢᠭ᠋᠎ᠤᠨ ᠬᠠᠮᠠᠭᠠᠯᠠᠯᠲᠠ᠎ᠶᠢᠨ ᠵᠥᠪᠳᠡᠯᠴᠡᠬᠦ ᠲᠣᠭᠲᠠᠴᠠ》᠎ᠶᠢ ᠲᠣᠭᠲᠠᠭᠠᠵᠤ᠂ 《ᠳᠥᠷᠪᠡ᠎ᠶᠢ ᠨᠢᠭᠡ ᠴᠣᠭᠴᠠᠵᠢᠭᠤᠯᠬᠤ》 ᠣᠯᠠᠨ ᠡᠰᠢᠵᠢᠭᠰᠡᠨ ᠬᠠᠮᠠᠭᠠᠯᠠᠯᠲᠠ᠎ᠶᠢᠨ ᠲᠣᠭᠲᠠᠯᠴᠠᠭ᠎ᠠ᠎ᠶᠢ ᠪᠠᠢᠭᠤᠯᠪᠠ᠃
ᠳᠥᠷᠪᠡ᠎ᠳᠦ᠂ ᠠᠷᠠᠳ᠎ᠤᠨ ᠤᠳᠬ᠎ᠠ ᠤᠷᠠᠯᠢᠭ᠋᠎ᠤᠨ ᠡᠬᠢ ᠪᠠᠶᠠᠯᠢᠭ᠋᠎ᠢ ᠬᠥᠭᠵᠢᠭᠡᠪᠡ᠃ ᠰᠢᠶᠠᠩ ᠪᠠᠯᠭᠠᠰᠤ᠂ ᠲᠣᠰᠬᠣᠨ (ᠭᠠᠴᠠᠭ᠎ᠠ)᠎ᠳᠤ ᠭᠦᠨᠵᠡᠭᠡᠢᠷᠡᠨ᠂ ᠭᠡᠭᠡᠭᠳᠡᠵᠦ ᠣᠷᠬᠢᠭᠳᠠᠬᠤ ᠰᠢᠬᠠᠭᠰᠠᠨ 1 ᠲᠦᠮᠡ ᠭᠠᠷᠤᠢ ᠠᠷᠠᠳ᠎ᠤᠨ ᠳᠠᠭᠤᠤ ᠬᠥᠭᠵᠢᠮ᠎ᠦᠨ ᠪᠦᠲᠦᠭᠡᠯ᠎ᠢ ᠠᠪᠤᠷᠠᠨ ᠬᠠᠮᠠᠭᠠᠯᠠᠵᠤ᠂ ᠤᠷᠲᠤ᠎ᠶᠢᠨ ᠳᠠᠭᠤᠤ᠂ ᠬᠥᠭᠡᠮᠡᠢ ᠵᠡᠷᠭᠡ᠎ᠶᠢ ᠪᠦᠷᠢᠳᠬᠡᠨ ᠳᠠᠩᠰᠠᠯᠠᠪᠠ᠃ ᠬᠠᠳᠬᠤᠮᠠᠯ᠎ᠤᠨ ᠪᠦᠲᠦᠭᠡᠯ᠎ᠦᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠳᠤ ᠲᠤᠷᠰᠢᠯᠲᠠ᠎ᠶᠢᠨ ᠴᠡᠭ ᠭᠠᠷᠭᠠᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠮᠣᠩᠭᠣᠯ ᠦᠨᠳᠦᠰᠦᠲᠡᠨ᠎ᠦ ᠬᠠᠳᠬᠤᠮᠠᠯ᠎ᠤᠨ ᠨᠡᠢᠭᠡᠮᠯᠢᠭ ᠨᠢ 570 ᠭᠠᠷᠤᠢ ᠪᠦᠲᠦᠭᠡᠯ᠎ᠢ ᠳᠠᠩᠰᠠᠯᠠᠭᠤᠯᠵᠤ᠂ 10 ᠭᠠᠷᠤᠢ ᠵᠦᠢᠯ᠎ᠦᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠨᠡᠭᠡᠭᠡᠵᠦ᠂ ᠮᠠᠯᠴᠢᠨ ᠲᠠᠷᠢᠶᠠᠴᠢᠨ᠎ᠤ ᠬᠠᠳᠬᠤᠮᠠᠯ᠎ᠤᠨ ᠠᠵᠢᠯᠴᠢᠳ᠎ᠢ ᠳᠠᠢᠴᠢᠯᠠᠭᠠᠳ ᠵᠢᠯ ᠪᠦᠷᠢ ᠳᠤᠮᠳᠠᠴᠢ᠎ᠪᠠᠷ 3000 ᠲᠥᠭᠥᠷᠢᠭ᠎ᠦᠨ ᠣᠷᠣᠯᠭ᠎ᠠ ᠨᠡᠮᠡᠭᠳᠡᠭᠦᠯᠪᠡ᠃ ᠬᠢᠩᠭᠠᠨ ᠠᠢᠮᠠᠭ᠎ᠤᠨ ᠦᠯᠢᠭᠡᠷ ᠬᠢᠭᠡᠳ ᠲᠧᠩ ᠰᠢᠶᠦ᠋ᠨ ᠳᠠᠭᠤᠤ ᠬᠥᠭᠵᠢᠮ᠂ ᠺᠤᠸᠠᠢ ᠱᠧᠦ ᠣᠯᠠᠨ ᠤᠯᠤᠰ᠎ᠤᠨ ᠬᠡᠪᠯᠡᠯ᠎ᠦᠨ ᠬᠣᠭᠣᠷᠣᠨᠳᠤᠬᠢ ᠬᠠᠮᠲᠤᠷᠠᠯᠴᠠᠭ᠎ᠠ᠎ᠶᠢ ᠠᠬᠢᠭᠤᠯᠵᠤ᠂ ᠲᠧᠩ ᠰᠢᠶᠦ᠋ᠨ ᠳᠠᠭᠤᠤ ᠬᠥᠭᠵᠢᠮ 100 ᠭᠠᠷᠤᠢ ᠳᠠᠩᠰᠠᠯᠠᠭᠤᠯᠤᠭᠰᠠᠨ ᠪᠦᠲᠦᠭᠡᠯ᠎ᠢ ᠨᠢ ᠬᠤᠳᠠᠯᠳᠤᠨ ᠠᠪᠴᠤ᠂ ᠬᠠᠮᠢᠶ᠎ᠠ ᠪᠦᠬᠦᠢ ᠠᠭᠤᠯᠭ᠎ᠠ᠎ᠶᠢ ᠭᠠᠳᠠᠭᠠᠳᠤ᠎ᠶᠢᠨ ᠨᠡᠢᠭᠡᠮ᠎ᠦᠨ ᠬᠠᠷᠢᠯᠴᠠᠭᠠᠨ᠎ᠤ ᠲᠠᠪᠴᠠᠩ᠎ᠢᠶᠠᠷ ᠳᠠᠮᠵᠢᠭᠤᠯᠤᠨ ᠤᠯᠠᠮᠵᠢᠯᠠᠪᠠ᠃
ᠰᠢᠨ᠎ᠡ᠎ᠶᠢ ᠡᠭᠦᠳᠦᠭᠰᠡᠨ ᠠᠴᠢ ᠬᠣᠯᠪᠣᠭᠳᠠᠯ᠄ ᠠᠷᠠᠳ᠎ᠤᠨ ᠤᠳᠬ᠎ᠠ ᠤᠷᠠᠯᠢᠭ᠋᠎ᠤᠨ ᠠᠵᠢᠯᠯᠠᠭᠰᠠᠳ᠎ᠤᠨ ᠪᠦᠲᠦᠭᠡᠯ᠎ᠢᠶᠡᠨ ᠳᠠᠩᠰᠠᠯᠠᠨ ᠲᠡᠮᠳᠡᠭᠯᠡᠭᠦᠯᠬᠦ᠎ᠳᠦ ᠢᠳᠡᠪᠬᠢᠲᠡᠢ ᠣᠷᠣᠯᠴᠠᠬᠤ᠎ᠶᠢ ᠲᠤᠷᠰᠢᠯᠲᠠ᠎ᠶᠢᠨ ᠴᠡᠭ ᠭᠠᠷᠭᠠᠵᠤ ᠪᠠᠢᠭᠠᠳ ᠠᠬᠢᠭᠤᠯᠵᠤ᠂ ᠤᠯᠠᠮᠵᠢᠯᠠᠯᠲᠤ ᠠᠷᠠᠳ᠎ᠤᠨ ᠳᠠᠭᠤᠤ᠂ ᠠᠮᠠᠨ ᠶᠠᠷᠢᠶᠠᠨ᠎ᠤ ᠪᠦᠲᠦᠭᠡᠯ ᠵᠡᠷᠭᠡ ᠶᠡᠬᠡ ᠬᠡᠮᠵᠢᠶᠡᠨ᠎ᠦ ᠭᠡᠭᠡᠭᠳᠡᠵᠦ ᠣᠷᠬᠢᠭᠳᠠᠬᠤ ᠰᠢᠬᠠᠭᠰᠠᠨ ᠠᠷᠠᠳ᠎ᠤᠨ ᠤᠳᠬ᠎ᠠ ᠤᠷᠠᠯᠢᠭ᠋᠎ᠢ ᠬᠠᠮᠠᠭᠠᠯᠠᠪᠠ᠃ ᠠᠷᠠᠳ᠎ᠤᠨ ᠤᠳᠬ᠎ᠠ ᠤᠷᠠᠯᠢᠭ᠋᠎ᠢ ᠠᠭᠤᠳᠠᠯᠬᠤ᠂ ᠤᠯᠠᠮᠵᠢᠯᠠᠬᠤ᠂ ᠠᠰᠢᠭ᠍ᠯᠠᠬᠤ ᠲᠠᠯ᠎ᠠ᠎ᠪᠠᠷ ᠬᠢ ᠠᠵᠢᠯᠯᠠᠭᠰᠠᠳ᠎ᠤᠨ ᠤᠷᠮ᠎ᠠ ᠵᠣᠷᠢᠭ᠋᠎ᠢ ᠨᠢ ᠲᠠᠢ᠍ᠢᠴᠢᠯᠠᠵᠤ᠂ ᠣᠷᠣᠨ ᠪᠦᠰᠡ᠎ᠶᠢᠨ ᠣᠨᠴᠠᠯᠢᠭ᠋ ᠯᠤᠭ᠎ᠠ ᠤᠶᠠᠯᠳᠤᠭᠤᠯᠤᠨ ᠡᠭᠦᠰᠦᠮᠡᠯ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠰᠣᠶᠣᠯ ᠪᠠ ᠬᠤᠳᠠᠯᠳᠤᠭᠠᠨ᠎ᠤ ᠦᠷᠳᠡᠭ᠎ᠢ ᠬᠥᠭᠵᠢᠭᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃ ᠣᠳᠣᠬᠠᠨ᠎ᠳᠤ᠂ ᠬᠥᠬᠡᠬᠣᠲᠠ᠂ ᠬᠥᠯᠥᠨ ᠪᠣᠶ᠋ᠢᠷ ᠵᠡᠷᠭᠡ ᠣᠯᠠᠨ ᠭᠠᠵᠠᠷ᠎ᠤᠨ ᠬᠢᠨ ᠵᠣᠬᠢᠬᠤ ᠠᠵᠤ ᠦᠢᠯᠡᠰ᠎ᠦᠨ ᠬᠡᠪᠴᠢᠶᠡᠵᠢᠯ ᠲᠡᠢ ᠪᠣᠯᠵᠤ᠂ ᠪᠥᠬᠥ ᠤᠯᠤᠰ᠎ᠤᠨ ᠠᠷᠠᠳ᠎ᠤᠨ ᠤᠳᠬ᠎ᠠ ᠤᠷᠠᠯᠢᠭ᠋᠎ᠤᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠬᠠᠤᠯᠢ ᠲᠣᠭᠲᠠᠭᠠᠯᠲᠠ᠎ᠳᠤ ᠦᠢᠯᠡᠳᠦᠯᠭᠡ᠎ᠶᠢᠨ ᠲᠤᠷᠰᠢᠯᠭ᠎ᠠ ᠬᠠᠩᠭᠠᠭᠰᠠᠨ ᠪᠠᠢᠨ᠎ᠠ᠃