11 ᠳ᠋ᠦ᠍ᠭᠡᠷ ᠰᠠᠷ᠎ᠠ᠎ᠶᠢᠨ 25 ᠤ ᠡᠳᠦᠷ᠂ 2025 ᠣᠨ᠎ᠤ ᠥᠪᠥᠷ ᠮᠣᠩᠭᠣᠯ᠎ᠤᠨ ᠣᠨᠴᠠᠯᠢᠭ᠍ᠲᠤ ᠲᠠᠷᠢᠶᠠᠯᠠᠩ᠎ᠤᠨ ᠭᠠᠷᠤᠯᠲᠠ ᠲᠣᠮᠣ᠌ ᠪᠤᠯᠤᠩ᠎ᠤᠨ ᠣᠷᠣᠨ (ᠭᠤᠸᠠᠩᠵᠧᠦ)᠎ᠳᠠᠬᠢ ᠲᠠᠨᠢᠯᠴᠠᠭᠤᠯᠭ᠎ᠠ᠎ᠶᠢᠨ ᠠᠵᠢᠯᠯᠠᠭ᠎ᠠ ᠭᠤᠸᠠᠩᠵᠧᠦ ᠬᠣᠲᠠ᠎ᠳᠤ ᠶᠠᠪᠤᠭᠳᠠᠪᠠ᠃
ᠲᠣᠰ ᠤᠳᠠᠭᠠᠨ᠎ᠤ ᠠᠵᠢᠯᠯᠠᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠧᠨᠵᠧᠨ᠎ᠳᠦ ᠰᠠᠭᠤᠭ᠎ᠠ ᠬᠡᠷᠡᠭ ᠡᠷᠬᠢᠯᠡᠬᠦ ᠭᠠᠵᠠᠷ ᠭᠣᠣᠯᠴᠢᠯᠠᠨ ᠡᠷᠭᠢᠯᠡᠵᠦ᠂ 《ᠥᠪᠥᠷ ᠮᠣᠩᠭᠣᠯ᠎ᠤᠨ ᠦᠢᠯᠡᠳᠬᠦᠨ᠎ᠢ ᠲᠣᠮᠣ᠌ ᠪᠤᠯᠤᠩ᠎ᠳᠤ ᠣᠷᠣᠭᠤᠯᠵᠤ ᠭᠤᠸᠠᠩᠳᠦ᠋ᠩ᠎ᠳᠤ ᠲᠠᠯ᠎ᠠ ᠨᠤᠲᠤᠭ᠎ᠤᠨ ᠬᠢ᠎ᠶᠢ ᠡᠳ᠋ᠯᠡᠭᠦᠯᠬᠦ》᠎ᠪᠡᠷ ᠭᠣᠣᠯ ᠰᠡᠳᠦᠪ ᠪᠣᠯᠭᠠᠪᠠ᠃ ᠠᠵᠢᠯᠯᠠᠭᠠᠨ᠎ᠤ ᠬᠤᠭᠤᠴᠠᠭᠠᠨ᠎ᠳᠤ 《ᠲᠠᠯ᠎ᠠ ᠨᠤᠲᠤᠭ᠎ᠤᠨ ᠮᠡᠨᠳᠦᠴᠢᠯᠡᠯ》 ᠭᠡᠬᠦ ᠭᠣᠣᠯ ᠰᠡᠳᠦᠪᠲᠦ ᠲᠠᠨᠢᠯᠴᠠᠭᠤᠯᠭ᠎ᠠ᠎ᠶᠢᠨ ᠬᠤᠷᠠᠯ ᠵᠢᠴᠢ 《ᠲᠠᠯ᠎ᠠ ᠨᠤᠲᠤᠭ᠎ᠤᠨ ᠴᠤᠭᠯᠠᠭ᠎ᠠ ᠵᠠᠬ᠎ᠠ》 ᠳᠡᠯᠭᠡᠨ ᠪᠣᠷᠤᠯᠠᠭᠤᠯᠭ᠎ᠠ᠎ᠶᠢᠨ ᠴᠤᠭᠯᠠᠭᠠᠨ ᠶᠠᠪᠤᠭᠳᠠᠭᠤᠯᠵᠤ᠂ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠣᠨᠴᠠᠯᠢᠭ᠍ᠲᠤ ᠮᠠᠯ ᠲᠠᠷᠢᠶᠠᠯᠠᠩ᠎ᠤᠨ ᠭᠠᠷᠤᠯᠲᠠ᠎ᠶᠢ ᠳᠡᠯᠭᠡᠨ ᠦᠵᠡᠭᠦᠯᠦᠭᠰᠡᠨ᠎ᠢᠶᠡᠷ ᠦᠯᠦ ᠪᠠᠷᠠᠮ᠂ ᠤᠯᠠᠭᠠᠨᠮᠥ᠋ᠴᠢᠷ᠎ᠦᠨ ᠲᠣᠭᠯᠠᠯᠲᠠ ᠵᠡᠷᠭᠡ ᠭᠢᠯᠪᠠᠭᠠᠨ ᠠᠵᠢᠯᠯᠠᠭ᠎ᠠ ᠵᠣᠬᠢᠶᠠᠨ ᠪᠠᠢᠭᠤᠯᠵᠤ᠂ ᠠᠮᠲᠠ᠎ᠶᠢᠨ ᠰᠡᠷᠡᠯ ᠪᠠ ᠬᠠᠷᠠᠭᠠᠨ ᠰᠡᠷᠡᠯ᠎ᠦᠨ ᠬᠣᠣᠰ ᠳᠠᠢᠯᠠᠯᠭ᠎ᠠ ᠳᠡᠪᠰᠢᠭᠦᠯᠪᠡ᠃
ᠠᠵᠢᠯᠯᠠᠭᠠᠨ᠎ᠤ ᠬᠤᠭᠤᠴᠠᠭᠠᠨ᠎ᠳᠤ᠂ ᠣᠷᠳᠣᠰ ᠬᠣᠲᠠ᠂ ᠤᠯᠠᠭᠠᠨᠬᠠᠳᠠ ᠬᠣᠲᠠ ᠵᠡᠷᠭᠡ ᠬᠠᠮᠢᠶ᠎ᠠ ᠪᠦᠬᠦᠢ ᠠᠢᠮᠠᠭ ᠬᠣᠲᠠ᠎ᠶᠢᠨ ᠬᠢᠨ ᠣᠨᠴᠠᠯᠢᠭ᠍ᠲᠤ ᠮᠠᠯ ᠲᠠᠷᠢᠶᠠᠯᠠᠩ᠎ᠤᠨ ᠭᠠᠷᠤᠯᠲᠠ᠎ᠶᠢ ᠭᠣᠣᠯᠳᠠᠯᠭ᠎ᠠ᠎ᠲᠠᠢ ᠲᠠᠨᠢᠯᠴᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠥᠪᠥᠷ ᠮᠣᠩᠭᠣᠯ》 ᠦᠰᠦᠭᠲᠦ ᠲᠡᠮᠳᠡᠭ᠎ᠦᠨ ᠦᠵᠡᠭᠳᠡᠬᠦᠢᠴᠡ᠂ ᠡᠵᠡᠮᠳᠡᠬᠦᠢᠴᠡ᠂ ᠰᠡᠷᠡᠬᠦᠢᠴᠡ᠂ ᠬᠠᠷᠢᠭᠤᠴᠠᠯᠭ᠎ᠠ ᠨᠡᠬᠡᠮᠵᠢᠯᠡᠬᠦᠢᠴᠡ ᠪᠥᠬᠥ ᠠᠵᠤ ᠦᠢᠯᠡᠰ᠎ᠦᠨ ᠬᠡᠯᠬᠢᠶᠡᠨ᠎ᠦ ᠬᠥᠭᠵᠢᠯᠲᠡ᠎ᠶᠢᠨ ᠬᠡᠪ ᠵᠠᠭᠪᠤᠷ᠎ᠢ ᠲᠠᠨᠢᠯᠴᠠᠭᠤᠯᠪᠠ᠃ ᠠᠵᠢᠯᠯᠠᠭᠠᠨ᠎ᠳᠤ ᠪᠠᠰᠠ ᠠᠬᠤᠢ ᠲᠠᠯᠠᠪᠠᠢ᠎ᠳᠤ ᠭᠡᠷ᠎ᠡ ᠲᠣᠭᠲᠠᠵᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠭᠰᠠᠨ ᠠᠵᠤ ᠠᠬᠤᠢᠯᠠᠯ᠎ᠤᠳ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠬᠤᠳᠠᠯᠳᠤᠨ ᠠᠪᠤᠭᠴᠢᠳ ᠯᠤᠭ᠎ᠠ ᠬᠠᠮᠲᠤᠷᠠᠯᠴᠠᠬᠤ᠎ᠶᠢ ᠠᠬᠢᠭᠤᠯᠵᠤ᠂ 《ᠥᠪᠥᠷ ᠮᠣᠩᠭᠣᠯ᠎ᠤᠨ ᠦᠢᠯᠡᠳᠬᠦᠨ》᠎ᠢ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠳᠤ ᠣᠷᠣᠭᠤᠯᠬᠤ᠎ᠶᠢ ᠲᠦᠷᠭᠡᠳᠬᠡᠨ᠂ ᠲᠣᠮᠣ᠌ ᠪᠤᠯᠤᠩ᠎ᠤᠨ ᠣᠷᠣᠨ᠎ᠤ ᠬᠡᠷᠡᠭᠯᠡᠭᠴᠢᠳ᠎ᠦᠨ ᠬᠣᠭᠣᠯᠠᠨ ᠰᠢᠷᠡᠭᠡ᠎ᠶᠢ ᠨᠢ ᠤᠯᠠᠮ ᠪᠠᠶᠠᠯᠢᠭ᠍ᠵᠢᠭᠤᠯᠪᠠ᠃