ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
《ᠵᠠᠮ᠎ᠢᠶᠠᠷ ᠡᠯᠡᠰᠦ᠎ᠶᠢ ᠵᠠᠰᠠᠬᠤ》᠎ᠶᠢ ᠳᠠᠬᠢᠨᠲᠠ ᠪᠠᠢᠷᠢᠯᠠᠭᠤᠯᠵᠤ  ᠥᠪᠥᠷ ᠮᠣᠩᠭᠣᠯ 2030 ᠣᠨ ᠪᠣᠯᠬᠤ᠎ᠳᠤ 2230 ᠺᠢᠯᠣᠮᠧᠲᠷ ᠎ᠦᠨ ᠡᠯᠡᠰᠦ ᠲᠤᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠰᠢᠨ᠎ᠡ᠎ᠪᠡᠷ ᠥᠭᠡᠷᠡᠴᠢᠯᠡᠨ ᠵᠠᠰᠠᠬᠤ᠎ᠪᠠᠷ ᠪᠣᠢ
ᠨᠡᠶ᠋ᠢᠲᠡᠯᠡᠭᠰᠡᠨ ᠴᠠᠭ᠄ 2025-11-27

11 ᠳ᠋ᠦ᠍ᠭᠡᠷ ᠰᠠᠷ᠎ᠠ᠎ᠶᠢᠨ 24 ᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠬᠣᠯᠪᠣᠭᠠᠯᠠᠭᠠᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠶᠡᠬᠡ ᠲᠣᠬᠣᠢ᠎ᠶᠢᠨ ᠰᠢᠪᠲᠤᠯᠤᠯᠲᠠ᠎ᠶᠢᠨ ᠣᠷᠣᠨ᠂ ᠾᠧᠰᠢ᠎ᠶᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠵᠠᠬ᠎ᠠ᠎ᠶᠢ ᠬᠣᠷᠢᠭ᠍ᠯᠠᠨ ᠴᠣᠬᠢᠬᠤ ᠣᠷᠣᠨ᠎ᠤ 《ᠵᠠᠮ᠎ᠢᠶᠠᠷ ᠡᠯᠡᠰᠦ᠎ᠶᠢ ᠵᠠᠰᠠᠬᠤ》᠎ᠶᠢᠨ ᠬᠡᠷᠡᠭᠵᠢᠭᠦᠯᠬᠦ ᠲᠥᠰᠥᠯ (2025–2030 ᠣᠨ) 》 (ᠳᠣᠷᠣᠭ᠍ᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃

《ᠬᠡᠷᠡᠭᠵᠢᠭᠦᠯᠬᠦ ᠲᠥᠰᠥᠯ》᠎ᠳᠦ ᠳᠤᠷᠠᠳᠤᠭᠰᠠᠨ᠎ᠢᠶᠠᠷ᠂ 2030 ᠣᠨ ᠪᠣᠯᠬᠤ᠎ᠳᠤ᠂ 2230 ᠺᠢᠯᠣᠮᠧᠲᠷ᠎ᠦᠨ ᠡᠯᠡᠰᠦ ᠲᠤᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠰᠢᠨ᠎ᠡ᠎ᠪᠡᠷ ᠥᠭᠡᠷᠡᠴᠢᠯᠡᠨ ᠵᠠᠰᠠᠵᠤ᠂ 153 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ᠎ᠶᠢᠨ ᠵᠠᠰᠠᠯᠲᠠ᠎ᠶᠢ ᠳᠠᠶ᠋ᠢᠴᠢᠯᠠᠵᠤ᠂ 1806 ᠺᠢᠯᠣᠮᠧᠲᠷ᠎ᠦᠨ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ ᠵᠡᠷᠭᠡ᠎ᠪᠡᠷ ᠬᠡᠷᠡᠭᠵᠢᠭᠦᠯᠦᠨ᠂ ᠬᠠᠲᠤᠨ ᠭᠣᠣᠯ᠎ᠤᠨ ᠶᠡᠬᠡ ᠲᠣᠬᠣᠢ᠎ᠶᠢᠨ ᠰᠢᠪᠲᠤᠯᠤᠯᠲᠠ᠎ᠶᠢᠨ ᠣᠷᠣᠨ ᠪᠠ ᠾᠧᠰᠢ᠎ᠶᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠵᠠᠬ᠎ᠠ᠎ᠶᠢ ᠬᠣᠷᠢᠭ᠍ᠯᠠᠨ ᠴᠣᠬᠢᠬᠤ ᠣᠷᠣᠨ᠎ᠤ 《ᠵᠠᠮ᠎ᠢᠶᠠᠷ ᠡᠯᠡᠰᠦ᠎ᠶᠢ ᠴᠢᠳᠦᠷᠯᠡᠬᠦ᠂ ᠵᠠᠮ᠎ᠢᠶᠠᠷ ᠡᠯᠡᠰᠦ᠎ᠶᠢ ᠠᠮᠤᠷᠵᠢᠭᠤᠯᠬᠤ᠂ ᠵᠠᠮ᠎ᠢᠶᠠᠷ ᠲᠠᠷᠢᠶᠠᠯᠠᠭ᠎ᠠ᠎ᠶᠢ ᠬᠠᠮᠠᠭᠠᠯᠠᠬᠤ᠂ ᠵᠠᠮ᠎ᠢᠶᠠᠷ ᠨᠣᠭᠣᠭᠠᠨ ᠡᠨᠧᠷᠭᠢ᠎ᠶᠢ ᠮᠠᠨᠳᠤᠭᠤᠯᠬᠤ》 ᠶᠡᠷᠦᠩᠬᠡᠢ ᠲᠥᠯᠥᠪ ᠪᠠᠢᠳᠠᠯ᠎ᠢ ᠪᠣᠶ ᠪᠣᠯᠭᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠷᠬᠦᠴᠡ᠎ᠶᠢᠨ ᠬᠡᠪᠴᠢᠶ᠎ᠡ ᠬᠢᠭᠡᠳ ᠵᠣᠯᠭᠠᠭᠤᠯᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠵᠠᠮ᠎ᠤᠨ ᠲᠣᠣᠷ᠎ᠤᠨ ᠦᠢᠯᠡᠴᠢᠯᠡᠭᠡᠨ᠎ᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠦᠨ᠎ᠡ᠃

ᠲᠣᠰ ᠤᠳᠠᠭᠠᠨ᠎ᠤ ᠳᠠᠷᠤᠮᠠᠯᠯᠠᠨ ᠶᠠᠪᠤᠭᠤᠯᠤᠭᠰᠠᠨ 《ᠬᠡᠷᠡᠭᠵᠢᠭᠦᠯᠬᠦ ᠲᠥᠰᠥᠯ》 ᠪᠣᠯ ᠬᠣᠷᠴᠢᠨ ᠪᠠ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠢ ᠰᠥᠨᠥᠭᠡᠬᠦ ᠣᠷᠣᠨ᠎ᠤ 《ᠵᠠᠮ᠎ᠢᠶᠠᠷ ᠡᠯᠡᠰᠦ᠎ᠶᠢ ᠵᠠᠰᠠᠭᠰᠠᠨ》 ᠠᠮᠵᠢᠯᠲᠠᠲᠠᠢ ᠦᠢᠯᠡᠳᠦᠯᠭᠡ᠎ᠶᠢᠨ ᠳᠡᠯᠭᠡᠷᠡᠭᠦᠯᠦᠯᠲᠡ ᠪᠣᠯᠣᠨ᠎ᠠ᠃ ᠬᠣᠷᠴᠢᠨ ᠪᠠ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠢ ᠰᠥᠨᠥᠭᠡᠬᠦ ᠣᠷᠣᠨ᠂ ᠬᠠᠳᠤᠨ ᠭᠣᠣᠯ᠎ᠤᠨ ᠶᠡᠬᠡ ᠲᠣᠬᠣᠢ᠎ᠶᠢᠨ ᠰᠢᠪᠲᠤᠯᠤᠯᠲᠠ᠎ᠶᠢᠨ ᠣᠷᠣᠨ᠂ ᠾᠧᠰᠢ᠎ᠶᠢᠨ ᠬᠣᠩᠭᠢᠯ — ᠲᠠᠺᠯᠢᠮᠠᠺᠠᠨ ᠡᠯᠡᠰᠦᠨ ᠴᠦᠯ᠎ᠦᠨ ᠵᠠᠬ᠎ᠠ᠎ᠶᠢ ᠬᠣᠷᠢᠭ᠍ᠯᠠᠨ ᠴᠣᠬᠢᠬᠤ ᠣᠷᠣᠨ᠎ᠤ ᠲᠥᠯᠦᠪᠵᠢᠭᠦᠯᠭᠡ᠎ᠶᠢᠨ ᠲᠦᠷᠦᠯ ᠵᠦᠢᠯ᠎ᠢ ᠪᠠᠢᠭᠤᠯᠤᠭᠰᠠᠨ᠎ᠤ ᠳᠠᠷᠠᠭ᠎ᠠ᠂ ᠮᠠᠨ᠎ᠤ ᠣᠷᠣᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠣᠷᠣᠨ᠎ᠳᠤ ᠨᠡᠢ᠍ᠢᠳᠡ 8593 ᠺᠢᠯᠣᠮᠧᠲ᠋ᠷ᠎ᠦᠨ ᠡᠯᠡᠰᠦ ᠲᠤᠭᠤᠯᠤᠭᠰᠠᠨ ᠵᠠᠰᠠᠮᠠᠯ ᠵᠠᠮ᠎ᠢ ᠪᠠᠢᠭᠤᠯᠵᠤ᠂ 1354 ᠲᠦᠮᠡᠨ ᠮᠦ᠍ ᠡᠯᠡᠰᠦ ᠵᠠᠰᠠᠬᠤ᠎ᠶᠢ ᠳᠠᠢᠴᠢᠯᠠᠬᠤ᠎ᠪᠠᠷ ᠪᠤᠢ᠃

ᠢᠷᠡᠯᠲᠡ᠄    