ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠢ ᠬᠤᠷᠠᠯᠳᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠲᠣᠭ᠍ᠲᠠᠭᠠᠯ
ᠨᠡᠶ᠋ᠢᠲᠡᠯᠡᠭᠰᠡᠨ ᠴᠠᠭ᠄ 2025-11-28

 

(2025 ᠣᠨ᠎ᠤ 11 ᠰᠠᠷ᠎ᠠ᠎ᠶ᠋ᠢᠨ 27᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠣᠷᠢᠨ ᠭᠤᠷᠪᠠᠳᠤᠭᠠᠷ ᠬᠤᠷᠠᠯ᠎ᠡᠴᠡ ᠪᠠᠲᠤᠯᠠᠪᠠ)

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠣᠷᠢᠨ ᠭᠤᠷᠪᠠᠳᠤᠭᠠᠷ ᠬᠤᠷᠠᠯ᠎ᠡᠴᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠢ 2026 ᠣᠨ᠎ᠤ 2 ᠰᠠᠷ᠎ᠠ᠎ᠶ᠋ᠢᠨ ᠡᠬᠢ᠎ᠪᠡᠷ ᠬᠥᠬᠡᠡᠡᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠪᠠ᠃ ᠬᠤᠷᠠᠯ᠎ᠤᠨ ᠰᠠᠨᠠᠭᠤᠯᠭ᠎ᠠ᠎ᠵᠢᠨ ᠵᠥᠪᠯᠡᠬᠦ᠌ ᠵᠦᠶ᠋ᠯᠡᠰ ᠪᠣᠯ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠌ ᠬᠢᠨᠠᠨ ᠵᠥᠪᠯᠡᠨ᠎ᠡ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ᠎ᠢ ᠬᠢᠨᠠᠨ ᠪᠠᠢᠴᠠᠭᠠᠬᠤ ᠪᠠ ᠵᠥᠪᠱᠢᠶᠡᠷᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠦᠢᠴᠡᠳᠭᠡᠭᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ᠎ᠶ᠋ᠢ ᠬᠢᠨᠠᠨ ᠪᠠᠢᠴᠠᠭᠠᠬᠤ ᠪᠠ ᠵᠥᠪᠱᠢᠶᠡᠷᠡᠵᠦ᠍᠂ 2026 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠵᠥᠪᠱᠢᠶᠡᠷᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠪᠠ 2026 ᠣᠨ᠎ᠤ ᠲᠥᠰᠦᠪ᠎ᠦᠨ ᠲᠥᠰᠦᠯ᠎ᠦᠨ ᠲᠤᠬᠠᠶ ᠮᠡᠳᠡᠭᠦᠯᠦᠯᠲᠡ᠎ᠶ᠋ᠢ ᠬᠢᠨᠠᠨ ᠪᠠᠢᠴᠠᠭᠠᠬᠤ ᠪᠠ ᠵᠥᠪᠱᠢᠶᠡᠷᠡᠵᠦ᠍᠂ 2026 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠦᠪ᠎ᠢ ᠵᠥᠪᠱᠢᠶᠡᠷᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ; ᠪᠤᠰᠤᠳ ᠵᠦᠢᠯᠡᠰ᠃

 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ