10 ᠰᠠᠷ᠎ᠠ᠎ᠶᠢᠨ 31 ᠦ ᠡᠳᠦᠷ᠂ ᠪᠥᠬᠥ ᠣᠷᠣᠨ᠎ᠤ ᠠᠵᠤ ᠠᠬᠤᠢ᠎ᠶᠢᠨ ᠪᠠᠢᠳᠠᠯ᠎ᠢ ᠵᠠᠳᠠᠯᠬᠤ ᠬᠤᠷᠠᠯ ᠬᠥᠬᠡᠬᠣᠲᠠ᠎ᠳᠤ ᠬᠤᠷᠠᠯᠳᠤᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠪᠣᠯᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠸ᠋ ᠭᠤᠷᠪᠠᠨ ᠤᠯᠠᠷᠢᠯ᠎ᠤᠨ ᠠᠵᠤ ᠠᠬᠤᠢ᠎ᠶᠢᠨ ᠡᠷᠭᠢᠯᠲᠡ᠎ᠶᠢᠨ ᠪᠠᠢᠳᠠᠯ᠎ᠢ ᠰᠤᠳᠤᠯᠤᠨ ᠵᠠᠳᠠᠯᠵᠤ᠂ ᠲᠠᠷᠠᠭᠠᠴᠢ᠎ᠶᠢᠨ ᠠᠯᠬᠤᠮ᠎ᠤᠨ ᠠᠵᠤ ᠠᠬᠤᠢ᠎ᠶᠢᠨ ᠠᠵᠢᠯ᠎ᠢ ᠪᠠᠢᠷᠢᠯᠠᠭᠤᠯᠤᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠎ᠶᠢᠨ ᠵᠥᠪᠯᠡᠯᠭᠡᠨ᠎ᠦ ᠬᠠᠮᠢᠶ᠎ᠠ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠯᠢᠦ ᠱᠤᠸᠠᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠰᠢᠨ᠂ ᠪᠦᠦ ᠰᠢᠶᠠᠨ ᠬᠤᠸᠠ᠂ ᠴᠧᠨ ᡁᠢ ᠴᠠᠩ᠂ ᠵᠠᠩ ᠱᠤᠤ ᠴᠦᠨ᠂ ᠴᠢ᠊ ᠪᠠᠲᠤ᠂ ᠵᠧᠩ ᠭᠤᠸᠠᠩ ᠵᠤᠤ᠂ ᠳᠠᠢ᠍ᠢᠴᠢᠨ᠂ ᠶᠠᠩ ᠵᠢᠨ᠂ ᠰᠦᠨ ᠵᠢᠶᠦ᠋ᠨ ᠴᠢᠩ᠂ ᠲᠠᠩ ᠢ᠂ ᠠᠨ ᠷᠦᠨ ᠱᠧᠩ᠂ ᠵᠠᠩ ᠪᠠᠢ ᠴᠧᠩ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠬᠤ ᠨᠥᠬᠥᠳ ᠦᠭᠡ ᠬᠡᠯᠡᠵᠦ᠂ ᠠᠢᠮᠠᠭ ᠬᠤᠳᠠ ᠪᠣᠯᠣᠨ ᠬᠣᠯᠪᠣᠭᠳᠠᠯ ᠪᠦᠬᠦᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠳ᠎ᠦᠨ ᠬᠢᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠳᠠᠷᠠᠭᠠᠴᠢ᠎ᠶᠢᠨ ᠠᠯᠬᠤᠮ᠎ᠤᠨ ᠠᠵᠢᠯ᠎ᠤᠨ ᠰᠠᠨᠠᠭᠤᠯᠭ᠎ᠠ᠎ᠪᠠᠨ ᠳᠤᠷᠠᠳᠪᠠ᠃
ᠬᠤᠷᠠᠯ᠎ᠠᠴᠠ᠂ ᠡᠨᠡ ᠵᠢᠯ᠎ᠡᠴᠡ ᠨᠠᠭᠠᠰᠢ᠂ ᠣᠷᠣᠨ ᠳᠠᠶᠠᠭᠠᠷ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠷᠡᠮᠡᠬᠡᠢᠯᠡᠨ ᠲᠡᠮᠡᠴᠡᠵᠦ᠂ ᠳᠠᠷᠤᠯᠲᠠ᠎ᠶᠢ ᠳᠠᠭᠠᠭᠠᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶᠢᠨ ᠡᠷᠭᠢᠯᠲᠡ ᠲᠣᠭᠲᠠᠭᠤᠨ᠎ᠤ ᠳᠤᠮᠳᠠ ᠠᠬᠢᠵᠤ᠂ ᠶᠡᠷᠦᠩᠬᠡᠢ᠎ᠳᠡᠭᠡᠨ ᠲᠣᠭᠲᠠᠭᠤᠨ ᠪᠠᠢᠨ᠎ᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶᠢᠨ ᠬᠥᠭᠵᠢᠯᠲᠡ ᠪᠠᠰᠠ ᠴᠥᠭᠡᠨ ᠪᠤᠰᠤ ᠬᠦᠴᠢᠷᠳᠡᠯ ᠥᠷᠢᠰᠦᠯᠳᠦᠭᠡᠨ᠎ᠳᠦ ᠲᠤᠯᠭᠠᠷᠠᠵᠤ᠂ ᠪᠥᠬᠥ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠎ᠳᠦ ᠮᠥᠨ ᠬᠦ᠌ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ ᠪᠠᠢᠬᠤ᠎ᠶᠢ ᠰᠡᠷᠭᠡᠭ᠎ᠢᠶᠡᠷ ᠣᠯᠵᠤ ᠬᠠᠷᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠣᠳᠣᠬᠠᠨ᠎ᠤ ᠠᠵᠤ ᠠᠬᠤᠢ᠎ᠶᠢᠨ ᠪᠠᠢᠳᠠᠯ᠎ᠳᠤ ᠪᠦᠬᠦ ᠲᠠᠯ᠎ᠠ᠎ᠪᠠᠷ ᠪᠤᠰᠤᠳᠴᠢ᠎ᠪᠠᠷ ᠯᠠᠪᠳᠠᠭᠤᠨ᠎ᠢᠶᠠᠷ ᠬᠠᠨᠳᠤᠵᠤ᠂ ᠡᠨᠡ ᠵᠢᠯ᠎ᠦᠨ ᠡᠴᠦᠰ᠎ᠦᠨ ᠬᠣᠶᠠᠷ ᠰᠠᠷ᠎ᠠ᠎ᠶᠢᠨ ᠴᠠᠭ᠎ᠢ ᠭᠦᠢᠴᠡᠳ ᠰᠠᠢᠲᠤᠷ ᠠᠰᠢᠭᠯᠠᠵᠤ᠂ ᠵᠠᠩᠭᠢᠯᠠᠭ᠎ᠠ᠎ᠶᠢ ᠠᠩᠬᠠᠷᠤᠨ ᠭᠣᠣᠯᠳᠠᠯᠭ᠎ᠠ᠎ᠶᠢ ᠠᠳᠬᠤᠵᠤ᠂ ᠳᠤᠲᠠᠭᠤᠳᠠᠯ᠎ᠢᠶᠠᠨ ᠨᠥᠬᠥᠪᠦᠷᠢᠯᠡᠨ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠠᠯᠤᠰ ᠬᠡᠳᠤ᠎ᠶᠢ ᠪᠣᠳᠣᠯᠬᠢᠯᠠᠨ ᠨᠥᠭᠡᠴᠡ ᠬᠦᠴᠦᠨ᠎ᠢ ᠬᠤᠷᠠᠮᠳᠤᠭᠤᠯᠵᠤ᠂ ᠳᠠᠭᠠᠷᠢᠯᠲᠠ᠎ᠶᠢ ᠠᠷᠭᠠᠴᠠᠭᠠᠬᠤ ᠠᠷᠭ᠎ᠠ᠎ᠶᠢ ᠢᠯᠡᠭᠦᠬᠡᠨ ᠪᠣᠳᠣᠯᠬᠢᠯᠠᠵᠤ᠂ ᠬᠦᠴᠢᠷ᠎ᠢ ᠰᠥᠷᠦᠨ ᠤᠷᠤᠭᠰᠢᠯᠠᠬᠤ ᠠᠵᠢᠯ᠎ᠢ ᠢᠯᠡᠭᠦᠬᠡᠨ ᠬᠢᠵᠦ᠂ ᠪᠦᠬᠦ ᠵᠢᠯ᠎ᠦᠨ ᠬᠠᠷᠠᠯᠲᠠ ᠡᠭᠦᠷᠭᠡ᠎ᠶᠢ ᠪᠠᠲᠤ ᠡᠵᠡᠮᠳᠡᠵᠦ ᠵᠢᠷᠠᠨ ᠡᠳᠦᠷ᠎ᠦᠨ ᠰᠢᠢᠳᠪᠦᠷᠢᠲᠦ ᠳᠠᠢᠯᠠᠯᠳᠤᠭᠠᠨ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠠᠷᠭ᠎ᠠ ᠪᠦᠬᠦᠨ᠎ᠢ ᠰᠦᠪᠡᠭᠴᠢᠯᠡᠵᠦ ᠪᠠᠢᠭᠠᠳ ᠪᠦᠲᠦᠮᠵᠢᠲᠡᠢ ᠪᠡᠯᠡ ᠣᠷᠣᠭᠤᠯᠤᠯᠲᠠ᠎ᠶᠢ ᠨᠡᠮᠡᠭᠳᠡᠭᠦᠯᠵᠦ᠂ ᠬᠤᠷᠳᠤᠴᠠ᠎ᠪᠠᠨ ᠲᠦᠷᠭᠡᠳᠬᠡᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ ᠪᠠᠢᠭᠠᠳ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ᠎ᠶᠢ ᠠᠬᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠬᠥᠲᠥᠯᠥᠨ ᠵᠢᠯᠤᠭᠣᠳᠬᠤ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠠᠵᠤ ᠦᠢᠯᠡᠳᠪᠦᠷᠢ᠎ᠶᠢᠨ ᠠᠵᠤ ᠠᠬᠤᠢ᠎ᠶᠢ ᠲᠦᠷᠦᠯ ᠵᠦᠢᠯ ᠬᠤᠪᠢᠶᠠᠨ ᠲᠣᠭᠲᠠᠪᠤᠷᠢᠵᠢᠭᠤᠯᠵᠤ᠂ ᠰᠢᠩᠭᠡᠬᠡᠨ ᠠᠪᠬᠤ᠂ ᠭᠠᠳᠠᠭ᠍ᠰᠢ ᠬᠦᠷᠭᠡᠬᠦ ᠴᠢᠳᠠᠪᠤᠷᠢ᠎ᠶᠢ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠬᠦ᠎ᠪᠡᠷ ᠭᠣᠣᠯᠳᠠᠯᠭ᠎ᠠ ᠪᠣᠯᠭᠠᠨ ᠰᠢᠨ᠎ᠡ ᠡᠨᠧᠷᠭᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠨᠡᠭᠦᠷᠡᠰᠦ᠎ᠶᠢ ᠴᠡᠪᠡᠷ ᠥᠨᠳᠥᠷ ᠪᠦᠲᠦᠮᠵᠢᠲᠡᠢ ᠠᠰᠢᠭ᠍ᠯᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠣᠪᠣᠷ ᠰᠢᠷᠣᠢ᠎ᠶᠢᠨ ᠠᠵᠤ ᠦᠢᠯᠡᠰ᠎ᠢ ᠨᠠᠷᠢᠯᠢᠭᠵᠢᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠵᠢᠯᠯᠠᠭ᠎ᠠ᠎ᠨᠢ ᠲᠣᠭᠲᠠᠪᠤᠷᠢᠵᠢᠭᠤᠯᠵᠤ᠂ ᠠᠵᠤ ᠠᠬᠤᠢᠯᠠᠯ᠎ᠳᠤ ᠥᠷᠢᠲᠦᠵᠦ ᠪᠠᠢᠭ᠎ᠠ ᠥᠷᠢ ᠥᠭᠴᠡᠭᠡ᠎ᠶᠢ ᠲᠦᠷᠭᠡᠨ ᠴᠡᠪᠡᠷᠯᠡᠵᠦ᠂ ᠠᠵᠤ ᠠᠬᠤᠢᠯᠠᠯ᠎ᠤᠨ ᠬᠦᠴᠢᠷᠳᠡᠯ᠎ᠢ ᠪᠦᠬᠦ ᠬᠦᠴᠦᠨ᠎ᠢᠶᠡᠷ᠎ᠢᠶᠡᠨ ᠰᠢᠢᠳᠪᠦᠷᠢᠯᠡᠵᠦ ᠥᠭᠬᠦ ᠬᠡᠷᠡᠭᠲᠡᠢ᠃ ᠬᠡᠷᠡᠭᠯᠡᠭᠡ᠎ᠶᠢᠨ ᠨᠡᠮᠡᠭᠳᠡᠯ᠎ᠦᠨ ᠴᠡᠭ᠎ᠢ ᠪᠥᠬᠥ ᠲᠠᠯ᠎ᠠ᠎ᠪᠠᠷ ᠠᠭᠤᠳᠠᠯᠵᠤ᠂ ᠵᠢᠭᠤᠯᠴᠢᠯᠠᠯ᠂ ᠠᠮᠢᠳᠤᠷᠠᠯ᠎ᠤᠨ ᠴᠢᠨᠠᠷᠲᠠᠢ ᠦᠢᠯᠡᠴᠢᠯᠡᠭᠡ ᠵᠡᠷᠭᠡ ᠬᠡᠷᠡᠭᠯᠡᠭᠡ᠎ᠶᠢᠨ ᠳᠠᠯᠳᠠ ᠬᠦᠴᠦᠨ ᠪᠠ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠵᠦ᠂ ᠭᠡᠷ ᠭᠠᠵᠠᠷ᠎ᠤᠨ ᠬᠥᠷᠥᠩᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠵᠤ ᠠᠬᠤᠢ᠎ᠶᠢᠨ ᠭᠠᠳᠠᠭᠰᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ᠎ᠢ ᠥᠷᠭᠡᠳᠬᠡᠵᠦ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠰᠠᠢᠲᠤᠷ ᠠᠭᠤᠰᠤᠯᠴᠠᠬᠤ ᠬᠡᠷᠡᠭᠲᠡᠢ᠃ ᠴᠠᠭ ᠮᠥᠴᠡ ᠲᠡᠢ ᠤᠷᠤᠯᠳᠤᠬᠤ ᠲᠤᠯᠭᠠᠮ ᠪᠣᠳᠣᠯ᠎ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠦᠨ ᠲᠣᠭᠣᠷᠢᠨ᠎ᠳᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠤᠯᠲᠠ᠎ᠶᠢ ᠴᠢᠩᠭᠠᠳᠬᠠᠵᠤ᠂ ᠠᠵᠠ ᠲᠣᠬᠢᠶᠠᠯ᠎ᠢ ᠠᠮᠵᠢᠨ ᠠᠵᠤ ᠦᠢᠯᠡᠰ᠎ᠦᠨ ᠰᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠵᠤ᠂ 《ᠭᠤᠷᠪᠠ᠎ᠶᠢ ᠬᠠᠮᠢᠶᠠᠷᠬᠤ ᠭᠤᠷᠪᠠᠨ ᠡᠷᠬᠡᠪᠰᠢ》᠎ᠶᠢᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠭᠣᠣᠯᠳᠠᠯᠭ᠎ᠠ ᠲᠠᠢ ᠠᠵᠢᠯ ᠲᠦᠷᠦᠯ᠎ᠦᠨ ᠬᠦᠷᠢᠶᠡᠨ᠎ᠳᠡᠬᠢ ᠠᠶᠤᠯ ᠲᠦᠭᠰᠢᠭᠦᠷᠢ ᠭᠡᠮ ᠰᠣᠭᠣᠭ᠎ᠢ ᠪᠦᠬᠦ ᠲᠠᠯ᠎ᠠ᠎ᠪᠠᠷ ᠵᠢᠭᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭᠲᠡᠢ᠃ ᠡᠳ᠋᠎ᠦᠨ ᠵᠠᠰᠠᠭ᠎ᠤᠨ ᠦᠷᠭᠦᠯᠵᠢᠯᠡᠬᠦ ᠡᠷᠭᠢᠯᠲᠡ᠎ᠶᠢ ᠠᠬᠢᠭᠤᠯᠵᠤ᠂ 《ᠭᠤᠷᠪᠠ᠎ᠶᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠭ᠎ᠠ ᠪᠦᠬᠦᠨ᠎ᠢ ᠰᠦᠪᠡᠭᠴᠢᠯᠡᠨ ᠵᠠᠰᠠᠭ᠎ᠤᠨ ᠣᠷᠳᠣᠨ᠎ᠤ ᠥᠷᠢ ᠥᠭᠴᠡᠭᠡ᠎ᠶᠢ ᠠᠷᠢᠯᠭᠠᠵᠤ᠂ ᠪᠡᠯᠡ ᠬᠤᠷᠠᠮᠳᠤᠭᠤᠯᠬᠤ ᠲᠠᠪᠴᠠᠩ᠎ᠤᠨ ᠥᠷᠢ ᠥᠭᠴᠡᠭᠡ᠎ᠶᠢᠨ ᠠᠶᠤᠯ ᠲᠦᠭᠰᠢᠭᠦᠷᠢ᠎ᠶᠢ ᠴᠢᠩᠭ᠎ᠠ ᠰᠡᠷᠭᠡᠢᠯᠡᠬᠦ ᠬᠡᠷᠡᠭᠲᠡᠢ᠃ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ ᠲᠠᠢ ᠬᠥᠮᠥᠰ᠎ᠦᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ᠠᠵᠢᠯ᠎ᠢ ᠲᠣᠪᠣᠢᠮ᠎ᠠ ᠰᠠᠢᠲᠤᠷ ᠠᠳᠬᠤᠵᠤ᠂ ᠡᠪᠦᠯ᠎ᠦᠨ ᠤᠯᠠᠷᠢᠯ᠎ᠤᠨ ᠳᠤᠯᠠᠭᠠᠯᠠᠭ᠎ᠠ ᠬᠠᠩᠭᠠᠬᠤ᠂ ᠦᠨᠳᠦᠰᠦᠨ ᠵᠦᠢᠯ᠎ᠢ ᠪᠠᠲᠤᠯᠠᠨ ᠬᠠᠪᠰᠤᠷᠤᠨ ᠲᠡᠳᠬᠦᠬᠦ᠂ ᠬᠥᠯᠥᠰᠦᠨ ᠲᠠᠷᠢᠶᠠᠴᠢᠨ᠎ᠤ ᠴᠠᠯᠢᠩ᠎ᠢ ᠥᠭᠬᠦ᠂ ᠤᠰᠤᠨ ᠭᠠᠮᠰᠢᠭ᠋᠎ᠤᠨ ᠳᠠᠷᠠᠭᠠᠬᠢ ᠰᠠᠭᠤᠭᠠᠯᠢ ᠠᠷᠠᠳ᠎ᠢ ᠲᠥᠪᠬᠢᠨᠡᠭᠦᠯᠬᠦ ᠪᠠ ᠲᠥᠬᠦᠭᠡᠷᠦᠮᠵᠢ᠎ᠶᠢ ᠳᠠᠬᠢᠨ ᠪᠠᠶ᠋ᠢᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠦᠨᠡᠨ ᠬᠦ᠌ ᠰᠠᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠪᠠᠨ ᠴᠢᠩᠭᠠᠳᠬᠠᠵᠤ᠂ ᠰᠤᠷᠤᠯᠴᠠᠯᠭ᠎ᠠ᠎ᠶᠢ ᠶᠡᠬᠡᠪᠡᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠠᠵᠢᠯᠴᠢ ᠬᠢᠴᠢᠶᠡᠩᠭᠦᠢ ᠠᠷᠢᠭᠤᠨ ᠴᠢᠬᠡᠴᠢ᠎ᠪᠡᠷ ᠵᠠᠰᠠᠭ ᠪᠠᠷᠢᠵᠤ᠂ 《ᠬᠦᠴᠢᠷ᠎ᠡᠴᠡ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ᠎ᠳᠠᠭᠠᠨ ᠵᠠᠪᠠᠯ ᠬᠦᠷᠬᠦ》 ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠬᠥᠭᠵᠢᠯᠲᠡ᠎ᠶᠢ ᠠᠳᠬᠤᠵᠤ᠂ ᠠᠵᠤ ᠠᠬᠤᠢ᠎ᠶᠢ ᠬᠥᠭᠵᠢᠭᠦᠯᠵᠦ᠂ ᠰᠠᠢᠨ ᠰᠠᠢᠬᠠᠨ ᠰᠤᠷᠲᠠᠯ᠎ᠢᠶᠠᠷ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠨ᠂ ᠪᠥᠬᠥ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠬᠦᠴᠦᠯᠡᠨ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠰᠠᠢᠲᠤᠷ ᠰᠡᠭᠦᠯ ᠬᠤᠷᠢᠶᠠᠬᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢᠨ ᠡᠬᠢᠯᠡᠯᠲᠡ᠎ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃