ᠣᠢᠷ᠎ᠠ᠎ᠶᠢᠨ ᠡᠳᠦᠷ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠣᠷᠣᠨ ᠳᠠᠶᠠᠭᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠴᠤ᠂ ᠡᠯ᠎ᠡ ᠰᠠᠯᠠᠭ᠎ᠠ ᠮᠥᠴᠢᠷ᠎ᠦᠨ ᠬᠢᠨ ᠵᠠᠯᠭᠠᠭ᠎ᠠ᠎ᠪᠠᠷ ᠬᠤᠷᠠᠯ ᠬᠤᠷᠠᠯᠳᠤᠭᠤᠯᠵᠤ᠂ ᠠᠵᠢᠯ᠎ᠤᠨ ᠪᠣᠳᠠᠲᠤ ᠪᠠᠢᠳᠠᠯ ᠲᠠᠢ᠎ᠪᠠᠨ ᠨᠢᠭ᠍ᠲᠠ ᠤᠶᠠᠯᠳᠤᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ᠎ᠶᠢ ᠰᠤᠳᠤᠯᠤᠨ ᠤᠬᠠᠭᠠᠯᠠᠵᠦ ᠲᠥᠯᠥᠪᠯᠡᠪᠡ᠃ ᠤᠯᠠᠨ᠎ᠢᠶᠠᠷ᠎ᠢᠶᠠᠨ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂ ᠠᠵᠢᠯ᠎ᠤᠨ ᠪᠠᠢᠷᠢ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠵᠣᠷᠢᠭ᠍ᠲᠠᠢ᠎ᠪᠠᠷ ᠵᠠᠮ ᠨᠡᠭᠡᠭᠡᠨ ᠰᠢᠨ᠎ᠡ᠎ᠶᠢ ᠡᠭᠦᠳᠴᠦ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠨ ᠬᠥᠭᠵᠢᠯᠲᠡ᠎ᠶᠢ ᠡᠷᠢᠯᠬᠢᠯᠡᠬᠦ᠂ ᠨᠠᠢᠳᠠᠪᠤᠷᠢᠵᠢᠭᠤᠯᠤᠯᠲᠠ᠎ᠶᠢ ᠠᠳᠬᠤᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠱᠦᠵᠢ ᠨᠠᠷ᠎ᠦᠨ ᠬᠤᠷᠠᠯ (ᠥᠷᠭᠡᠳᠬᠡᠭᠰᠡᠨ) ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠪᠦᠬᠦᠳᠠ ᠬᠤᠷᠠᠯ᠎ᠤᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠂ ᠭᠣᠣᠯ ᠠᠭᠤᠯᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠨᠣᠴᠠᠳᠠᠢ ᠡᠵᠡᠮᠰᠢᠬᠦ ᠬᠡᠷᠡᠭᠲᠡᠢ᠃《ᠠᠷᠪᠠᠨ ᠲᠠᠪᠤᠳᠤᠭᠠᠷ ᠲᠠᠪᠤᠨ ᠵᠢᠯ 》᠎ᠤᠨ ᠬᠥᠭᠵᠢᠯᠲᠡ᠎ᠶᠢᠨ ᠪᠠᠢᠳᠠᠯ᠎ᠤᠨ ᠲᠤᠬᠠᠢ ᠮᠠᠭᠠᠳᠯᠠᠯᠲᠠ᠎ᠶᠢ ᠭᠦᠨᠵᠡᠭᠡᠢ ᠣᠢᠯᠠᠭᠠᠵᠤ᠂ ᠥᠷᠭᠡᠨ ᠤᠯᠠᠨ ᠵᠠᠯᠠᠭᠤᠴᠤᠳ᠎ᠢ ᠬᠥᠲᠥᠯᠥᠨ ᠵᠢᠯᠤᠭᠣᠳᠴᠤ ᠪᠠᠢᠭᠠᠳ ᠲᠤᠬᠳᠠᠯ ᠬᠦᠴᠦᠨ᠎ᠢ ᠨᠢ ᠪᠠᠲᠤᠯᠠᠵᠤ᠂ ᠢᠲᠡᠭᠡᠯ ᠵᠣᠷᠢᠭ᠋᠎ᠢ ᠨᠢ ᠨᠡᠮᠡᠭᠳᠡᠭᠦᠯᠬᠦ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭᠵᠢᠯᠲᠡ᠎ᠶᠢᠨ ᠲᠡᠮᠡᠴᠡᠬᠦ ᠬᠠᠷᠠᠯᠲᠠ ᠪᠣᠯᠣᠨ ᠪᠠᠢᠯᠳᠤᠬᠤ ᠪᠣᠳᠣᠯᠭ᠎ᠠ᠎ᠶᠢᠨ ᠭᠣᠣᠯᠳᠠᠯᠭ᠎ᠠ᠎ᠶᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠦᠵᠡᠭᠦᠯᠬᠦ ᠶᠡᠬᠡ ᠲᠠᠯ᠎ᠠ᠎ᠶᠢᠨ ᠬᠤᠪᠢ ᠨᠡᠮᠡᠷᠢ᠎ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠨᠡᠩ ᠯᠠᠪᠳᠠᠭᠤᠨ ᠪᠠᠲᠤᠲᠠᠢ ᠵᠢᠳᠬᠦᠯ ᠴᠢᠷᠮᠠᠢᠯᠭ᠎ᠠ ᠲᠠᠢ ᠠᠵᠢᠯᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭᠵᠢᠯᠲᠡ᠎ᠳᠦ ᠨᠡᠩ ᠤᠯᠠᠨ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠎ᠪᠡᠷ ᠴᠢᠷᠮᠠᠢᠬᠤ ᠬᠡᠷᠡᠭᠲᠡᠢ᠃ ᠡᠭᠦᠨ᠎ᠦ ᠵᠡᠷᠭᠡ᠎ᠪᠠᠷ ᠥᠷᠭᠡᠨ ᠤᠯᠠᠨ ᠡᠪᠯᠡᠯ᠎ᠦᠨ ᠭᠡᠰᠢᠭᠦᠨ ᠵᠠᠯᠠᠭᠤᠴᠤᠳ᠎ᠤᠨ ᠳᠤᠮᠳᠠ ᠪᠦᠬᠦ ᠲᠠᠯ᠎ᠠ᠎ᠪᠠᠷ ᠭᠦᠨᠵᠡᠭᠡᠢ ᠤᠬᠠᠭᠤᠯᠬᠤ ᠠᠵᠢᠯ᠎ᠢ ᠰᠠᠢᠲᠤᠷ ᠬᠢᠵᠦ᠂ ᠵᠠᠯᠠᠭᠤᠴᠤᠳ᠎ᠤᠨ ᠦᠵᠡᠵᠦ ᠰᠣᠨᠣᠰᠬᠤ ᠳᠤᠷᠠᠲᠠᠢ ᠬᠡᠯᠪᠡᠷᠢ᠎ᠪᠡᠷ ᠴᠢᠬᠤᠯᠠ ᠶᠡᠬᠡ ᠪᠠᠢᠷᠢᠯᠠᠭᠤᠯᠤᠯᠲᠠ᠎ᠶᠢ ᠠᠮᠢᠳᠤᠯᠢᠭ᠋ ᠶᠠᠷᠢᠵᠤ᠂ ᠡᠪ ᠬᠠᠮᠲᠤ ᠵᠠᠯᠠᠭᠤᠴᠤᠳ᠎ᠤᠨ ᠡᠪᠯᠡᠯ᠂ ᠵᠠᠯᠠᠭᠤᠴᠤᠳ᠎ᠤᠨ ᠬᠣᠯᠪᠣᠭ᠎ᠠ᠂ ᠰᠤᠷᠤᠭ᠍ᠴᠢᠳ᠎ᠤᠨ ᠬᠣᠯᠪᠣᠭ᠎ᠠ᠂ ᠪᠠᠭᠠᠴᠤᠳ᠎ᠤᠨ ᠬᠣᠰᠢᠭᠤᠴᠢ ᠠᠩᠭᠢ᠎ᠶᠢᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠪᠠᠷ ᠵᠠᠯᠠᠭᠤᠴᠤᠳ᠎ᠢ ᠬᠥᠲᠥᠯᠥᠨ ᠳᠠᠭᠠᠭᠤᠯᠵᠤ᠂ ᠵᠠᠯᠠᠭᠤᠴᠤᠳ᠎ᠢ ᠨᠢᠭ᠍ᠲᠠᠷᠠᠭᠤᠯᠵᠤ᠂ ᠵᠠᠯᠠᠭᠤᠴᠤᠳ᠎ᠲᠤ ᠦᠢᠯᠡᠴᠢᠯᠡᠬᠦ ᠬᠡᠷᠡᠭᠲᠡᠢ ᠭᠡᠵᠤ ᠱᠠᠭᠠᠷᠳᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠥᠪᠯᠡᠯ ᠨᠠᠮ᠎ᠤᠨ ᠤᠳᠤᠷᠢᠳᠬᠤ ᠳᠤᠭᠤᠢᠯᠠᠩ᠎ᠤᠨ (ᠥᠷᠭᠡᠳᠬᠡᠭᠰᠡᠨ)ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠳᠡᠭᠡᠷ᠎ᠠ ᠳᠣᠣᠷ᠎ᠠ ᠱᠠᠲᠤ᠎ᠪᠠᠷ᠎ᠢᠶᠠᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠪᠦᠬᠦᠨ᠎ᠢ ᠪᠦᠷᠬᠦᠭᠦᠯᠬᠦ᠎ᠶᠢ ᠨᠠᠷᠢᠯᠢᠭ᠋ ᠪᠣᠳᠠᠲᠠᠢ ᠠᠳᠬᠤᠵᠤ᠂ ᠠᠷᠠᠯᠵᠢᠶ᠎ᠠ᠎ᠶᠢ ᠠᠬᠢᠭᠤᠯᠬᠤ ᠠᠵᠢᠯ᠎ᠤᠨ ᠪᠣᠳᠠᠲᠠᠢ᠎ᠲᠠᠢ ᠨᠢᠭ᠍ᠲᠠ ᠤᠶᠠᠯᠳᠤᠭᠤᠯᠵᠤ᠂ ᠨᠠᠢᠳᠠᠪᠤᠷᠢᠵᠢᠭᠤᠯᠤᠯᠲᠠ᠎ᠶᠢ ᠪᠦᠲᠦᠭᠡᠯᠴᠢ ᠴᠢᠨᠠᠷᠲᠠᠢ᠎ᠪᠠᠷ ᠰᠠᠢᠲᠤᠷ ᠠᠳᠬᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠤᠯᠠᠮ ᠨᠢᠭᠡ ᠠᠯᠬᠤᠮ ᠥᠷᠭᠡᠳᠬᠡᠨ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠷᠠᠯᠵᠢᠶ᠎ᠠ᠎ᠶᠢ ᠠᠬᠢᠭᠤᠯᠬᠤ ᠠᠵᠢᠯ᠎ᠤᠨ ᠰᠡᠳᠬᠢᠴᠡ ᠠᠷᠭ᠎ᠠ ᠬᠡᠮᠵᠢᠶ᠎ᠡ᠎ᠶᠢ ᠥᠨᠳᠥᠷ ᠪᠠᠷᠢᠮᠵᠢᠶ᠎ᠠ᠎ᠪᠠᠷ ᠤᠬᠠᠭᠠᠯᠠᠨ ᠲᠥᠯᠥᠪᠯᠡᠵᠦ᠂ ᠦᠢᠯᠡᠴᠢᠯᠡᠭᠡᠨ᠎ᠦ ᠠᠵᠤ ᠠᠬᠤᠢᠯᠠᠯ᠎ᠤᠨ ᠲᠣᠣᠷ᠎ᠢ ᠲᠠᠰᠤᠷᠠᠯᠲᠠ ᠦᠭᠡᠢ ᠨᠢᠭ᠍ᠲᠠ ᠰᠦᠯᠵᠢᠵᠦ᠂ ᠣᠯᠠᠨ ᠤᠯᠤᠰ᠎ᠤᠨ ᠨᠠᠢᠵᠠ᠎ᠶᠢᠨ ᠲᠣᠭᠣᠷᠢᠭ᠋᠎ᠢ ᠥᠷᠭᠡᠳᠬᠡᠨ᠂《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠤ ᠠᠷᠠᠯᠵᠢᠶ᠎ᠠ᠎ᠶᠢ ᠠᠬᠢᠭᠤᠯᠬᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ᠎ᠨᠠᠷ᠎ᠤᠨ ᠬᠣᠯᠪᠣᠭ᠎ᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠴᠠᠭ ᠲᠤᠬᠠᠢ ᠳ᠋ᠤᠨᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠠᠬᠢᠭᠤᠯᠵᠤ᠂ ᠪᠥᠬᠥ ᠣᠷᠣᠨ᠎ᠤ ᠳᠤᠮᠳᠠᠳᠤ᠎ᠶᠢᠨ ᠬᠠᠷᠢᠶᠠᠲᠤ᠎ᠶᠢᠨ ᠡᠲᠡᠭᠡᠳ᠎ᠦᠨ ᠣᠯᠠᠨ ᠲᠦᠮᠡᠨ᠎ᠦ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠬᠦ᠎ᠶᠢ ᠬᠥᠲᠥᠯᠥᠨ ᠵᠢᠯᠤᠭᠣᠳᠴᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠰᠤᠷᠤᠯᠴᠠᠬᠤ ᠬᠤᠷᠠᠯ᠂ ᠶᠠᠷᠢᠯᠴᠠᠬᠤ ᠬᠤᠷᠠᠯ᠂ ᠤᠯᠤᠰ᠎ᠤᠨ ᠪᠠᠢᠳᠠᠯ᠎ᠤᠨ ᠬᠥᠮᠦᠵᠢᠯ᠎ᠦᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ᠡᠯ᠎ᠡ ᠱᠠᠲᠤᠨ᠎ᠤ ᠬᠠᠷᠢᠶᠠᠲᠤ ᠨᠠᠷ᠎ᠤᠨ ᠬᠣᠯᠪᠣᠭ᠎ᠠ᠎ᠶᠢᠨ ᠵᠣᠬᠢᠶᠠᠨ ᠪᠠᠢᠭᠤᠯᠤᠯᠲᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠬᠦ᠂ ᠳᠤᠮᠳᠠᠳᠤ᠎ᠶᠢᠨ ᠪᠣᠯᠪᠠᠰᠤᠨ᠎ᠤ ᠳᠠᠮᠵᠢᠭᠤᠯᠬᠤ ᠬᠦᠴᠦᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ᠂ ᠡᠬᠡ ᠤᠯᠤᠰ᠎ᠤᠨ ᠨᠢᠭᠡᠳᠦᠯ᠎ᠢ ᠠᠬᠢᠭᠤᠯᠬᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ ᠵᠡᠷᠭᠡ ᠬᠠᠷᠠᠯᠲᠠ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠦᠯᠬᠦᠮᠳᠡᠨ ᠬᠥᠲᠥᠯᠥᠨ ᠳᠠᠭᠠᠭᠤᠯᠬᠤ᠂ ᠬᠠᠷᠢᠯᠴᠠᠵᠤ ᠨᠡᠪᠲᠡᠷᠡᠯᠴᠡᠬᠦ ᠠᠵᠢᠯ᠎ᠢ ᠰᠠᠢᠲᠤᠷ ᠬᠢᠵᠦ᠂《ᠠᠷᠪᠠᠨ ᠲᠠᠪᠤᠳᠤᠭᠠᠷ ᠲᠠᠪᠤᠨ ᠵᠢᠯ》᠎ᠤᠨ ᠡᠯ᠎ᠡ ᠵᠦᠢᠯ᠎ᠦᠨ ᠦᠢᠯᠡᠰ᠎ᠦᠨ ᠬᠥᠭᠵᠢᠯᠲᠡ᠎ᠳᠦ ᠬᠠᠷᠢᠶᠠᠲᠤ ᠨᠠᠷ᠎ᠤᠨ ᠰᠡᠳᠬᠢᠯ᠎ᠢ ᠨᠢᠭ᠍ᠲᠠᠷᠠᠭᠤᠯᠵᠤ᠂ ᠬᠠᠷᠢᠶᠠᠲᠤ ᠨᠠᠷ᠎ᠤᠨ ᠬᠦᠴᠦᠨ᠎ᠢ ᠪᠠᠳᠠᠷᠠᠭᠤᠯᠵᠤ᠂ ᠬᠠᠷᠢᠶᠠᠲᠤ ᠨᠠᠷ᠎ᠤᠨ ᠤᠶᠤᠨ ᠤᠬᠠᠭᠠᠨ᠎ᠢ ᠲᠥᠪᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃
ᠤᠯᠠᠭᠠᠨᠬᠠᠳᠠ ᠬᠣᠲᠠ᠎ᠶᠢᠨ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ(ᠥᠷᠭᠡᠳᠬᠡᠭᠰᠡᠨ)ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠦᠭ᠌ᠵᠢᠯᠲᠠ᠎ᠶᠢᠨ ᠵᠢᠯᠤᠭᠣᠳᠬᠤ ᠦᠵᠡᠯ ᠰᠠᠨᠠᠭ᠎ᠠ᠎ᠶᠢ ᠣᠨᠣᠪᠴᠢᠲᠠᠢ ᠡᠵᠡᠮᠰᠢᠵᠦ᠂ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠵᠢᠷᠤᠮᠯᠠᠵᠤ᠂ ᠲᠡᠷᠡ ᠶᠣᠰᠣᠭᠠᠷ ᠨᠢ ᠰᠤᠳᠤᠯᠤᠨ ᠤᠩᠰᠢᠵᠤ᠂ ᠮᠥᠨ ᠴᠢᠨᠠᠷ᠎ᠢ ᠨᠢ ᠦᠨᠡᠨᠬᠦ ᠣᠢᠯᠠᠭᠠᠵᠤ᠂ ᠴᠢᠬᠤᠯᠠ ᠠᠭᠤᠯᠭ᠎ᠠ᠎ᠶᠢ ᠨᠢ ᠲᠤᠭᠤᠷᠠᠲᠠᠯ᠎ᠠ ᠣᠢᠯᠠᠭᠠᠵᠤ᠂ ᠦᠵᠡᠯ ᠰᠠᠨᠠᠭ᠎ᠠ᠎ᠪᠠᠨ ᠨᠠᠩ ᠰᠠᠢᠨ ᠨᠢᠭᠡᠳᠬᠡᠵᠦ᠂ ᠦᠢᠯᠡᠳᠦᠯᠭᠡ᠎ᠪᠡᠨ ᠨᠠᠩ ᠰᠠᠢᠨ ᠵᠢᠯᠤᠭᠣᠳᠴᠤ᠂ ᠠᠵᠢᠯ᠎ᠢᠶᠠᠨ ᠨᠠᠩ ᠰᠠᠢᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠲᠥᠪ ᠬᠣᠷᠢᠶ᠎ᠠ᠎ᠶᠢᠨ ᠨᠢᠭᠡᠳᠦᠯᠲᠡᠢ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ᠎ᠶᠢᠨ ᠪᠦᠬᠦ ᠤᠯᠤᠰ᠂ ᠪᠦᠬᠦ ᠣᠷᠣᠨ᠎ᠤ ᠶᠡᠬᠡ ᠲᠠᠯ᠎ᠠ ᠳᠠᠬᠢ ᠪᠠᠢᠷᠢ ᠲᠣᠭᠲᠠᠭᠠᠯᠲᠠ᠎ᠶᠢ ᠣᠨᠣᠪᠴᠢᠲᠠᠢ ᠡᠷᠢᠵᠦ᠂ ᠲᠦᠷᠦ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠶᠢ ᠪᠦᠲᠦᠮᠵᠢᠲᠡᠢ ᠵᠣᠯᠭᠠᠭᠤᠯᠬᠤ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ᠎ᠪᠠᠷ ᠠᠵᠢᠯ᠎ᠢᠶᠠᠨ ᠤᠬᠠᠭᠠᠯᠠᠨ ᠲᠥᠯᠥᠪᠯᠡᠵᠦ᠂ ᠡᠬᠢ ᠪᠠᠶᠠᠯᠢᠭ᠋᠎ᠢ ᠲᠣᠬᠢᠷᠠᠭᠤᠯᠤᠨ᠂ ᠬᠦᠴᠦᠨ᠎ᠢᠶᠡᠨ ᠨᠢᠭᠡᠳᠦᠯᠲᠡᠢ ᠲᠥᠯᠥᠪᠵᠢᠭᠦᠯᠵᠦ᠂ ᠪᠦᠬᠦ ᠬᠤᠳᠠ᠎ᠶᠢᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠬᠣᠯᠪᠣᠭᠳᠠᠯ ᠪᠦᠬᠦᠢ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠶ᠋ᠢᠭᠤᠯᠬᠤ ᠠᠬᠢᠴᠠ ᠳᠤᠮᠳᠠ ᠤᠯᠠᠭᠠᠨᠬᠠᠳᠠ᠎ᠶᠢᠨ ᠡᠭᠦᠷᠭᠡᠯᠡᠯ᠎ᠢ ᠢᠯᠡᠷᠡᠭᠦᠯᠵᠦ᠂ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃