ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠲᠣᠰᠣ᠌ ᠬᠡᠢ᠎ᠶᠢᠨ ᠭᠠᠷᠤᠯᠲᠠ ᠲᠣᠭᠲᠠᠭᠤᠨ ᠪᠠᠢᠭ᠍ᠰᠠᠨ᠎ᠤ ᠳᠠᠭᠠᠤ᠎ᠳᠤ ᠳᠡᠭᠡᠭ᠌ᠰᠢᠯᠡᠯᠲᠡ ᠲᠡᠢ ᠪᠣᠯᠪᠠ
ᠨᠡᠶ᠋ᠢᠲᠡᠯᠡᠭᠰᠡᠨ ᠴᠠᠭ᠄ 2025-11-03

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠡᠨᠡ ᠵᠢᠯ᠎ᠡᠴᠡ ᠨᠠᠭᠠᠰᠢ᠂ ᠮᠠᠨ᠎ᠤ ᠣᠷᠣᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠪᠠᠢᠯᠳᠤᠬᠤ ᠪᠣᠳᠣᠯᠭ᠎ᠠ᠎ᠶᠢ ᠦᠷᠭᠦᠯᠵᠢᠯᠡᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭ᠌ᠯᠡᠭᠡᠳ ᠲᠣᠰᠣ᠌ ᠬᠡᠢ᠎ᠶᠢᠨ ᠨᠥᠭᠡᠴᠡ ᠪᠠ ᠭᠠᠷᠤᠯᠲᠠ᠎ᠶ᠋ᠢᠨ ᠨᠡᠮᠡᠭ᠌ᠳᠡᠯ᠎ᠢ ᠶᠡᠬᠡ᠎ᠪᠡᠷ ᠠᠬᠢᠭᠤᠯᠪᠠ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠌ 250 ᠲᠦᠮᠡᠨ ᠲᠣᠨ ᠲᠦᠭᠦᠬᠡᠢ ᠴᠢᠯᠠᠭᠤᠨ ᠲᠣᠰᠣ ᠦᠢᠯᠡᠳᠪᠦᠷᠢᠯᠡᠵᠦ᠂ ᠠᠳᠠᠯᠢ ᠬᠤᠭᠤᠴᠠᠭᠠᠨ᠎ᠤ ᠬᠢ᠎ᠡᠴᠡ 4.2%᠎ᠢᠶᠠᠷ ᠨᠡᠮᠡᠭᠳᠡᠪᠡ; 239.4 ᠳ᠋ᠦᠩᠰᠢᠭᠤᠷ ᠺᠦᠪ ᠮᠧᠲᠷ ᠪᠠᠢᠭᠠᠯᠢ᠎ᠶᠢᠨ ᠰᠢᠲᠠᠮᠠᠬᠠᠢ ᠬᠡᠢ ᠦᠢᠯᠡᠳᠪᠦᠷᠢᠯᠡᠵᠦ᠂ ᠠᠳᠠᠯᠢ ᠬᠤᠭᠤᠴᠠᠭᠠᠨ᠎ᠤ ᠬᠢ᠎ᠲᠠᠢ᠎ᠪᠠᠨ ᠲᠡᠩᠴᠡᠭᠦᠦ ᠪᠠᠢᠵᠤ᠂ ᠲᠣᠰᠣ᠌ ᠬᠡᠢ᠎ᠶᠢᠨ ᠭᠠᠷᠤᠯᠲᠠ ᠲᠣᠭᠲᠠᠭᠤᠨ ᠪᠠᠢᠭ᠍ᠰᠠᠨ᠎ᠤ ᠳᠠᠭᠠᠤ᠎ᠳᠤ ᠳᠡᠭᠡᠭ᠌ᠰᠢᠯᠡᠯᠲᠡ ᠲᠡᠢ ᠪᠣᠯᠵᠤ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ᠂ ᠣᠷᠣᠨ ᠪᠦᠰᠡ᠎ᠶᠢᠨ ᠠᠵᠤ ᠠᠬᠤᠢ᠎ᠶᠢᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠬᠤ᠎ᠳᠤ ᠪᠠᠲᠤ ᠪᠡᠬᠢ ᠲᠤᠯᠭᠠᠭᠤᠷᠢᠯᠠᠯ ᠬᠠᠩᠭᠠᠪᠠ᠃ 

ᠡᠨᠡ ᠵᠢᠯ᠎ᠡᠴᠡ ᠨᠠᠭᠠᠰᠢ᠂ ᠮᠠᠨ᠎ᠤ ᠣᠷᠣᠨ ᠲᠦᠭᠦᠬᠡᠢ ᠴᠢᠯᠠᠭᠤᠨ ᠲᠣᠰᠣᠨ᠎ᠤ ᠨᠡᠭᠡᠭᠡᠨ ᠠᠱᠢᠭ᠍ᠯᠠᠯᠲᠠ᠎ᠳᠤ 《ᠬᠠᠭᠤᠴᠢᠨ ᠴᠢᠯᠠᠭᠤᠨ ᠲᠣᠰᠣᠨ᠎ᠤ ᠠᠢ ᠰᠠᠪᠠ᠎ᠶ᠋ᠢᠨ ᠭᠠᠷᠤᠯᠲᠠ᠎ᠶᠢ ᠲᠣᠭᠲᠠᠪᠤᠷᠢᠵᠢᠭᠤᠯᠵᠤ᠂ ᠰᠢᠨ᠎ᠡ ᠣᠷᠣᠨ ᠬᠡᠰᠡᠭ᠎ᠦᠨ ᠭᠠᠷᠤᠯᠲᠠ᠎ᠶᠢ ᠳᠡᠭᠡᠭᠰᠢᠯᠡᠭᠦᠯᠬᠦ》᠎ᠶᠢ ᠪᠠᠷᠢᠮᠲᠠᠯᠠᠨ᠂ ᠡᠷᠢᠶᠡᠨ᠎ᠦ ᠬᠣᠲᠣᠭᠣᠷ᠂ ᠬᠠᠢᠯᠠᠷ᠎ᠤᠨ ᠬᠣᠲᠣᠭᠣᠷ᠎ᠲᠠᠬᠢ ᠲᠦᠭᠦᠬᠡᠢ ᠴᠢᠯᠠᠭᠤᠨ ᠲᠣᠰᠣᠨ᠎ᠤ ᠦᠢᠯᠡᠳᠪᠦᠷᠢᠯᠡᠯ᠎ᠦᠨ ᠳᠠᠯᠳᠠ ᠬᠦᠴᠦᠨ᠎ᠢ ᠭᠦᠢᠴᠡᠳ ᠠᠭᠤᠳᠠᠯᠵᠤ᠂ ᠡᠷᠢᠶᠡᠨ᠎ᠦ ᠴᠢᠯᠠᠭᠤᠨ ᠲᠣᠰᠣᠨ᠎ᠤ ᠠᠭᠤᠷᠬᠠᠢ᠂ ᠬᠠᠢᠯᠠᠷ᠎ᠤᠨ ᠴᠢᠯᠠᠭᠤᠨ ᠲᠣᠰᠣᠨ᠎ᠤ ᠠᠭᠤᠷᠬᠠᠢ ᠵᠡᠷᠭᠡ ᠬᠠᠭᠤᠴᠢᠨ ᠴᠢᠯᠠᠭᠤᠨ ᠲᠣᠰᠣᠨ᠎ᠤ ᠠᠢ ᠰᠠᠪᠠ᠎ᠶ᠋ᠢᠨ ᠭᠠᠷᠤᠯᠲᠠ᠎ᠶᠢ ᠨᠢ ᠲᠣᠭᠲᠠᠪᠤᠷᠢᠵᠢᠭᠤᠯᠬᠤ᠎ᠶᠢ ᠠᠬᠢᠭᠤᠯᠪᠠ᠃ ᠡᠭᠦᠨ᠎ᠦ ᠬᠠᠮᠲᠤ᠂ ᠪᠠᠶᠠᠨ ᠴᠢᠯᠠᠭᠤᠨ ᠲᠣᠰᠣᠨ᠎ᠤ ᠠᠢ ᠰᠠᠪᠠ᠎ᠶ᠋ᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ ᠠᠯᠬᠤᠴᠠ᠎ᠪᠡᠨ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠬᠦ ᠴᠢᠳᠠᠮᠵᠢ᠎ᠪᠠᠨ ᠱᠢᠯᠵᠢᠭᠦᠯᠵᠦ᠍ ᠱᠢᠯᠢᠳᠡᠭ᠌ᠵᠢᠭᠦᠯᠬᠦ᠌᠎ᠶ᠋ᠢ ᠴᠢᠷᠮᠠᠢᠨ ᠪᠡᠶᠡᠯᠡᠭᠦᠯᠵᠦ᠂ ᠪᠠᠶᠠᠨ ᠴᠢᠯᠠᠭᠤᠨ ᠲᠣᠰᠣᠨ᠎ᠤ ᠠᠢ ᠰᠠᠪᠠ ᠲᠦᠷᠦᠭᠦᠸ᠋ ᠭᠤᠷᠪᠠᠨ ᠤᠯᠠᠷᠢᠯ᠎ᠳᠤ 90.3 ᠲᠦᠮᠡᠨ ᠲᠣᠨ ᠲᠦᠭᠦᠬᠡᠢ ᠴᠢᠯᠠᠭᠤᠨ ᠲᠣᠰᠣ᠌ ᠦᠢᠯᠡᠳᠪᠦᠷᠢᠯᠡᠵᠦ᠍᠂ ᠠᠳᠠᠯᠢ ᠬᠤᠭᠤᠴᠠᠭᠠᠨ᠎ᠤ ᠬᠢ᠎ᠡᠴᠡ 20%᠎ᠪᠠᠷ ᠨᠡᠮᠡᠭᠳᠡᠨ᠂ 《ᠲᠣᠭᠲᠠᠭᠤᠨ᠎ᠢᠶᠠᠷ ᠨᠡᠮᠡᠭᠳᠡᠯ᠎ᠢ ᠠᠬᠢᠭᠤᠯᠵᠤ᠂ ᠰᠢᠨ᠎ᠡ᠎ᠪᠡᠷ ᠬᠠᠭᠤᠴᠢᠨ᠎ᠢ ᠨᠥᠬᠥᠪᠦᠷᠢᠯᠡᠬᠦ》 ᠰᠠᠢᠨ ᠰᠠᠢᠬᠠᠨ ᠬᠥᠭᠵᠢᠯᠲᠡ᠎ᠶᠢᠨ ᠲᠥᠯᠥᠪ ᠪᠠᠢᠳᠠᠯ᠎ᠢ ᠪᠣᠶ ᠪᠣᠯᠭᠠᠪᠠ᠃ ᠪᠠᠢᠭᠠᠯᠢ᠎ᠶᠢᠨ ᠰᠢᠲᠠᠮᠠᠬᠠᠢ ᠬᠡᠢ᠎ᠶᠢ ᠨᠡᠭᠡᠭᠡᠨ ᠠᠰᠢᠭ᠍ᠯᠠᠬᠤ ᠲᠠᠯ᠎ᠠ᠎ᠪᠠᠷ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ᠎ᠶᠢ ᠪᠠᠷᠢᠮᠲᠠᠯᠠᠵᠤ᠂ ᠰᠤᠪᠤᠷᠭ᠎ᠠ ᠱᠢᠲᠠᠮᠠᠬᠠᠢ ᠬᠡᠢ᠎ᠶᠢᠨ ᠠᠢ ᠰᠠᠪᠠ᠂ ᠳᠠ ᠨᠢᠦ ᠳᠢ ᠱᠢᠲᠠᠮᠠᠬᠠᠢ ᠬᠡᠢ᠎ᠶᠢᠨ ᠠᠢ ᠰᠠᠪᠠ᠂ ᠳ᠋ᠦᠩᠱᠧᠩ ᠱᠢᠲᠠᠮᠠᠬᠠᠢ ᠬᠡᠢ᠎ᠶᠢᠨ ᠠᠢ ᠰᠠᠪᠠ᠎ᠶᠢ ᠦᠷᠭᠦᠯᠵᠢᠯᠡᠨ ᠥᠨᠳᠥᠷ ᠪᠦᠲᠦᠮᠵᠢᠲᠡᠶ᠎ᠪᠡᠷ ᠨᠡᠭᠡᠭᠡᠨ ᠠᠱᠢᠭ᠍ᠯᠠᠬᠤ᠎ᠶ᠋ᠢ ᠠᠬᠢᠭᠤᠯᠵᠠᠢ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠪᠠᠢᠭᠠᠯᠢ᠎ᠶᠢᠨ ᠰᠢᠲᠠᠮᠠᠬᠠᠢ ᠬᠡᠢ᠎ᠶᠢᠨ ᠭᠠᠷᠤᠯᠲᠠ ᠪᠥᠬᠥ ᠤᠯᠤᠰ᠎ᠤᠨ ᠳᠥᠷᠪᠡᠳᠦᠭᠡᠷ᠎ᠲᠦ ᠪᠠᠢᠷᠢᠯᠠᠵᠤ᠂ ᠪᠥᠬᠥ ᠤᠯᠤᠰ᠎ᠤᠨ ᠪᠠᠢᠭᠠᠯᠢ᠎ᠶᠢᠨ ᠰᠢᠲᠠᠮᠠᠬᠠᠢ ᠬᠡᠢ᠎ᠶᠢᠨ ᠭᠠᠷᠤᠯᠲᠠ᠎ᠶᠢᠨ 12.3%᠎ᠶᠢ ᠡᠵᠡᠯᠡᠵᠦ᠂ 60%᠎ᠡᠴᠡ ᠳᠡᠭᠡᠭᠰᠢᠬᠢ ᠪᠠᠢᠭᠠᠯᠢ᠎ᠶᠢᠨ ᠰᠢᠲᠠᠮᠠᠬᠠᠢ ᠬᠡᠢ᠎ᠶᠢ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ᠎ᠳᠤ ᠳᠠᠮᠵᠢᠭᠤᠯᠤᠨ ᠬᠦᠷᠭᠡᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ