ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠪᠦᠬᠦ᠌ ᠬᠦᠴᠦᠨ᠎ᠢᠶᠡᠷ᠎ᠢᠶᠡᠨ ᠨᠡᠮᠡᠭ᠌ᠳᠡᠯ᠎ᠢ ᠲᠣᠭ᠍ᠲᠠᠪᠤᠷᠢᠵᠢᠭᠤᠯᠤᠨ ᠪᠡᠯᠡ ᠣᠷᠣᠭᠤᠯᠤᠯᠲᠠ᠎ᠶ᠋ᠢ ᠦᠷᠭᠡᠳᠭᠡᠵᠦ᠍ ᠥᠪᠥᠷ ᠮᠣᠩᠭᠣᠯ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ ᠪᠡᠨ ᠲᠦᠷᠭᠡᠳᠭᠡᠵᠦ ᠪᠤᠢ
ᠨᠡᠶ᠋ᠢᠲᠡᠯᠡᠭᠰᠡᠨ ᠴᠠᠭ᠄ 2025-11-03

ᠠᠯᠲᠠᠨ ᠨᠠᠮᠤᠷ᠎ᠤᠨ ᠤᠯᠠᠷᠢᠯ᠎ᠳᠤ᠂ ᠡᠬᠡ ᠤᠯᠤᠰ᠎ᠤᠨ ᠤᠮᠠᠷᠠᠲᠤ᠎ᠳᠡᠬᠢ ᠠᠯᠢ ᠣᠯᠠᠨ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠠᠬᠢᠴᠠ ᠲᠦᠷᠬᠡᠳᠴᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠦᠴᠦᠲᠦ ᠪᠦᠷᠢᠶ᠎ᠡ ᠬᠠᠩᠭᠢᠨᠠᠪᠠ᠃

ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ ᠬᠦᠴᠦᠲᠡᠢ ᠬᠥᠳᠡᠯᠭᠡᠭᠦᠷ ᠮᠥᠨ᠃ ᠵᠢᠯ᠎ᠦᠨ ᠡᠬᠢᠨ᠎ᠠᠴᠠ ᠨᠠᠭᠠᠰᠢ᠂ ᠥᠪᠥᠷ ᠮᠣᠩᠭᠣᠯ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠎ᠪᠠᠷ ᠵᠢᠯᠣᠭᠣᠳᠤᠮᠵᠢ ᠪᠣᠯᠭᠠᠵᠤ᠂ ᠪᠡᠯᠡ ᠣᠷᠣᠭᠤᠯᠤᠯᠲᠠ᠎ᠶᠢᠨ ᠪᠦᠲᠦᠴᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ᠎ᠶᠢ ᠥᠷᠭᠡᠳᠬᠡᠬᠦ᠂ ᠬᠥᠳᠡᠯᠭᠡᠬᠦ ᠡᠨᠧᠷᠭᠢ᠎ᠶ᠋ᠢ ᠨᠡᠮᠡᠭᠳᠡᠭᠦᠯᠬᠦ ᠳᠤᠮᠳᠠᠬᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠤᠯᠭᠠᠭᠤᠷᠢᠯᠠᠬᠤ ᠦᠢᠯᠡᠳᠦᠯ᠎ᠢ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠦᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠨᠢᠭᠡ ᠪᠦᠯᠦᠭ ᠢᠷᠡᠭᠡᠳᠦᠢ᠎ᠶᠢᠨ ᠬᠥᠭᠵᠢᠯᠲᠡ᠎ᠳᠦ ᠬᠣᠯᠪᠣᠭᠳᠠᠬᠤ ᠴᠢᠨᠠᠷ ᠰᠠᠢᠲᠠᠢ ᠲᠥᠷᠥᠯ ᠵᠦᠢᠯ᠂ ᠣᠨᠴᠠᠯᠢᠭ᠋ ᠢᠯᠡ ᠲᠣᠳᠣ᠌ ᠠᠵᠤ ᠦᠢᠯᠡᠰ᠎ᠦᠨ ᠪᠦᠯᠦᠭᠵᠢᠯ᠂ ᠬᠥᠷ ᠬᠥᠭᠵᠢᠶᠡᠨᠲᠡᠢ ᠪᠠᠷᠢᠯᠭ᠎ᠠ᠎ᠶᠢᠨ ᠭᠠᠵᠠᠷ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠰᠦᠷ ᠳᠠᠯᠠᠢᠴᠠᠲᠠᠢ ᠬᠥᠳᠡᠯᠭᠡᠬᠦ ᠡᠨᠧᠷᠭᠢ᠎ᠶᠢ ᠬᠤᠷᠠᠮᠳᠤᠭᠤᠯᠵᠤ ᠪᠤᠢ᠃

ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠶᠡᠷᠦᠩᠬᠡᠢ ᠪᠡᠯᠡ ᠤᠷᠤᠭᠤᠯᠤᠯᠳᠠ ᠨᠢ 3.2 ᠳ᠋ᠦᠩᠰᠢᠭᠤᠷ ᠲᠥᠭᠥᠷᠢᠭ᠎ᠦᠨ ᠥᠪᠥᠷ ᠮᠣᠩᠭᠣᠯ᠎ᠤᠨ ᠴᠠᠩ ᠴᠸᠩ ᠺᠣᠮᠫᠢᠦ᠋ᠲᠧᠷ᠎ᠦᠨ ᠣᠶᠤᠨᠴᠢ ᠦᠢᠯᠡᠳᠬᠦ ᠰᠠᠭᠤᠷᠢᠨ᠎ᠤ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠢᠳᠡ ᠬᠦᠭ ᠲᠠᠢ ᠶᠠᠪᠤᠬᠳᠠᠵᠦ ᠪᠠᠢᠨ᠎ᠠ᠃ ᠲᠣᠰ ᠲᠥᠷᠥᠯ ᠵᠦᠢᠯ ᠨᠢ ᠳᠤᠮᠳᠠᠳᠤ ᠤᠯᠤᠰ᠎ᠤᠨ ᠴᠠᠩ ᠴᠸᠩ᠎ᠦᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠭᠣᠣᠯᠯᠠᠬᠤ ᠮᠡᠷᠭᠡᠵᠢᠯ᠎ᠳᠦ ᠲᠦᠰᠢᠭᠯᠡᠨ᠂ ᠢᠯᠳᠡᠰᠤ᠂ ᠭᠣᠣᠯ ᠬᠠᠪᠲᠠᠰᠤ᠎ᠡᠴᠡ ᠪᠦᠬᠦᠯᠢ ᠮᠠᠰᠢᠨ᠎ᠤ ᠵᠠᠩᠭᠢᠯᠠᠭ᠎ᠠ᠎ᠶᠢᠨ ᠲᠣᠨᠣᠭ ᠬᠦᠷᠲᠡᠯᠡᠬᠢ ᠪᠥᠬᠥ ᠬᠡᠯᠬᠢᠶ᠎ᠡ᠎ᠶᠢ ᠤᠯᠤᠰ᠎ᠲᠠᠭᠠᠨ ᠦᠢᠯᠡᠳᠪᠦᠷᠢᠯᠡᠬᠦ᠎ᠶᠢ ᠪᠡᠶᠡᠯᠡᠭᠦᠯᠵᠦ᠂ ᠭᠣᠣᠯᠯᠠᠬᠤ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ᠎ᠶᠢ ᠦᠨᠡᠨ ᠬᠦ᠌ ᠪᠡᠶᠡᠯᠡᠭᠦᠯᠪᠡ᠃ ᠲᠥᠷᠥᠯ ᠵᠦᠢᠯ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ᠎ᠳᠦ ᠪᠦᠬᠦᠯᠢ ᠮᠠᠰᠢᠨ 20 ᠲᠦᠮᠡᠨ ᠢᠵᠢ᠂ ᠦᠢᠯᠡᠴᠢᠯᠡᠭᠦᠷ 5 ᠲᠦᠮᠡᠨ ᠢᠵᠢ ᠦᠢᠯᠡᠳᠪᠦᠷᠢᠯᠡᠵᠦ᠂ ᠵᠢᠯ᠎ᠦᠨ ᠦᠢᠯᠡᠳᠬᠦᠨ᠎ᠦ ᠥᠷᠲᠡᠭ ᠨᠢ 5 ᠳ᠋ᠦᠩᠰᠢᠭᠤᠷ ᠲᠥᠭᠥᠷᠢᠭ᠎ᠲᠦ ᠬᠦᠷᠴᠦ᠂ ᠪᠠᠶᠠᠨᠨᠠᠭᠤᠷ ᠬᠣᠲᠠ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠬᠡᠷᠡᠭᠯᠡᠭᠡᠨ᠎ᠦ ᠰᠢᠨ᠎ᠡ᠎ᠶ᠋ᠢ ᠡᠭᠦᠳᠬᠦ ᠠᠵᠤ ᠦᠢᠯᠡᠰ᠎ᠦᠨ ᠬᠦᠷᠢᠶᠡᠨ᠎ᠳᠡᠬᠢ ᠬᠣᠭᠣᠰᠤᠨ᠎ᠢ ᠨᠥᠬᠥᠪᠦᠷᠢᠯᠡᠬᠦ ᠪᠦᠭᠡᠳ ᠨᠠᠩ ᠴᠤ᠌ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠬᠤᠯᠠ ᠪᠣᠳᠣᠯᠳᠠ᠎ᠶᠢᠨ ᠲᠥᠬᠦᠭᠡᠷᠦᠮᠵᠢ᠎ᠶ᠋ᠢᠨ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠬᠡᠨ ᠪᠠᠶ᠋ᠢᠭᠤᠯᠬᠤ᠎ᠶᠢ ᠠᠬᠢᠭᠤᠯᠬᠤ ᠪᠣᠯᠣᠨ᠎ᠠ᠃

ᠤᠯᠠᠭᠠᠨᠬᠠᠳᠠ ᠬᠣᠲᠠ᠎ᠶᠢᠨ ᠠᠷᠤ ᠬᠣᠷᠴᠢᠨ ᠬᠣᠰᠢᠭᠤᠨ᠎ᠳᠤ ᠹᠧᠢ ᠾᠧ (ᠠᠷᠤ ᠬᠣᠷᠴᠢᠨ ᠬᠣᠰᠢᠭᠤ)ᠵᠢᠨ ᠬᠣᠶᠠᠳᠤᠭᠠᠷ ᠬᠤᠭᠤᠴᠠᠭᠠᠨ᠎ᠤ ᠴᠠᠭᠠᠨ ᠢᠳᠡᠭᠡᠨ᠎ᠢ ᠨᠠᠷᠢᠯᠢᠭ᠋ ᠡᠳ᠋ᠰᠢᠭᠦᠯᠤᠨ ᠪᠤᠯᠪᠠᠰᠤᠷᠠᠭᠤᠯᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠶᠠᠭ ᠬᠥᠭᠵᠢᠶᠡᠨ᠎ᠲᠠᠢ ᠶᠠᠪᠤᠭᠳᠠᠵᠤ ᠪᠣᠶ᠃ ᠣᠳᠣᠬᠠᠨ᠎ᠳᠤ᠂ ᠲᠥᠷᠥᠯ ᠵᠦᠢᠯ᠎ᠦᠨ ᠰᠤᠪᠤᠷᠭᠠᠨ ᠬᠡᠯᠪᠡᠷᠢᠳᠤ ᠠᠰᠠᠷ᠎ᠢ ᠨᠢᠭᠡᠨᠲᠡ ᠪᠦᠲᠦᠬᠡᠨ ᠪᠠᠢᠭᠤᠯᠵᠤ ᠳᠠᠭᠤᠰᠬᠠᠨ᠂ ᠪᠣᠰᠣᠭᠠᠯᠵᠢᠨ ᠬᠥᠮᠥᠷᠭᠡ᠎ᠶᠢᠨ ᠰᠠᠭᠤᠷᠢ ᠪᠠᠷᠢᠯᠭ᠎ᠠ᠎ᠶᠢᠨ ᠠᠵᠢᠯ ᠰᠢᠪᠲᠤᠷᠠᠭᠠᠨ᠎ᠳᠠᠭᠠᠨ ᠣᠷᠣᠵᠤ᠂ ᠪᠦᠬᠦᠯᠢ ᠴᠣᠭᠴᠠ᠎ᠶᠢᠨ ᠪᠦᠲᠦᠭᠡᠨ ᠪᠠᠢᠭᠤᠯᠤᠯᠲᠠ᠎ᠶ᠋ᠢ ᠲᠥᠯᠥᠪᠯᠡᠭᠡ ᠶᠣᠰᠣᠭᠠᠷ ᠯᠠᠪᠳᠠᠭᠤᠨ᠎ᠢᠶᠠᠷ ᠠᠬᠢᠭᠤᠯᠵᠤ᠂ ᠵᠢᠱ᠌ᠢᠯᠲᠡ᠎ᠪᠡᠷ 2026 ᠣᠨ᠎ᠤ 12 ᠰᠠᠷ᠎ᠠ᠎ᠳᠤ ᠪᠦᠲᠦᠬᠡᠨ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠬᠤ ᠪᠤᠯᠤᠨ᠎ᠠ᠃ ᠲᠣᠰ ᠲᠥᠷᠥᠯ ᠵᠦᠢᠯ ᠪᠣᠯ ᠳᠤᠮᠳᠠᠳᠤ ᠤᠯᠤᠰ᠎ᠤᠨ ᠹᠧᠢ ᠾᠧ ᠺᠣᠮᠫᠠᠨᠢ᠎ᠶᠢᠨ ᠤᠯᠤᠰ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠳᠠᠪᠤᠰᠤ ᠦᠭᠡᠢᠳᠡᠭᠦᠯᠦᠭᠰᠡᠨ ᠰᠢᠷᠠᠰᠤ᠎ᠶ᠋ᠢᠨ ᠪᠦᠳᠦᠭᠡᠭᠳᠡᠭᠦᠨ᠎ᠤ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭᠰᠢᠯᠡᠭᠦᠯᠬᠦ 《ᠲᠤᠨᠭᠬᠠᠭ ᠨᠡᠢᠲᠡᠯᠡᠨ ᠮᠠᠩᠯᠠᠢᠯᠠᠭᠴᠢ ᠡᠯᠰᠡᠬᠦ》 ᠡᠭᠦᠷᠭᠡ᠎ᠶ᠋ᠢ ᠳᠠᠭᠠᠭᠠᠨ ᠠᠪᠤᠭᠰᠠᠨ ᠠᠩᠬᠠᠳᠠᠭ᠍ᠴᠢ ᠬᠡᠪᠴᠢᠶᠡᠵᠢᠭᠦᠯᠦᠭᠰᠡᠨ ᠦᠢᠯᠡᠳᠦᠯᠭᠡ ᠪᠠᠢᠵᠦ᠂ ᠢᠷᠡᠭᠡᠳᠦᠢ᠎ᠳᠦ ᠤᠯᠤᠰ᠎ᠤᠨ ᠳᠣᠲᠣᠭᠠᠳᠤ᠎ᠶᠢᠨ ᠰᠢᠷᠠᠰᠤ᠎ᠶᠢᠨ ᠨᠤᠨᠳᠠᠭ᠂ ᠰᠦ᠎ᠶ᠋ᠢᠨ ᠤᠭᠤᠷᠠᠭ ᠵᠡᠷᠭᠡ ᠭᠣᠣᠯᠯᠠᠬᠤ ᠨᠠᠢᠷᠠᠯᠭ᠎ᠠ᠎ᠶᠢᠨ 《ᠪᠣᠭᠣᠮᠢ》 ᠪᠣᠯᠬᠤ ᠪᠡᠷᠬᠡ ᠰᠡᠳᠦᠪ᠎ᠢ ᠪᠦᠲᠦᠮᠵᠢᠲᠡᠶ ᠰᠢᠢᠳᠪᠦᠷᠢᠯᠡᠵᠦ᠂ ᠰᠦ᠎ᠶᠢᠨ ᠦᠢᠯᠡᠰ᠎ᠦᠨ ᠵᠠᠩᠭᠢᠯᠠᠭ᠎ᠠ᠎ᠶᠢᠨ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠰᠦ᠎ᠶᠢᠨ ᠦᠢᠯᠡᠰ᠎ᠦᠨ ᠦᠷᠭᠦᠯᠵᠢᠯᠡᠬᠦ ᠬᠥᠭᠵᠢᠯᠲᠡ᠎ᠳᠦ ᠭᠣᠣᠯᠯᠠᠬᠤ ᠬᠥᠳᠡᠯᠭᠡᠭᠦ ᠡᠨᠧᠷᠭᠢ ᠨᠡᠮᠡᠷᠢᠯᠡᠬᠦ ᠪᠣᠯᠣᠨ᠎ᠠ᠃ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 2.2 ᠳ᠋ᠦᠩᠰᠢᠭᠤᠷ ᠲᠥᠭᠥᠷᠢᠭ᠎ᠲᠦ ᠬᠦᠷᠴᠦ᠂ ᠲᠡᠭᠦᠨ᠎ᠦ ᠭᠣᠣᠯᠳᠠᠯᠭ᠎ᠠ ᠨᠢ ᠪᠦᠷᠢᠮᠦᠰᠤᠨ ᠥᠪᠡᠰᠦᠪᠡᠨ ᠡᠵᠡᠮᠳᠡᠭᠰᠡᠨ ᠦᠷᠭᠦᠯᠵᠢᠯᠡᠬᠦ ᠮᠠᠶᠢᠭ᠋᠎ᠤᠨ ᠰᠢᠰᠲᠧᠮ᠎ᠦᠨ ᠲᠡᠷᠢᠭᠦᠨ᠎ᠦ ᠪᠦᠷᠬᠦᠭᠦᠯ᠎ᠦᠨ ᠮᠡᠷᠭᠡᠵᠢᠯ᠎ᠦᠨ ᠴᠠᠭᠠᠨ ᠢᠳᠡᠭᠡᠨ᠎ᠢ ᠨᠠᠷᠢᠯᠢᠭ᠋ ᠡᠳ᠋ᠰᠢᠭᠦᠯᠬᠦ ᠦᠢᠯᠡᠳᠪᠦᠷᠢᠯᠡᠯ᠎ᠦᠨ ᠱᠤᠭᠤᠮ᠎ᠢ ᠪᠦᠲᠦᠬᠡᠨ ᠪᠠᠢᠭᠤᠯᠵᠤ᠂ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠵᠢᠯ᠎ᠳᠦ 9000 ᠲᠣᠨ ᠳᠠᠪᠤᠰᠤ ᠦᠭᠡᠢᠳᠡᠭᠦᠯᠦᠭᠰᠡᠨ ᠰᠢᠷᠠᠰᠤ᠂ 5600 ᠲᠣᠨ ᠲᠠᠷᠠᠭ᠎ᠤᠨ ᠤᠭᠤᠷᠠᠭ ᠦᠢᠯᠡᠳᠪᠦᠷᠢᠯᠡᠵᠦ᠂ ᠵᠢᠯ᠎ᠦᠨ ᠦᠢᠯᠡᠳᠬᠦᠨ᠎ᠦ ᠥᠷᠲᠡᠭ ᠨᠢ 8.8 ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠨ᠎ᠠ᠃

ᠣᠢᠷ᠎ᠠ᠎ᠳᠤ᠂ ᠨᠠᠨ ᠳᠠ ᠬᠡᠷᠡᠯᠴᠢ ᠴᠡᠨᠡᠭ᠎ᠤᠨ ᠴᠠᠬᠢᠯᠭᠠᠨ᠎ᠤ (ᠤᠯᠠᠭᠠᠨᠴᠠᠪ) ᠬᠢᠵᠠᠭᠠᠷᠲᠤ ᠺᠣᠮᠫᠠᠨᠢ᠎ᠶᠢᠨ ᠵᠢᠯ᠎ᠳᠦ 1 ᠲᠦᠮᠡᠨ ᠲᠣᠨ ᠦᠨᠳᠦᠷ ᠴᠡᠪᠡᠷᠴᠡ᠎ᠶᠢᠨ ᠡᠯᠧᠺᠲᠷᠣᠨ ᠲᠠᠰ᠎ᠤᠨ ᠭᠤᠷᠪᠠᠨ ᠹᠯᠣᠷᠲᠤ ᠠᠽᠣᠲ ᠦᠢᠯᠡᠳᠪᠦᠷᠢᠯᠡᠬᠦ ᠲᠦᠷᠦᠯ ᠵᠦᠢᠯ ᠨᠢ ᠠᠮᠵᠢᠯᠲᠠ᠎ᠲᠠᠢ ᠵᠥᠪᠰᠢᠶᠡᠷᠡᠭᠳᠡᠪᠡ᠂ ᠡᠨᠡ ᠨᠢ ᠤᠯᠠᠭᠠᠨᠴᠠᠪ ᠬᠣᠲᠠ᠎ᠶᠢᠨ ᠰᠢᠨ᠎ᠡ ᠮᠠᠲᠧᠷᠢᠶᠠᠯ᠎ᠤᠨ ᠠᠵᠤ ᠦᠢᠯᠡᠰ ᠬᠡᠪᠴᠢᠶᠡᠵᠢᠭᠰᠡᠨ᠂ ᠳᠡᠭᠡᠳᠦ ᠮᠡᠷᠭᠡᠵᠢᠯ᠎ᠦᠨ ᠬᠥᠭᠵᠢᠯᠲᠡ᠎ᠶᠢᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃ ᠲᠥᠷᠥᠯ ᠵᠦᠢᠯ ᠨᠢ ᠤᠯᠠᠭᠠᠨᠴᠠᠪ ᠬᠣᠲᠠ᠎ᠶᠢᠨ᠎ᠶ᠋ᠢᠨᠢᠩ ᠲᠣᠭᠣᠷᠢᠭ᠋᠎ᠲᠤ ᠪᠠᠢᠷᠢᠯᠠᠵᠤ᠂ 8 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ᠂ ᠲᠥᠷᠥᠯ ᠵᠦᠢᠯ ᠨᠢ 《ᠮᠡᠷᠭᠡᠵᠢᠯ + ᠡᠬᠢ ᠪᠠᠶᠠᠯᠢᠭ᠋》᠎ᠤ᠋ᠨ ᠬᠣᠣᠰ ᠳᠠᠪᠠᠭᠤᠯᠢᠭ᠋᠎ᠢ ᠭᠦᠢᠴᠡᠳ ᠪᠠᠳᠠᠷᠠᠭᠤᠯᠪᠠ᠄ ᠨᠠᠨ ᠳᠠ ᠬᠡᠷᠡᠯᠴᠢ ᠴᠡᠨᠡᠭ᠎ᠤᠨ ᠴᠠᠬᠢᠯᠭᠠᠨ᠎ᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠴᠢᠳᠠᠪᠤᠷᠢᠲᠠᠨ᠎ᠢ ᠲᠥᠪᠯᠡᠷᠡᠭᠦᠯᠬᠦ ᠲᠠᠯ᠎ᠠ᠎ᠪᠠᠷ ᠬᠢ ᠳᠠᠪᠠᠭᠤᠯᠢᠭ᠋᠎ᠲᠤ ᠲᠦᠰᠢᠭᠯᠡᠬᠦ ᠮᠥᠷᠲᠡᠭᠡᠨ ᠪᠠᠰᠠ ᠤᠯᠠᠭᠠᠨᠴᠠᠪ ᠬᠣᠲᠠ᠎ᠶᠢᠨ ᠹᠯᠣᠷ ᠴᠠᠬᠢᠭᠤᠷ᠎ᠤᠨ ᠠᠭᠤᠷᠬᠠᠢ᠎ᠶᠢᠨ ᠭᠠᠷᠤᠯᠲᠠ ᠬᠢᠭᠡᠳ ᠴᠡᠪᠡᠷ ᠡᠨᠧᠷᠭᠢ᠎ᠶᠢᠨ ᠡᠬᠢ ᠪᠠᠶᠠᠯᠢᠭ᠋᠎ᠢ ᠭᠦᠨᠵᠡᠭᠡᠢ ᠠᠭᠤᠰᠤᠯᠴᠠᠭᠤᠯᠵᠤ᠂ 《ᠡᠬᠢ ᠪᠠᠶᠠᠯᠢᠭ᠋ + ᠮᠡᠷᠭᠡᠵᠢᠯ + ᠵᠠᠬ᠎ᠠ ᠳᠡᠯᠭᠡᠭᠦᠷ》᠎ᠤ᠋ᠨ ᠰᠠᠢᠨ ᠰᠠᠢᠬᠠᠨ ᠬᠠᠷᠢᠯᠴᠠᠨ ᠦᠢᠯᠡᠳᠦᠯᠴᠡᠭᠰᠡᠨ ᠠᠵᠤ ᠦᠢᠯᠡᠰ᠎ᠦᠨ ᠠᠮᠢ ᠠᠬᠤᠢ᠎ᠶᠢ ᠪᠦᠷᠢᠯᠳᠦᠭᠦᠯᠬᠦ᠎ᠶᠢ ᠠᠬᠢᠭᠤᠯᠤᠨ᠎ᠠ᠃ ᠲᠥᠷᠥᠯ ᠵᠦᠢᠯ᠎ᠢ ᠪᠦᠲᠦᠬᠡᠨ ᠪᠠᠢᠭᠤᠯᠤᠭᠰᠠᠨ᠎ᠤ ᠳᠠᠷᠠᠭ᠎ᠠ᠂ ᠶᠡᠷᠦᠩᠬᠡᠢ ᠦᠢᠯᠡᠳᠪᠦᠷᠢᠯᠡᠯ᠎ᠤᠨ ᠴᠢᠳᠠᠪᠤᠷᠢ ᠨᠢ ᠵᠢᠱ᠌ᠢᠯᠲᠡ᠎ᠪᠡᠷ 17200 ᠲᠣᠨ᠎ᠳᠤ ᠬᠦᠷᠴᠦ᠂ ᠪᠥᠬᠥ ᠪᠥᠮᠪᠥᠷᠴᠡᠭ᠎ᠲᠤ ᠬᠡᠪᠴᠢᠶ᠎ᠡ᠎ᠪᠡᠷ ᠬᠠᠮᠤᠬ᠎ᠤᠨ ᠶᠡᠬᠡ᠂ ᠦᠢᠯᠡᠳᠪᠦᠷᠢᠯᠡᠯ᠎ᠤᠨ ᠴᠢᠳᠠᠪᠤᠷᠢ᠎ᠪᠠᠷ ᠬᠠᠮᠤᠭ᠎ᠤᠨ ᠶᠡᠬᠡ ᠭᠤᠷᠪᠠᠨ ᠹᠯᠣᠷᠲᠤ ᠠᠽᠣᠲ᠎ᠤᠨ ᠦᠢᠯᠡᠳᠪᠦᠷᠢᠯᠡᠯ᠎ᠦᠨ ᠰᠠᠭᠤᠷᠢᠨ ᠪᠣᠯᠬᠤ ᠪᠣᠯᠣᠨ᠎ᠠ᠃ ᠡᠭᠦᠨ᠎ᠦ ᠬᠠᠮᠲᠤ᠂ ᠲᠥᠷᠥᠯ ᠵᠦᠢᠯ ᠨᠢ ᠵᠢᠯ ᠪᠦᠷᠢ ᠪᠠᠷᠤᠭ 3000 ᠲᠦᠮᠡᠨ ᠲᠥᠭᠥᠷᠢᠭ᠎ᠦᠨ ᠭᠠᠢᠯᠢ ᠲᠤᠰᠢᠶᠠᠵᠦ᠂ 200 ᠭᠠᠷᠤᠢ ᠠᠵᠢᠯ᠎ᠤᠨ ᠪᠠᠢᠷᠢ ᠬᠠᠩᠭᠠᠵᠤ᠂ ᠠᠵᠤ ᠠᠬᠤᠢ ᠪᠠ ᠨᠡᠢᠭᠡᠮ᠎ᠦᠨ ᠦᠷ᠎ᠡ ᠠᠰᠢᠭ᠋᠎ᠤᠨ ᠬᠣᠣᠰ ᠳᠡᠭᠡᠭᠰᠢᠯᠡᠯᠲᠡ᠎ᠶᠢ ᠪᠡᠶᠡᠯᠡᠭᠦᠯᠬᠦ ᠪᠤᠯᠤᠨ᠎ᠠ᠃

ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠣᠣᠯᠳᠠᠯᠭ᠎ᠠ᠎ᠲᠠᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠲᠤᠬᠠᠢ ᠰᠢᠷᠢᠰ ᠪᠠᠢᠷᠢᠯᠠᠭᠤᠯᠤᠯᠲᠠ ᠬᠢᠪᠡ᠃ ᠦᠵᠦ ᠲᠥᠯᠥᠪᠯᠡᠭᠡ᠎ᠶᠢᠨ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠡᠯ᠎ᠡ ᠠᠵᠢᠯ ᠲᠥᠷᠥᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠬᠦᠴᠦᠨ ᠵᠦᠢᠯ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ ᠪᠦᠬᠦ ᠲᠠᠯ᠎ᠠ᠎ᠶᠢᠨ ᠭᠤᠷᠪᠠᠨ ᠱᠠᠲᠤ ᠬᠠᠮᠳᠤᠷᠠᠬᠰᠠᠨ ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠥᠯᠥᠪᠯᠡᠬᠦ ᠰᠢᠰᠲᠧᠮ᠎ᠢ ᠲᠡᠭᠦᠯᠳᠡᠷᠵᠢᠭᠦᠯᠦᠨ ᠪᠦᠷᠢᠨᠰᠢᠭᠦᠯᠪᠡ᠃ ᠡᠨᠡ ᠵᠢᠯ᠎ᠦᠨ 2 ᠰᠠᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ》 (ᠳᠣᠷᠣᠭ᠍ᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠨ᠎ᠠ)᠎ᠢ᠋ ᠳᠠᠷᠤᠮᠠᠯᠯᠠᠨ ᠲᠠᠷᠬᠠᠭᠠᠪᠠ᠃ ᠥᠪᠥᠷ ᠮᠣᠩᠭᠣᠯ᠎ᠤᠨ 22 ᠰᠠᠯᠠᠭ᠎ᠠ ᠮᠥᠴᠢᠷ᠂ 12 ᠠᠢᠮᠠᠭ ᠬᠣᠲᠠ 《ᠬᠡᠷᠡᠭᠵᠢᠭᠦᠯᠬᠦ ᠲᠥᠰᠥᠯ》᠎ᠢ᠋ ᠦᠨᠳᠦᠰᠦᠯᠡᠨ ᠲᠣᠰ ᠲᠣᠰ᠎ᠤᠨ ᠠᠵᠢᠯ᠎ᠤᠨ ᠲᠥᠰᠥᠯ᠎ᠢᠶᠡᠨ ᠳᠠᠷᠤᠮᠠᠯᠯᠠᠨ ᠲᠠᠷᠬᠠᠭᠠᠵᠤ᠂ ᠠᠵᠢᠯ᠎ᠤᠨ ᠡᠭᠦᠷᠭᠡ᠎ᠪᠡᠨ ᠨᠠᠷᠢᠯᠢᠭ᠍ᠵᠢᠭᠤᠯᠤᠨ᠂ ᠠᠵᠢᠯ᠎ᠤᠨ ᠬᠠᠷᠠᠯᠲᠠ᠎ᠪᠠᠨ ᠬᠡᠮᠵᠢᠶᠡᠯᠡᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠤᠨ᠂ 《1 ᠬᠡᠷᠡᠭᠵᠢᠭᠦᠯᠬᠦ ᠲᠥᠰᠥᠯ + N ᠠᠵᠢᠯ᠎ᠤᠨ ᠲᠥᠰᠥᠯ》᠎ᠢ ᠪᠣᠶ ᠪᠣᠯᠭᠠᠪᠠ᠃

ᠥᠪᠥᠷ ᠮᠣᠩᠭᠣᠯ᠎ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠤᠯᠤᠰ᠎ᠤᠨ ᠴᠢᠬᠤᠯᠠ ᠶᠡᠬᠡ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠬᠥᠮᠥᠷᠭᠡ᠎ᠳᠦ ᠲᠦᠱᠢᠭ᠌ᠯᠡᠨ᠂ ᠪᠣᠶ ᠪᠥᠬᠥᠶ ᠲᠥᠷᠥᠯ ᠵᠦᠶ᠋ᠯ᠎ᠢ ᠬᠥᠮᠥᠷᠭᠡ᠎ᠳᠦ ᠣᠷᠣᠭᠤᠯᠤᠨ ᠬᠥᠳᠡᠯᠦᠩᠭᠦᠶ ᠬᠠᠮᠢᠶᠠᠷᠴᠤ᠌᠂ ᠲᠤᠰᠭᠠᠶ ᠬᠥᠮᠦᠨ᠎ᠢᠶᠡᠷ ᠬᠠᠷᠢᠭᠤᠴᠠᠭᠤᠯᠤᠨ᠂ ᠲᠤᠢᠯ ᠎ᠤᠨ ᠣᠨᠣᠪᠴᠢᠲᠠᠶ ᠲᠣᠬᠢᠷᠠᠭᠤᠯᠵᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠌᠂ ᠮᠡᠳᠡᠭᠡ ᠵᠠᠩᠭᠢ᠎ᠶ᠋ᠢ ᠬᠠᠮᠲᠤ᠎ᠪᠠᠷ ᠭᠥᠷᠳᠡᠬᠦ᠌᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠲᠥᠷᠥᠯ ᠵᠦᠶ᠋ᠯ᠎ᠢ ᠲᠥᠰᠦᠪᠯᠡᠬᠦ᠌᠂ ᠵᠠᠳᠠᠯᠬᠤ᠎ᠶ᠋ᠢᠨ ᠱᠢᠰᠲ᠋ᠧᠮᠲᠦ ᠴᠢᠨᠠᠷ᠂ ᠬᠠᠨᠳᠤᠯᠭᠠᠳᠤ ᠴᠢᠨᠠᠷ᠂ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠪᠠᠨ ᠲᠦᠷᠭᠡᠳᠭᠡᠬᠦ᠎ᠶ᠋ᠢ ᠠᠬᠢᠭᠤᠯᠪᠠ᠃

《ᠭᠤᠷᠪᠠᠳᠤᠭᠠᠷ ᠤᠯᠠᠷᠢᠯ᠎ᠤᠨ ᠡᠴᠦᠰ ᠪᠣᠯᠲᠠᠯ᠎ᠠ᠂ ᠪᠥᠬᠥ᠌ ᠣᠷᠣᠨ᠎ᠤ ᠪᠠᠷᠢᠯᠭ᠎ᠠ ᠎ᠪᠡᠨ ᠡᠬᠢᠯᠡᠭᠦᠯᠦᠨ ᠰᠡᠷᠭᠦᠭᠡᠭ᠌ᠰᠡᠨ ᠴᠢᠬᠤᠯᠠ ᠶᠡᠬᠡ ᠲᠥᠷᠥᠯ ᠵᠦᠶ᠋ᠯ 3341 ᠪᠠᠢᠵᠤ᠂ ᠪᠥᠲᠥᠭᠡᠨ ᠪᠠᠢᠭᠤᠯᠤᠯᠲᠠ᠎ᠶ᠋ᠢᠨ ᠪᠠᠯᠠ ᠣᠷᠣᠭᠤᠯᠤᠯᠲᠠ 8099 ᠳ᠋ᠦᠩᠱᠢᠭᠤᠷ ᠲᠥᠭᠥᠷᠢᠭ᠎ᠲᠤ ᠬᠦᠷᠴᠤ᠂ ᠨᠢᠳᠤᠨᠤᠨ᠎ᠤ ᠠᠳᠠᠯᠢ ᠬᠤᠭᠤᠴᠠᠭᠠᠨ᠎ᠤ (7720 ᠳ᠋ᠦᠩᠱᠢᠭᠤᠷ ᠲᠥᠭᠥᠷᠢᠭ) ᠬᠢ᠎ᠠᠴᠠ 379 ᠳ᠋ᠦᠩᠱᠢᠭᠤᠷ ᠲᠥᠭᠥᠷᠢᠭ ᠨᠡᠮᠡᠭ᠌ᠳᠡᠨ᠂ 4.9%᠎ᠪᠠᠷ ᠨᠡᠮᠡᠭ᠌ᠳᠡᠵᠦ᠍᠂ ᠣᠨ᠎ᠤ ᠲᠥᠯᠥᠪᠯᠡᠭᠡ᠎ᠶ᠋ᠢᠨ 80%᠎ᠶ᠋ᠢ ᠪᠡᠶᠡᠯᠡᠭᠦᠯᠪᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃

ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠪᠠᠨ ᠲᠦᠷᠭᠡᠳᠭᠡᠬᠦ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ 《ᠬᠠᠲᠠᠭᠤ ᠲᠤᠯᠭᠠᠭᠤᠷᠢᠯᠠᠯ》ᠡᠴᠡ ᠰᠠᠯᠵᠤ ᠴᠢᠳᠠᠬᠤ ᠥᠬᠡᠶ ᠶᠤᠮ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ ᠦᠶ᠋ᠯᠡᠴᠢᠯᠡᠭᠡᠨ᠎ᠦ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠪᠠᠷ ᠬᠥᠲᠥᠯᠥᠨ ᠳᠠᠭᠠᠭᠤᠯᠵᠤ ᠪᠠᠢᠭᠠᠳ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠠᠵᠤ ᠠᠬᠤᠢᠯᠠᠯ᠎ᠳᠤ 《ᠵᠠᠶ ᠵᠠᠪᠰᠠᠷ ᠥᠬᠡᠶ》 ᠦᠢᠯᠡᠴᠢᠯᠡᠵᠦ᠍᠂ 《ᠠᠵᠤ ᠠᠬᠤᠢᠯᠠᠯ ᠠᠰᠠᠭᠤᠳᠠᠯ᠎ᠤᠨ ᠲᠠᠩᠰᠠ ᠭᠠᠷᠭᠠᠵᠤ᠂ ᠵᠠᠰᠠᠭ᠎ᠤᠨ ᠣᠷᠳᠣᠨ ᠠᠰᠠᠭᠤᠳᠠᠯ᠎ᠢ ᠱᠢᠶ᠋ᠳᠪᠦᠷᠢᠯᠡᠬᠦ᠌》᠎ᠶ᠋ᠢ ᠪᠠᠢᠩᠭᠤ ᠥᠷᠨᠢᠭᠦᠯᠵᠦ᠍᠂ ᠠᠰᠠᠭᠤᠳᠠᠯ᠎ᠢ ᠴᠤᠭ᠍ᠯᠠᠭᠤᠯᠬᠤ᠂ ᠬᠤᠪᠢᠳᠠᠨ ᠭᠦᠶ᠋ᠴᠡᠳᠭᠡᠬᠦ᠌᠂ ᠱᠢᠶ᠋ᠳᠪᠦᠷᠢᠯᠡᠬᠦ᠌᠂ ᠬᠠᠷᠢᠭᠤ ᠲᠤᠰᠭᠠᠬᠤ ᠪᠦᠬᠦ ᠭᠤᠭᠴᠤᠭ᠎ᠠ᠎ᠶ᠋ᠢᠨ ᠬᠠᠮᠢᠶᠠᠷᠤᠯᠲᠠ᠎ᠶ᠋ᠢ ᠪᠦᠷᠢᠯᠳᠦᠭᠦᠯᠵᠦ᠍᠂ ᠠᠵᠤ ᠠᠬᠤᠢᠯᠠᠯ ᠎ᠤᠨ ᠬᠥᠭ᠌ᠵᠢᠯᠲᠡ᠎ᠶ᠋ᠢ ᠨᠥᠯᠥᠭᠡᠯᠡᠵᠦ᠍ ᠪᠠᠢᠭ᠎ᠠ ᠲᠣᠪᠣᠢᠮ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡ᠃

ᠪᠠᠶᠠᠨᠨᠠᠭᠤᠷ ᠬᠣᠲᠠ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠥᠷᠥᠯ ᠵᠦᠶ᠋ᠯ ᠲᠣᠭ᠍ᠲᠠᠭᠠᠨ ᠬᠢᠨᠠᠨ ᠵᠥᠪᠱᠢᠶᠡᠷᠡᠬᠦ᠌᠂ ᠭᠠᠵᠠᠷ ᠱᠢᠷᠣᠶ ᠬᠡᠷᠡᠭ᠌ᠯᠡᠬᠦ᠌ ᠲᠥᠯᠥᠪᠵᠢᠭᠦᠯᠭᠡ᠂ ᠪᠠᠷᠢᠯᠭ᠎ᠠ᠎ᠶ᠋ᠢᠨ ᠵᠥᠪᠱᠢᠶᠡᠷᠡᠯ ᠵᠡᠷᠭᠡ 33 ᠬᠢᠨᠠᠨ ᠵᠥᠪᠱᠢᠶᠡᠷᠡᠬᠦ᠌ ᠵᠦᠶ᠋ᠯᠡᠰ᠎ᠢ 《ᠨᠢᠭᠡ ᠥᠷᠲᠡᠭᠡᠴᠢᠯᠡᠭᠰᠡᠡ ᠮᠠᠶᠢᠭ》᠎ᠢᠶᠠᠷ ᠭᠦᠶ᠋ᠴᠡᠳᠭᠡᠵᠦ᠍᠂ ᠠᠵᠤ ᠠᠬᠤᠢᠯᠠᠯ᠎ᠳᠤ ᠬᠣᠯᠪᠣᠭ᠍ᠳᠠᠬᠤ ᠲᠥᠷᠥ᠎ᠶ᠋ᠢᠨ ᠪᠣᠳᠣᠯᠭ᠎ᠠ᠎ᠶ᠋ᠢᠨ 《ᠺᠣᠳ᠋》᠎ᠢᠶᠠᠷ ᠪᠠᠢᠴᠠᠭᠠᠬᠤ ᠦᠶ᠋ᠯᠡᠴᠢᠯᠡᠭᠡ᠎ᠶ᠋ᠢ ᠨᠡᠪᠲᠡᠷᠡᠭᠦᠯᠵᠦ᠍᠂ 《ᠲᠥᠷᠥ᠎ᠶ᠋ᠢᠨ ᠪᠣᠳᠣᠯᠭ᠎ᠠ + ᠲᠠᠢᠯᠤᠮᠵᠢ + ᠪᠡᠶᠡᠯᠡᠭᠦᠯᠬᠦ》 ᠦᠢᠯᠡᠴᠢᠯᠡᠭᠡᠨ᠎ᠦ ᠱᠢᠨ᠎ᠡ ᠵᠠᠭ᠍ᠪᠤᠷ᠎ᠢ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠲᠠᠷᠢᠶᠠᠯᠠᠩ᠎ᠤᠨ ᠬᠥᠭ᠌ᠵᠢᠯᠲᠡ᠂ ᠤᠰᠤᠨ ᠠᠱᠢᠭ᠍ᠯᠠᠯᠲᠠ᠎ᠶ᠋ᠢᠨ ᠪᠥᠲᠥᠭᠡᠨ ᠪᠠᠢᠭᠤᠯᠤᠯᠲᠠ ᠵᠡᠷᠭᠡ 14 ᠠᠵᠢᠯ ᠲᠥᠷᠥᠯ᠎ᠦᠨ ᠲᠣᠭᠣᠷᠢᠨ᠎ᠳᠤ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠮᠡᠳᠡᠭᠡ ᠵᠠᠩᠭᠢ᠎ᠶ᠋ᠢᠨ ᠬᠥᠮᠥᠷᠭᠡ᠎ᠶ᠋ᠢ ᠪᠠᠢᠭᠤᠯᠪᠠ᠃

ᠣᠷᠳᠣᠰ ᠬᠣᠲᠠ 《ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠠᠵᠢᠯ ᠡᠬᠢᠯᠡᠭᠦᠯᠬᠦ᠌ ᠨᠢᠭᠡᠨ ᠶᠠᠪᠤᠳᠠᠯ》ᠤ᠋ᠨ ᠬᠢᠨᠠᠨ ᠵᠥᠪᠱᠢᠶᠡᠷᠡᠯ᠎ᠳᠦ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ 《ᠣᠯᠠᠨ ᠦᠨᠡᠮᠯᠡᠯ᠎ᠢ ᠬᠠᠮᠲᠤ᠎ᠳᠤᠨᠢ ᠲᠠᠷᠬᠠᠭᠠᠬᠤ》 ᠲᠤᠢᠯ᠎ᠤᠨ ᠲᠦᠷᠭᠡᠨ ᠬᠢᠨᠠᠨ ᠵᠥᠪᠱᠢᠶᠡᠷᠡᠬᠦ᠌ ᠱᠢᠨ᠎ᠡ ᠵᠠᠭ᠍ᠪᠤᠷ᠎ᠢ ᠬᠡᠷᠡᠭ᠌ᠵᠢᠭᠦᠯᠦᠨ᠂ ᠤᠯᠠᠮᠵᠢᠯᠠᠯᠲᠤ ᠬᠢᠨᠠᠨ ᠵᠥᠪᠱᠢᠶᠡᠷᠡᠬᠦ᠌ ᠭᠣᠭ᠍ᠴᠣᠭ᠎ᠠ ᠣᠯᠠᠨ᠂ ᠦᠶᠡᠯᠡᠯ ᠣᠷᠳᠣ᠂ ᠥᠪᠡᠷ᠎ᠦᠨ ᠥᠷᠲᠡᠭ ᠥᠨᠳᠥᠷ ᠵᠡᠷᠭᠡ ᠬᠢᠵᠠᠭᠠᠷᠯᠠᠬᠤ ᠬᠦᠴᠦᠨ ᠵᠦᠶ᠋ᠯ᠎ᠢ ᠪᠦᠲᠦᠮᠵᠢᠲᠡᠶ ᠱᠢᠶ᠋ᠳᠪᠦᠷᠢᠯᠡᠵᠦ᠍᠂ 《ᠲᠦᠷᠦᠭᠦᠯᠡᠨ ᠭᠦᠶ᠋ᠴᠡᠳᠭᠡᠬᠦ᠌ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠬᠦ᠌᠂ ᠬᠠᠮᠢᠶ᠎ᠠ ᠪᠥᠬᠥᠶ ᠰᠠᠯᠠᠭ᠎ᠠ ᠮᠥᠴᠢᠷ ᠬᠠᠮᠵᠢᠯᠴᠠᠬᠤ》 ᠠᠵᠢᠯᠯᠠᠭᠠᠨ᠎ᠤ ᠲᠣᠭ᠍ᠲᠠᠴᠠ᠎ᠶ᠋ᠢ ᠪᠠᠢᠭᠤᠯᠤᠨ᠂ 《ᠭᠠᠵᠠᠷ ᠱᠢᠷᠣᠶ ᠠᠪᠤᠮᠠᠭ᠍ᠴᠠ ᠪᠠᠷᠢᠯᠭ᠎ᠠ ᠡᠬᠢᠯᠡᠭᠦᠯᠬᠦ᠌》ᠶ᠋ᠢ ᠪᠡᠶᠡᠯᠡᠭᠦᠯᠵᠦ᠍᠂ ᠠᠵᠤ ᠠᠬᠤᠢᠯᠠᠯ᠎ᠳᠤ 《ᠣᠷᠳᠣᠰ᠎ᠤᠨ ᠬᠤᠷᠳᠤᠴᠠ》ᠶ᠋ᠢ ᠭᠦᠨᠵᠡᠭᠡᠶ ᠮᠡᠳᠡᠷᠡᠭᠦᠯᠪᠡ᠃ ᠣᠳᠣᠬᠠᠨ᠎ᠳᠤ᠂ ᠣᠷᠳᠣᠰ ᠬᠣᠲᠠ ᠨᠢᠭᠡᠨᠲᠡ ᠹᠠᠩ ᠢᠦᠶ ᠬᠢᠮᠢ᠎ᠶ᠋ᠢᠨ ᠪᠣᠷᠲᠣᠭᠣᠷ᠎ᠤᠨ ᠬᠢᠵᠠᠭᠠᠷᠲᠤ ᠺᠣᠮᠫᠠᠨᠢ᠎ᠶ᠋ᠢᠨ ᠵᠢᠯ᠎ᠳᠦ 20 ᠲᠦᠮᠡᠨ ᠲᠣᠨ ᠱᠢᠨ᠎ᠡ ᠬᠡᠯᠪᠡᠷᠢ᠎ᠶ᠋ᠢᠨ ᠪᠣᠷᠲᠣᠭᠣᠷ ᠦᠶ᠋ᠯᠡᠳᠪᠦᠷᠢᠯᠡᠬᠦ᠌ ᠲᠥᠷᠥᠯ ᠵᠦᠶ᠋ᠯ ᠵᠡᠷᠭᠡ ᠣᠯᠠᠨ ᠲᠥᠷᠥᠯ ᠵᠦᠶ᠋ᠯ᠎ᠳᠦ 《ᠣᠯᠠᠨ ᠦᠨᠡᠮᠯᠡᠯ᠎ᠢ ᠬᠠᠮᠲᠤ᠎ᠳᠤᠨᠢ ᠲᠠᠷᠬᠠᠭᠠᠬᠤ》ᠦᠶ᠋ᠯᠡᠴᠢᠯᠡᠭᠡ ᠬᠠᠩᠭᠠᠵᠤ᠂ ᠠᠵᠤ ᠠᠬᠤᠢᠯᠠᠯ᠎ᠤᠨ ᠬᠢᠨ᠎ᠤ 《ᠣᠯᠠᠨᠳᠠ ᠭᠦᠶᠦᠵᠦ᠂ ᠳᠠᠪᠬᠤᠷᠳᠠᠭᠤᠯᠤᠨ ᠲᠤᠱᠢᠶᠠᠬᠤ》 ᠠᠰᠠᠭᠤᠳᠠᠯ᠎ᠢ ᠱᠢᠶ᠋ᠳᠪᠦᠷᠢᠯᠡᠪᠡ᠃

《ᠪᠢᠳᠡ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠦᠷᠭᠦᠯᠵᠢᠯᠡᠨ ᠥᠷᠭᠡᠳᠭᠡᠵᠦ᠍᠂ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ᠃ ᠨᠢᠭᠡ ᠎ᠳᠦ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ ᠪᠠ ᠲᠤᠰᠭᠠᠶ ᠠᠵᠢᠯ᠎ᠤᠨ ᠳᠤᠭᠤᠢᠯᠠᠩ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ 〈ᠮᠠᠲᠧᠷᠢᠶᠠᠯ ᠲᠤᠳᠠᠭᠰᠠᠨ ᠴᠦ᠍ ᠭᠥᠯᠢᠶᠡᠨ ᠠᠪᠴᠤ᠌ ᠱᠢᠶ᠋ᠳᠪᠦᠷᠢᠯᠡᠬᠦ᠌᠂ ᠬᠠᠮᠳᠤᠷᠠᠭᠤᠯᠤᠨ ᠭᠦᠶ᠋ᠴᠡᠳᠭᠡᠬᠦ᠌〉ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠴᠢᠬᠤᠯᠠ ᠶᠡᠬᠡ ᠲᠥᠷᠥᠯ ᠵᠦᠶ᠋ᠯ᠎ᠢ ᠲᠦᠷᠭᠡᠳᠭᠡᠨ ᠨᠠᠢᠳᠠᠪᠤᠷᠢᠵᠢᠭᠤᠯᠵᠤ ᠪᠥᠲᠥᠭᠡᠨ ᠪᠠᠢᠭᠤᠯᠬᠤ᠎ᠶ᠋ᠢ ᠪᠠᠲᠤᠯᠠᠨ᠎ᠠ᠃ ᠬᠣᠶᠠᠷ᠎ᠲᠤ ᠵᠢᠯ᠎ᠦᠨ ᠡᠬᠢᠨ᠎ᠦ ᠲᠥᠯᠥᠪᠯᠡᠭᠡ᠎ᠳᠦ ᠬᠠᠷᠠᠬᠠᠨ ᠪᠠᠷᠢᠯᠭ᠎ᠠ ᠡᠬᠢᠯᠡᠭᠦᠯᠦᠭᠡᠳᠦᠶ ᠵᠢᠴᠢ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ᠎ᠶ᠋ᠢᠨ ᠲᠣᠳᠣᠷᠬᠠᠶ ᠲᠠᠨᠭᠰᠠᠨ᠎ᠳᠡᠬᠢ ᠡᠨᠡ ᠵᠢᠯ᠎ᠦᠨ ᠪᠠᠷᠢᠯᠭ᠎ᠠ ᠡᠬᠢᠯᠡᠭᠦᠯᠬᠦ᠌ ᠲᠥᠷᠥᠯ ᠵᠦᠶ᠋ᠯ᠎ᠢ ᠡᠷᠲᠡᠬᠡᠨ ᠠᠵᠢᠯ ᠡᠬᠢᠯᠡᠭᠦᠯᠬᠦ᠌᠎ᠪᠡᠷ ᠴᠢᠷᠮᠠᠢᠵᠤ᠂ 〈ᠡᠪᠦᠯ᠎ᠤᠨ ᠤᠯᠠᠷᠢᠯ᠎ᠳ᠋ᠦ ᠪᠠᠷᠢᠯᠭ᠎ᠠ ᠡᠬᠢᠯᠡᠬᠦᠯᠬᠦ ᠢᠨᠵᠧᠨᠧᠷᠢᠩ〉ᠢ᠋ ᠰᠠᠢᠲᠤᠷ ᠬᠢᠵᠦ᠍᠂ ᠣᠨ᠎ᠤ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠪᠡᠨ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃ ᠭᠤᠷᠪᠠ ᠎ᠳᠤ ᠡᠯ᠎ᠡ ᠠᠢᠮᠠᠭ ᠬᠣᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠨ ᠵᠢᠯ᠎ᠦᠨ ᠡᠬᠢᠨ᠎ᠳᠦ ᠲᠣᠭ᠍ᠲᠠᠭᠠᠭ᠍ᠰᠠᠨ ᠬᠠᠷᠠᠯᠲᠠ᠎ᠶ᠋ᠢ ᠪᠥᠬᠥ᠌ ᠬᠦᠴᠦᠨ᠎ᠢᠶᠡᠷ ᠪᠡᠶᠡᠯᠡᠭᠦᠯᠵᠦ᠍᠂ ᠪᠠᠯᠠ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠬᠤ ᠪᠠ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ