10 ᠳ᠋ᠤᠭᠠᠷ ᠰᠠᠷ᠎ᠠ᠎ᠶᠢᠨ 31 ᠦ ᠡᠳᠦᠷ᠎ᠡᠴᠡ 11 ᠳ᠋ᠦ᠍ᠭᠡᠷ ᠰᠠᠷ᠎ᠠ᠎ᠶᠢᠨ 1 ᠦ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠵᠢᠯᠤᠭᠣᠳᠬᠤ ᠵᠥᠪᠯᠡᠯ᠎ᠦᠨ 2025 ᠣᠨ᠎ᠤ ᠠᠵᠢᠯ᠎ᠤᠨ ᠬᠤᠷᠠᠯ ᠬᠢᠭᠡᠳ ᠥᠪᠡᠷᠲᠡᠭᠡᠨ ᠵᠠᠰᠠᠬᠤ ᠣᠷᠣᠨ᠎ᠤ ᠣᠶᠤᠲᠠᠳ᠎ᠤᠨ ᠰᠢᠨ᠎ᠡ ᠡᠭᠦᠳᠦᠯᠲᠡ᠎ᠶᠢᠨ ᠣᠨ᠎ᠤ ᠬᠤᠷᠠᠯ ᠪᠤᠭᠤᠲᠤ᠎ᠶᠢᠨ ᠪᠠᠭᠰᠢ᠎ᠶᠢᠨ ᠳᠡᠭᠡᠳᠦ ᠰᠤᠷᠭᠠᠭᠤᠯᠢ᠎ᠳᠤ ᠶᠠᠪᠤᠭᠳᠠᠪᠠ᠃ ᠡᠨᠡ ᠪᠣᠯ ᠥᠪᠥᠷ ᠮᠣᠩᠭᠣᠯ᠎ᠤᠨ ᠡᠷᠬᠢᠯᠡᠭᠰᠡᠨ ᠠᠩᠬᠠᠳᠠᠭᠴᠢ ᠬᠤᠭᠤᠴᠠᠭᠠᠨ᠎ᠤ ᠣᠶᠤᠲᠠᠳ᠎ᠤᠨ ᠰᠢᠨ᠎ᠡ ᠡᠭᠦᠳᠦᠯᠲᠡ᠎ᠶᠢᠨ ᠣᠨ᠎ᠤ ᠬᠤᠷᠠᠯ ᠪᠣᠯᠣᠨ᠎ᠠ᠃
ᠣᠨ᠎ᠤ ᠬᠤᠷᠠᠯ ᠨᠢ 《ᠳ᠋ᠢᠭᠢᠲ ᠣᠶᠣᠨ᠎ᠢᠶᠠᠷ ᠡᠷᠴᠢᠮᠯᠡᠵᠦ᠂ ᠤᠮᠠᠷᠠᠲᠤ ᠬᠢᠵᠠᠭᠠᠷᠲᠤ ᠡᠭᠦᠳᠦᠯᠲᠡ᠎ᠶᠢ ᠴᠤᠭᠯᠠᠭᠤᠯᠬᠤ》 ᠭᠡᠰᠡᠨ ᠭᠣᠣᠯ ᠰᠡᠳᠦᠪ ᠲᠡᠢ ᠪᠠᠢᠵᠤ᠂ ᠴᠢᠩᠬᠤᠸᠠ ᠶᠡᠬᠡ ᠰᠤᠷᠭᠠᠭᠤᠯᠢ᠂ ᠵᠧᠵᠢᠶᠠᠩ ᠶᠡᠬᠡ ᠰᠤᠷᠭᠠᠭᠤᠯᠢ᠂ ᠲᠦᠩ ᠵᠢᠢ ᠶᠡᠬᠡ ᠰᠤᠷᠭᠠᠭᠤᠯᠢ᠂ ᠵᠥᠩ ᠨᠠᠨ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠳᠠᠯᠠᠶ ᠲᠠᠩᠭᠢᠰ᠎ᠤᠨ ᠶᠡᠬᠡ ᠰᠤᠷᠭᠠᠭᠤᠯᠢ᠂ ᠬᠤᠨᠠᠨ᠎ᠤ ᠪᠠᠭ᠍ᠰᠢ᠎ᠶᠢᠨ ᠶᠡᠬᠡ ᠰᠤᠷᠭᠠᠭᠤᠯᠢ᠂ ᠱᠠᠩᠬᠠᠢ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂ ᠭᠦᠢᠵᠧᠦ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ᠂ ᠾᠧᠪᠧᠢ᠎ᠶᠢᠨ ᠭᠠᠵᠠᠷ ᠰᠢᠨᠵᠢᠯᠡᠭᠡᠨ᠎ᠦ ᠶᠡᠬᠡ ᠰᠤᠷᠭᠠᠭᠤᠯᠢ᠂ ᠬᠠᠩᠵᠧᠦ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠤᠯᠤᠰ᠎ᠤᠨ ᠳᠣᠲᠣᠭᠠᠳᠤ᠎ᠳᠠᠬᠢ ᠰᠢᠨ᠎ᠡ᠎ᠶᠢ ᠡᠭᠦᠳᠬᠦ ᠦᠢᠯᠡᠰ ᠪᠣᠰᠬᠠᠬᠤ ᠬᠦᠷᠢᠶᠡᠨ᠎ᠦ 11 ᠲᠤᠰᠬᠠᠢ ᠮᠡᠷᠭᠡᠵᠢᠯᠲᠡᠨ᠎ᠢ ᠤᠷᠢᠵᠤ᠂ ᠳ᠋ᠢᠭᠢᠲ ᠣᠶᠣᠨ᠎ᠤ ᠴᠠᠭ ᠦᠶ᠎ᠡ᠎ᠳᠡᠬᠢ ᠰᠢᠨ᠎ᠡ᠎ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ᠂ ᠬᠢᠴᠢᠶᠡᠯ᠎ᠦᠨ ᠪᠠᠢᠭᠤᠯᠤᠯᠲᠠ᠂ ᠴᠢᠳᠠᠪᠤᠷᠢᠲᠠᠨ ᠬᠥᠮᠥᠵᠢᠭᠦᠯᠬᠦ ᠲᠠᠪᠴᠠᠩ᠎ᠢᠶᠠᠨ ᠮᠡᠷᠭᠡᠵᠢᠯ ᠪᠠ ᠡᠭᠦᠳᠦᠯᠲᠡ ᠯᠦ᠍ᠭᠡ ᠠᠭᠤᠰᠤᠯᠴᠠᠭᠤᠯᠬᠤ ᠵᠡᠷᠭᠡ ᠭᠣᠣᠯ ᠠᠰᠠᠭᠤᠳᠠᠯ᠎ᠤᠨ ᠲᠣᠭᠣᠷᠢᠨ᠎ᠳᠤ ᠲᠤᠰᠬᠠᠢ ᠰᠡᠳᠦᠪᠲᠦ ᠮᠡᠳᠡᠭᠦᠯᠦᠯᠲᠡ ᠬᠢᠭᠰᠡᠨ᠎ᠦ ᠬᠠᠮᠲᠤ ᠬᠤᠷᠠᠯ᠎ᠳᠤ ᠣᠷᠣᠯᠴᠠᠭᠰᠠᠨ ᠪᠠᠭ᠍ᠰᠢ ᠰᠤᠷᠤᠭ᠍ᠴᠢᠳ ᠯᠤᠭ᠎ᠠ ᠰᠠᠨᠠᠯ᠎ᠢᠶᠠᠨ ᠭᠦᠨᠵᠡᠭᠡᠢ ᠰᠣᠯᠢᠯᠴᠠᠪᠠ᠃
ᠪᠦᠬᠦ ᠣᠷᠣᠨ᠎ᠤ 15 ᠦᠨᠳᠦᠰᠦᠨ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠠᠴᠠ ᠢᠷᠡᠭᠰᠡᠨ ᠣᠶᠤᠲᠠᠨ᠎ᠤ ᠰᠢᠨ᠎ᠡ᠎ᠶᠢ ᠡᠭᠦᠳᠴᠦ ᠦᠢᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ᠎ᠶᠢᠨ 40 ᠲᠦᠷᠦᠯ ᠵᠦᠢᠯ᠎ᠢ ᠣᠨ᠎ᠤ ᠬᠤᠷᠠᠯ᠎ᠤᠨ ᠰᠢᠯᠢᠳᠡᠭ ᠲᠦᠷᠦᠯ ᠵᠦᠢᠯ ᠰᠢᠯᠭᠠᠷᠠᠭᠤᠯᠬᠤ ᠠᠵᠢᠯᠯᠠᠭ᠎ᠠ᠎ᠳᠤ ᠳᠡᠪᠰᠢᠭᠦᠯᠪᠡ᠂ ᠡᠳᠡᠭᠡᠷ ᠲᠦᠷᠦᠯ ᠵᠦᠢᠯ᠎ᠦᠨ ᠠᠭᠤᠯᠭ᠎ᠠ ᠨᠢ ᠵᠣᠬᠢᠶᠠᠮᠠᠯ ᠤᠶᠤᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ᠎ᠶᠢᠨ ᠮᠡᠷᠭᠡᠵᠢᠯ ᠵᠡᠷᠭᠡ ᠤᠯᠠᠨ ᠬᠣᠰᠢᠭᠤᠷᠠᠯ ᠬᠦᠷᠢᠶ᠎ᠡ᠎ᠶᠢ ᠬᠠᠮᠤᠷᠴᠤ᠂ ᠲᠦᠷᠦᠯ ᠵᠦᠢᠯ᠎ᠦᠨ ᠪᠦᠯᠬᠦᠮ ᠨᠢ ᠲᠠᠨᠢᠯᠴᠠᠭᠤᠯᠤᠨ ᠰᠤᠷᠲᠠᠯᠴᠢᠯᠠᠬᠤ ᠪᠠ ᠬᠠᠷᠢᠭᠤᠯᠵᠤ ᠮᠠᠷᠭᠤᠬᠤ᠎ᠪᠠᠷ ᠳᠠᠮᠵᠢᠭᠤᠯᠤᠨ᠂ ᠰᠢᠨ᠎ᠡ ᠡᠭᠦᠳᠦᠯᠲᠡ᠎ᠶᠢᠨ ᠣᠨᠣᠯᠵᠢᠬᠤᠨ᠂ ᠮᠡᠷᠭᠡᠵᠢᠯ᠎ᠦᠨ ᠠᠭᠤᠯᠤᠭᠳᠠᠴᠠ ᠬᠢᠭᠡᠳ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢ ᠪᠦᠬᠦ ᠲᠠᠯ᠎ᠠ᠎ᠪᠠᠷ ᠢᠯᠡᠷᠡᠭᠦᠯᠵᠦ᠂ ᠰᠢᠯᠭᠠᠷᠠᠭᠤᠯᠬᠤ ᠺᠣᠮᠢᠰ᠎ᠤᠨ ᠲᠤᠰᠬᠠᠢ ᠮᠡᠷᠭᠡᠵᠢᠯᠲᠡᠳ ᠲᠦᠷᠦᠯ ᠵᠦᠢᠯ᠎ᠦᠨ ᠰᠢᠨᠡᠯᠢᠭ ᠴᠢᠨᠠᠷ᠂ ᠪᠣᠯᠣᠮᠵᠢᠲᠤ ᠴᠢᠨᠠᠷ᠂ ᠪᠦᠯᠬᠦᠮ᠎ᠦᠨ ᠴᠢᠳᠠᠪᠤᠷᠢ ᠬᠢᠭᠡᠳ ᠨᠡᠢᠭᠡᠮ᠎ᠦᠨ ᠦᠷᠳᠡᠭ᠎ᠦᠨ ᠲᠠᠯ᠎ᠠ᠎ᠠᠴᠠ ᠶᠡᠷᠦᠩᠬᠡᠢᠯᠡᠭᠰᠡᠨ ᠦᠨᠡᠯᠡᠯᠲᠡ ᠬᠢᠭᠰᠡᠨ᠎ᠦ ᠡᠴᠦᠰ᠎ᠲᠦ 17 ᠰᠢᠯᠢᠳᠡᠭ ᠲᠦᠷᠦᠯ ᠵᠦᠢᠯ᠎ᠢ ᠰᠣᠩᠭᠣᠨ ᠭᠠᠷᠭᠠᠵᠠᠢ᠃