ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠦᠷᠦᠭᠦᠦ 9 ᠰᠠᠷ᠎ᠠ᠎ᠳᠤ ᠪᠥᠬᠥ ᠤᠯᠤᠰ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠳᠤ ᠲᠡᠷᠢᠭᠦᠯᠡᠪᠡ  ᠮᠠᠨᠵᠤᠤᠷ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ ᠪᠤᠴᠠᠵᠤ ᠠᠶᠠᠯᠠᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡᠨ᠎ᠦ ᠲᠡᠭᠡᠭᠡᠪᠦᠷᠢ᠎ᠶᠢᠨ ᠬᠡᠮᠵᠢᠶ᠎ᠡ 221868 ᠪᠠᠷᠢᠮᠵᠢᠶᠠᠲᠤ ᠴᠢᠩᠭᠡᠯᠢᠭ᠎ᠲᠦ ᠬᠦᠷᠪᠡ
ᠨᠡᠶ᠋ᠢᠲᠡᠯᠡᠭᠰᠡᠨ ᠴᠠᠭ᠄ 2025-11-06

ᠰᠤᠷᠪᠤᠯᠵᠢᠯᠠᠭ᠍ᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠣᠢᠯᠠᠭᠠᠭᠰᠠᠨ᠎ᠢᠶᠠᠷ᠂ ᠡᠨᠡ ᠵᠢᠯ᠎ᠦᠨ ᠲᠦᠷᠦᠭᠦᠸ᠋ 9 ᠰᠠᠷ᠎ᠠ᠎ᠳᠤ᠂ ᠮᠠᠨᠵᠤᠤᠷ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠳᠠᠬᠢ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡᠨ᠎ᠦ ᠠᠶᠠᠯᠠᠭᠰᠠᠨ ᠪᠠᠢᠳᠠᠯ ᠮᠠᠰᠢ ᠰᠠᠢᠨ ᠪᠠᠢᠵᠤ᠂ ᠨᠡᠶ᠋ᠢᠲᠡ 3457 ᠴᠤᠪᠤᠭ᠎ᠠ ᠲᠡᠷᠭᠡ ᠨᠡᠪᠲᠡᠷᠡᠵᠦ᠂ 361842 ᠪᠠᠷᠢᠮᠵᠢᠶᠠᠲᠤ ᠴᠢᠩᠭᠡᠯᠢᠭ᠎ᠦᠨ ᠪᠠᠷᠠᠭ᠎ᠠ ᠲᠡᠭᠡᠭᠡᠪᠦᠷᠢᠯᠡᠨ ᠶᠠᠪᠤᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 4.8% ᠪᠠ 2.9% ᠪᠡᠷ ᠨᠡᠮᠡᠭᠳᠡᠭᠰᠡᠨ ᠪᠠᠢᠨ᠎ᠠ᠃ ᠡᠭᠦᠨ᠎ᠳᠦ᠂ ᠪᠤᠴᠠᠵᠤ ᠠᠶᠠᠯᠠᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 2128 ᠴᠤᠪᠤᠭ᠎ᠠ ᠲᠡᠷᠭᠡ᠂ 221868 ᠪᠠᠷᠢᠮᠵᠢᠶᠠᠲᠤ ᠴᠢᠩᠭᠡᠯᠢᠭ᠎ᠲᠡᠬᠢ ᠲᠡᠭᠡᠭᠡᠪᠦᠷᠢ᠎ᠶᠢᠨ ᠬᠡᠮᠵᠢᠶ᠎ᠡ᠎ᠪᠡᠷ ᠪᠦᠬᠦ ᠤᠯᠤᠰ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠶᠢᠨ ᠨᠢᠭᠡᠳᠦᠭᠡᠷ᠎ᠲᠦ ᠣᠷᠣᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢᠲᠠᠢ ᠪᠠᠶ᠋ᠢᠭᠤᠯᠬᠤ᠎ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠵᠡᠢ᠃

ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡᠨ᠎ᠦ 《ᠵᠡᠭᠦᠨ ᠵᠠᠮ》᠎ᠤᠨ ᠴᠢᠬᠤᠯᠠ ᠵᠠᠩᠭᠢᠯᠠᠭ᠎ᠠ ᠪᠣᠯᠤᠭᠰᠠᠨ᠎ᠤ ᠬᠤᠪᠢ᠎ᠳᠤ᠂ ᠮᠠᠨᠵᠤᠤᠷ ᠲᠡᠮᠦᠷ ᠵᠠᠮ᠎ᠤᠨ ᠪᠣᠭᠣᠮᠲᠠ ᠨᠢ ᠪᠣᠯᠪᠠᠰᠤᠷᠠᠩᠭᠤᠢ ᠲᠡᠭᠡᠭᠡᠪᠦᠷᠢ᠎ᠶᠢᠨ ᠲᠣᠣᠷ᠎ᠢ ᠪᠦᠷᠢᠯᠳᠦᠭᠦᠯᠵᠡᠢ᠄ ᠵᠠᠮ ᠱᠤᠭᠤᠮ 21 ᠵᠤᠷᠪᠤᠰ᠎ᠲᠤ ᠬᠦᠷᠴᠦ᠂ ᠫᠤᠯᠠᠨᠳ᠋᠂ ᠭᠧᠷᠮᠠᠨ᠂ ᠬᠣᠯᠠᠨᠳ᠋ ᠵᠡᠷᠭᠡ 14 ᠤᠯᠤᠰ᠎ᠲᠤ ᠬᠦᠷᠴᠦ᠂ ᠤᠯᠤᠰ᠎ᠤᠨ ᠳᠣᠲᠣᠭᠠᠳᠤ᠎ᠶᠢᠨ ᠴᠠᠩᠱᠠ᠂ ᠵᠧᠩᠵᠧᠦ᠂ ᠴᠧᠩᠳᠦ᠋᠂ ᠰᠦᠵᠧᠦ ᠵᠡᠷᠭᠡ 60 ᠭᠠᠷᠤᠢ ᠬᠤᠳᠠ᠎ᠳᠤ ᠨᠡᠪᠳᠡᠷᠡᠵᠦ᠂ ᠲᠡᠭᠡᠭᠡᠪᠦᠷᠢᠯᠡᠬᠦ ᠪᠠᠷᠠᠭ᠎ᠠ ᠨᠢ ᠴᠠᠬᠢᠯᠭᠠᠨ ᠬᠡᠷᠡᠭᠰᠡᠯ᠂ ᠡᠳᠦᠷ ᠳᠤᠳᠤᠮ᠎ᠤᠨ ᠬᠡᠷᠡᠭᠯᠡᠭᠡᠨ᠎ᠦ ᠪᠠᠷᠠᠭ᠎ᠠ᠂ ᠲᠠᠷᠢᠶᠠᠯᠠᠩ ᠲᠤᠰᠠᠯᠠᠬᠤ ᠠᠵᠤ ᠠᠬᠤᠢ᠎ᠶᠢᠨ ᠪᠦᠲᠦᠭᠡᠭᠳᠡᠬᠦᠨ ᠵᠡᠷᠭᠡ 12 ᠶᠡᠬᠡ ᠲᠦᠷᠦᠯ᠎ᠢ ᠬᠠᠮᠤᠷᠴᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠪᠦᠲᠦᠮᠵᠢᠲᠡᠢ᠎ᠪᠡᠷ ᠬᠣᠯᠪᠣᠭᠰᠠᠨ ᠪᠠᠢᠨ᠎ᠠ᠃

ᠢᠷᠡᠯᠲᠡ᠄    