ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠣᠷᠳᠣᠨ ᠴᠣ ᠰᠢᠨ᠎ᠡ ᠳᠥᠷᠬᠦ᠎ᠪᠡᠷ ᠨᠠᠢ᠍ᠮᠠᠳᠤᠭᠠᠷ ᠬᠤᠭᠤᠴᠠᠭᠠᠨ᠎ᠤ ᠭᠠᠳᠠᠭᠠᠳᠤ ᠣᠷᠤᠭᠤᠯᠤᠯᠲᠠ᠎ᠶᠢᠨ ᠦᠵᠡᠰᠬᠦᠯᠡᠩ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-11-06

11 ᠳ᠋ᠦ᠍ᠭᠡᠷ ᠰᠠᠷ᠎ᠠ᠎ᠶᠢᠨ 5᠎ᠤ ᠡᠳᠦᠷ᠂ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ ᠨᠢ ᠤᠯᠤᠰ᠎ᠤᠨ ᠬᠤᠷᠠᠯ ᠦᠵᠡᠰᠬᠦᠯᠡᠩ᠎ᠦᠨ ᠲᠥᠪ ( ᠱᠠᠩᠬᠠᠢ )᠎ᠳᠤ ᠡᠬᠢᠯᠡᠪᠡ᠃ ᠥᠪᠥᠷ ᠮᠣᠩᠭᠣᠯ᠎ᠤᠨ 80 ᠭᠠᠷᠤᠢ ᠠᠵᠤ ᠠᠬᠤᠢᠯᠠᠯ ᠦᠵᠡᠰᠬᠦᠯᠡᠩ᠎ᠳᠦ ᠣᠷᠣᠯᠴᠠᠨ᠂ ᠥᠪᠥᠷ ᠮᠣᠩᠭᠣᠯ᠎ᠤᠨ ᠠᠵᠤ ᠦᠢᠯᠡᠰ᠎ᠦᠨ ᠪᠣᠳᠠᠲᠤ ᠬᠦᠴᠦᠨ ᠪᠠ ᠰᠣᠶᠣᠯ᠎ᠤᠨ ᠷᠢᠳᠢ ᠰᠢᠳᠢ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃ 

ᠲᠤᠰ ᠬᠤᠭᠤᠴᠠᠭᠠᠨ᠎ᠤ ᠦᠵᠡᠰᠬᠦᠯᠡᠩ᠎ᠳᠤ᠂ ᠪᠠᠢᠩᠭᠤ ᠣᠷᠣᠯᠴᠠᠬᠤ ᠦᠵᠡᠭᠦᠯᠭᠡ᠎ᠶᠢᠨ ᠣᠷᠳᠣᠨ ᠪᠣᠯᠣᠭᠰᠠᠨ ᠥᠪᠥᠷ ᠮᠣᠩᠭᠣᠯ᠎ᠤᠨ ᠣᠷᠳᠣᠨ ᠨᠢ ᠴᠣ ᠰᠢᠨ᠎ᠡ ᠳᠥᠷᠬᠦ᠎ᠪᠡᠷ᠂ 《ᠳᠦᠷᠢ ᠲᠥᠷᠬᠦ᠎ᠪᠠᠨ ᠲᠡᠰ ᠳᠡᠪᠰᠢᠭᠦᠯᠬᠦ᠂ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠬᠦ᠂ ᠦᠢᠯᠡᠳᠦᠯᠴᠡᠵᠦ ᠴᠢᠳᠠᠮᠵᠢ᠎ᠪᠠᠨ ᠡᠷᠴᠢᠮᠯᠡᠬᠦ》ᠭᠤᠷᠪᠠᠨ ᠥᠨᠴᠥᠭ ᠬᠠᠷᠠᠭᠠᠰᠤ᠎ᠠᠴᠠ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠭᠠᠵᠠᠷ ᠣᠷᠣᠨ᠎ᠳᠤ ᠥᠪᠥᠷ ᠮᠣᠩᠭᠣᠯ᠎ᠤᠨ ᠳᠡᠯᠭᠡᠨ ᠦᠵᠡᠭᠦᠯᠬᠦ ᠭᠣᠣᠯ ᠴᠣᠩᠬᠣᠪᠴᠢ᠎ᠶᠢ ᠬᠦᠴᠦᠯᠡᠨ ᠴᠣᠭᠴᠠᠯᠠᠭᠰᠠᠨ ᠪᠠᠢᠨ᠎ᠠ᠃ ᠥᠪᠥᠷ ᠮᠣᠩᠭᠣᠯ᠎ᠤᠨ ᠣᠷᠳᠣᠨ ᠨᠢ ᠠᠬᠤᠢ ᠲᠠᠯᠠᠪᠠᠢ᠎ᠳᠤ ᠥᠪᠥᠷ ᠮᠣᠩᠭᠣᠯ᠎ᠤᠨ ᠠᠷᠪᠠᠨ ᠶᠡᠬᠡ ᠠᠵᠤ ᠦᠢᠯᠡᠰ᠎ᠦᠨ ᠪᠦᠯᠦᠭᠵᠢᠯ᠎ᠤᠨ ᠪᠦᠲᠦᠭᠡᠭᠳᠡᠬᠦᠨ᠎ᠦ ᠵᠠᠭᠪᠤᠷ᠎ᠦᠳ᠂ ᠪᠣᠳᠠᠲᠤ ᠪᠠᠢᠳᠠᠯ᠎ᠤᠨ ᠬᠡᠷᠡᠭᠯᠡᠯᠲᠡ ᠵᠢᠴᠢ ᠮᠠᠯ ᠲᠠᠷᠢᠶᠠᠯᠠᠩ᠎ᠤᠨ ᠭᠠᠷᠤᠯᠲᠠ᠂ ᠰᠣᠶᠣᠯ᠎ᠤᠨ ᠡᠭᠦᠳᠦᠯᠲᠡ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠳᠡᠯᠭᠡᠨ ᠦᠵᠡᠭᠦᠯᠵᠦ᠂ ᠥᠪᠥᠷ ᠮᠣᠩᠭᠣᠯ ᠬᠢᠭᠡᠳ  ᠬᠤᠸᠠᠳᠦ᠋ᠩ ᠣᠷᠣᠨ ᠵᠢᠴᠢ ᠪᠦᠬᠦ ᠪᠥᠮᠪᠥᠷᠴᠡᠭ᠎ᠦᠨ ᠵᠠᠬ᠎ᠠ ᠳᠡᠯᠭᠡᠭᠦᠷ᠎ᠦᠨ ᠠᠵᠤ ᠦᠢᠯᠡᠰ᠎ᠦᠨ ᠬᠠᠮᠲᠤᠷᠠᠯᠴᠠᠭ᠎ᠠ᠂ ᠬᠥᠮᠥᠨ ᠰᠣᠶᠣᠯ᠎ᠤᠨ ᠰᠣᠯᠢᠯᠴᠠᠭ᠎ᠠ᠎ᠳᠤ ᠥᠨᠳᠥᠷ ᠪᠦᠲᠦᠮᠵᠢᠲᠡᠢ ᠵᠣᠯᠭᠠᠭᠤᠯᠬᠤ ᠲᠠᠪᠴᠠᠩ ᠪᠠᠢᠭᠤᠯᠤᠭᠠᠳ᠂ 《ᠤᠬᠠᠭᠤᠯᠭ᠎ᠠ᠎ᠶᠢᠨ ᠴᠣᠩᠬᠣᠪᠴᠢ᠂ ᠨᠡᠪᠲᠡᠷᠡᠯᠴᠡᠬᠦ ᠵᠠᠩᠭᠢᠯᠠᠭ᠎ᠠ ᠴᠡᠭ᠂ ᠠᠭᠤᠰᠤᠯᠴᠠᠯ᠎ᠤᠨ ᠲᠠᠪᠴᠠᠩ》᠎ᠤᠨ ᠦᠨ᠎ᠡ ᠦᠷᠳᠡᠭ᠎ᠢ ᠲᠤᠪᠤᠢ᠍ᠢᠯᠭᠠᠪᠠ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠨᠢ 《ᠥᠪᠥᠷ ᠮᠣᠩᠭᠣᠯ᠎ᠤᠨ ᠦᠨᠦᠷ ᠠᠮᠲᠠ》 ᠭᠡᠬᠦ ᠰᠢᠷᠢᠰ ᠦᠵᠡᠭᠦᠯᠭᠡ᠎ᠶᠢᠨ 《ᠥᠪᠥᠷ ᠮᠣᠩᠭᠣᠯ᠎ᠤᠨ ᠣᠬᠢ ᠪᠦᠲᠦᠭᠡᠭᠳᠡᠬᠦᠨ᠎ᠦ ᠪᠥᠬᠥ ᠤᠯᠤᠰ᠎ᠲᠠᠬᠢ ᠠᠶᠠᠯᠠᠯ》᠎ᠤᠨ ᠲᠠᠸᠠᠷ᠎ᠤᠨ ᠲᠣᠮᠣ ᠴᠤᠭᠯᠠᠭ᠎ᠠ ( ᠱᠠᠩᠬᠠᠢ᠎ᠳᠡᠬᠢ ᠥᠷᠲᠡᠭᠡ )᠎ᠶᠢ ᠵᠡᠷᠭᠡ᠎ᠪᠡᠷ ᠥᠷᠨᠢᠭᠦᠯᠵᠦ᠂ 《ᠲᠠᠯ᠎ᠠ ᠨᠤᠲᠤᠭ᠎ᠤᠨ ᠣᠬᠢ ᠪᠦᠲᠦᠭᠡᠭᠳᠡᠬᠦᠨ᠎ᠢ ᠳᠡᠯᠡᠬᠡᠢ ᠨᠡᠶ᠋ᠢᠲᠡ᠎ᠳᠦ ᠬᠠᠮᠲᠤ ᠡᠳ᠋ᠯᠡᠭᠦᠯᠬᠦ》᠎ᠪᠠᠷ ᠭᠣᠣᠯ ᠰᠡᠳᠦᠪ ᠪᠣᠯᠭᠠᠨ᠂ ᠴᠢᠨᠠᠷ ᠴᠢᠨᠰᠠᠭ᠎ᠠ᠎ᠪᠠᠷ ᠪᠥᠬᠥ ᠪᠥᠮᠪᠥᠷᠴᠡᠭ᠎ᠢ ᠬᠣᠯᠪᠣᠬᠤ᠂ ᠠᠮᠲᠠᠲᠤ ᠢᠳᠡᠭᠡᠨ᠎ᠢᠶᠡᠷ ᠬᠥᠭᠵᠢᠯᠲᠡ᠎ᠶᠢ ᠠᠬᠢᠭᠤᠯᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠰᠣᠯᠢᠯᠴᠠᠭ᠎ᠠ᠎ᠶᠢ ᠠᠬᠢᠭᠤᠯᠬᠤ᠂ ᠪᠣᠳᠣᠯ ᠬᠠᠷᠠᠭᠠᠰᠤ᠎ᠪᠠᠷ ᠠᠵᠤ ᠠᠬᠤᠢᠯᠠᠯ᠎ᠤᠨ ᠲᠠᠰ ᠳᠡᠪᠰᠢᠯᠲᠡ᠎ᠶᠢ ᠠᠬᠢᠭᠤᠯᠬᠤ ᠳᠥᠷᠪᠡᠨ ᠶᠡᠬᠡ ᠰᠢᠪᠲᠤᠯᠤᠯᠲᠠ᠎ᠶᠢ ᠪᠡᠶᠡᠯᠡᠭᠦᠯᠵᠦ᠂ 《ᠥᠪᠥᠷ ᠮᠣᠩᠭᠣᠯ᠎ᠤᠨ ᠦᠨᠦᠷ ᠠᠮᠲᠠ》᠎ᠶᠢᠨ ᠣᠯᠠᠨ ᠤᠯᠤᠰ᠎ᠲᠠᠬᠢ ᠨᠥᠯᠥᠭᠡᠯᠡᠬᠦ ᠬᠦᠴᠦᠨ᠎ᠢ ᠥᠷᠭᠡᠳᠬᠡᠨ᠎ᠡ᠃ 

ᠡᠨᠡ ᠬᠦ᠌ ᠤᠳᠠᠭᠠᠨ᠎ᠤ ᠭᠠᠳᠠᠭᠠᠳᠤ ᠣᠷᠤᠭᠤᠯᠤᠯᠲᠠ᠎ᠶᠢᠨ ᠦᠵᠡᠰᠬᠦᠯᠡᠩ᠎ᠦᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭᠠᠲᠤ ᠬᠤᠷᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠯᠤᠭ᠎ᠠ ᠬᠠᠮᠵᠢᠯᠴᠠᠨ᠂ ᠲᠣᠰ ᠲᠣᠰ 《ᠤᠮᠠᠷᠠᠲᠤ ᠬᠢᠵᠠᠭᠠᠷ᠎ᠤᠨ ᠡᠮᠡᠭᠲᠡᠢᠴᠦᠳ᠎ᠦᠨ ᠴᠣᠭ ᠵᠣᠯᠪᠣᠭ᠎ᠠ᠎ᠶᠢ ᠭᠠᠢᠬᠠᠭᠤᠯᠵᠤ· ᠲᠠᠯ᠎ᠠ ᠨᠤᠲᠤᠭ᠎ᠤᠨ ᠡᠮᠡᠭᠲᠡᠢᠴᠦᠳ ᠢᠷᠡᠭᠡᠳᠦᠢ᠎ᠪᠡᠨ ᠴᠣᠭᠴᠠᠯᠠᠨᠠᠮ》 ᠭᠡᠬᠦ ᠠᠵᠢᠯᠯᠠᠭ᠎ᠠ ᠪᠠ 《ᠥᠪᠥᠷ ᠮᠣᠩᠭᠣᠯ》 ᠲᠡᠮᠳᠡᠭᠲᠦ ᠭᠣᠣᠯ ᠰᠡᠳᠦᠪᠲᠦ ᠦᠵᠡᠭᠦᠯᠭᠡ᠎ᠶᠢ ᠥᠷᠨᠢᠭᠦᠯᠵᠦ᠂ ᠣᠯᠠᠨ ᠠᠭᠤᠯᠭ᠎ᠠ ᠪᠦᠲᠦᠴᠡ ᠬᠡᠯᠪᠡᠷᠢ᠎ᠪᠡᠷ ᠦᠵᠡᠰᠬᠦᠯᠡᠩ᠎ᠳᠦ ᠣᠷᠣᠯᠴᠠᠭᠰᠠᠨ ᠪᠠᠢᠨ᠎ᠠ᠃ 

ᠲᠤᠰ ᠬᠤᠭᠤᠴᠠᠭᠠᠨ᠎ᠤ ᠭᠠᠳᠠᠭᠠᠲᠤ ᠣᠷᠤᠭᠤᠯᠤᠯᠲᠠ᠎ᠶᠢᠨ ᠦᠵᠡᠰᠬᠦᠯᠡᠩ᠎ᠦᠨ ᠦᠵᠡᠭᠦᠯᠭᠡ᠎ᠶᠢᠨ ᠲᠠᠯᠠᠪᠠᠢ 36.7 ᠲᠦᠮᠡᠨ ᠺᠦᠸᠠᠲ ᠮᠧᠲᠷ᠎ᠢ ᠳᠠᠪᠠᠵᠤ᠂ ᠦᠵᠡᠰᠬᠦᠯᠡᠩ᠎ᠳᠦ ᠣᠷᠣᠯᠴᠠᠭᠰᠠᠨ ᠠᠵᠤ ᠠᠬᠤᠢᠯᠠᠯ ᠨᠢᠳᠤᠨᠤᠨ᠎ᠤ 3496 ᠪᠠᠢᠭ᠍ᠰᠠᠨ ᠰᠠᠭᠤᠷᠢᠨ ᠳᠡᠭᠡᠷ᠎ᠡ 600 ᠭᠠᠷᠤᠢ ᠰᠢᠨ᠎ᠡ᠎ᠪᠡᠷ ᠨᠡᠮᠡᠭᠳᠡᠵᠦ᠂ ᠳᠡᠯᠡᠬᠡᠢ᠎ᠶᠢᠨ 500 ᠬᠦᠴᠦᠷᠬᠡᠭ ᠪᠠ ᠬᠥᠲᠥᠴᠢ ᠪᠣᠯᠬᠤ 290 ᠠᠵᠤ ᠠᠬᠤᠢᠯᠠᠯ ᠦᠵᠡᠰᠬᠦᠯᠡᠩ᠎ᠳᠦ ᠣᠷᠣᠯᠴᠠᠭᠰᠠᠨ᠎ᠢᠶᠠᠷ ᠦᠵᠡᠭᠦᠯᠭᠡ᠎ᠶᠢᠨ ᠲᠠᠯᠠᠪᠠᠢ ᠪᠠ ᠠᠵᠤ ᠠᠬᠤᠢᠯᠠᠯ᠎ᠤᠨ ᠶᠡᠷᠦᠩᠬᠡᠢ ᠲᠣᠭ᠎ᠠ ᠴᠥᠮ ᠲᠡᠦᠬᠡᠨ ᠰᠢᠨ᠎ᠡ ᠲᠡᠮᠳᠡᠭᠯᠡᠯ᠎ᠢ ᠡᠭᠦᠳᠴᠡᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ