11 ᠳ᠋ᠦ᠍ᠭᠡᠷ ᠰᠠᠷ᠎ᠠ᠎ᠶᠢᠨ 3 ᠤ ᠡᠳᠦᠷ᠂ ᠰᠤᠷᠪᠤᠯᠵᠢᠯᠠᠭ᠍ᠴᠢ ᠤᠯᠠᠭᠠᠨᠬᠠᠳᠠ ᠬᠣᠲᠠ᠎ᠶᠢᠨ ᠠᠤᠬᠠᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠥᠳᠡᠭᠡ ᠲᠣᠰᠬᠣᠨ᠎ᠤ ᠨᠡᠢᠭᠡᠮ᠎ᠦᠨ ᠦᠢᠯᠡᠰ᠎ᠢ ᠠᠬᠢᠭᠤᠯᠬᠤ ᠵᠤᠷᠭᠠᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠥᠳᠡᠭᠡ ᠲᠣᠰᠬᠣᠨ᠎ᠤ ᠠᠵᠤ ᠠᠬᠤᠢ᠎ᠶᠢᠨ ᠰᠤᠳᠤᠯᠭᠠᠨ᠎ᠤ ᠲᠥᠪ ᠣᠢᠷ᠎ᠠ᠎ᠳᠤ 《ᠳᠤᠮᠳᠠᠳᠤ ᠤᠯᠤᠰ᠎ᠤᠨ ᠲᠠᠷᠢᠶᠠᠯᠠᠩ᠎ᠤᠨ ᠰᠣᠶᠣᠯ᠎ᠤᠨ ᠴᠢᠬᠤᠯᠠ ᠥᠪ᠎ᠢ ᠬᠠᠮᠠᠭᠠᠯᠠᠨ ᠤᠯᠠᠮᠵᠢᠯᠠᠬᠤ ᠰᠤᠳᠤᠯᠭᠠᠨ᠎ᠤ ᠮᠡᠳᠡᠭᠦᠯᠦᠯᠲᠡ》᠎ᠶᠢ ᠨᠡᠢᠲᠡᠯᠡᠵᠦ᠂ 《ᠲᠠᠷᠢᠶᠠᠯᠠᠩ᠎ᠤᠨ ᠰᠣᠶᠣᠯ᠎ᠤᠨ ᠥᠪ᠎ᠢ ᠴᠢᠳᠠᠮᠠᠭᠠᠢ ᠬᠡᠷᠡᠭᠯᠡᠨ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠡᠮᠳᠡᠭ᠎ᠢ ᠡᠭᠦᠳᠰᠦᠭᠡᠢ — ᠥᠪᠥᠷ ᠮᠣᠩᠭᠣᠯ᠎ᠤᠨ ᠠᠤᠬᠠᠨ᠎ᠤ ᠬᠠᠭᠤᠷᠠᠢ ᠲᠠᠷᠢᠶᠠᠯᠠᠭ᠎ᠠ᠎ᠶᠢᠨ ᠰᠢᠰᠲᠧᠮ᠎ᠢ ᠬᠠᠮᠠᠭᠠᠯᠠᠨ ᠤᠯᠠᠮᠵᠢᠯᠠᠭᠰᠠᠨ ᠦᠢᠯᠡᠳᠦᠯᠭᠡ》 ᠨᠢ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠰᠣᠩᠭᠣᠭᠳᠠᠵᠠᠢ᠂ ᠡᠨᠡ ᠪᠣᠯ ᠥᠪᠥᠷ ᠮᠣᠩᠭᠣᠯ᠎ᠤᠨ ᠰᠣᠩᠭᠣᠭᠳᠠᠭᠰᠠᠨ ᠴᠣᠷᠢ᠎ᠶᠢᠨ ᠭᠠᠭᠴᠠ ᠬᠡᠷᠡᠭ᠎ᠦᠨ ᠵᠢᠱ᠌ᠢᠶ᠎ᠡ ᠪᠣᠯᠣᠨ᠎ᠠ᠃
ᠲᠣᠰ ᠬᠡᠷᠡᠭ᠎ᠦᠨ ᠵᠢᠱ᠌ᠢᠶ᠎ᠡ ᠨᠢ ᠠᠤᠬᠠᠨ ᠬᠣᠰᠢᠭᠤᠨ᠎ᠤ ᠲᠠᠷᠢᠶᠠᠯᠠᠩ᠎ᠤᠨ ᠥᠪ᠎ᠢ ᠠᠭᠤᠳᠠᠯᠬᠤ᠂ ᠬᠠᠮᠠᠭᠠᠯᠠᠬᠤ᠂ ᠠᠰᠢᠭ᠍ᠯᠠᠬᠤ᠂ ᠤᠯᠠᠮᠵᠢᠯᠠᠬᠤ ᠲᠠᠯ᠎ᠠ᠎ᠪᠠᠷ ᠣᠯᠣᠭᠰᠠᠨ ᠲᠣᠪᠣᠢᠮ᠎ᠠ ᠦᠷ᠎ᠡ ᠪᠦᠲᠦᠭᠡᠯ᠎ᠢ ᠲᠥᠪᠯᠡᠷᠡᠩᠭᠦᠢ ᠢᠯᠡᠷᠡᠭᠦᠯᠦᠭᠰᠡᠨ ᠪᠠᠢᠨ᠎ᠠ᠃ ᠲᠠᠷᠢᠶᠠᠯᠠᠩ᠎ᠤᠨ ᠥᠪ᠎ᠢ ᠠᠭᠤᠳᠠᠯᠬᠤ ᠲᠠᠯ᠎ᠠ᠎ᠪᠠᠷ᠂ ᠠᠤᠬᠠᠨ ᠬᠣᠰᠢᠭᠤᠨ᠎ᠤ ᠬᠢᠨ ᠤᠯᠠᠮᠵᠢᠯᠠᠯᠲᠤ ᠲᠠᠷᠢᠶᠠᠴᠢᠨ ᠠᠢᠯ᠎ᠤᠨ ᠦᠷ᠎ᠡ ᠡᠭᠦᠯᠳᠡᠷ᠎ᠢ ᠡᠷᠦᠭᠡ᠎ᠡᠴᠡ ᠨᠢ ᠴᠤᠭᠯᠠᠭᠤᠯᠬᠤ ᠪᠠ ᠡᠮᠬᠢᠳᠬᠡᠬᠦ ᠠᠵᠢᠯ᠎ᠢ ᠢᠳᠡᠪᠬᠢᠲᠡᠢ ᠥᠷᠨᠢᠭᠦᠯᠵᠦ᠂ ᠨᠠᠷᠢᠮᠤ᠂ ᠰᠢᠰᠢ᠂ ᠮᠣᠩᠭᠣᠯ ᠠᠮᠤ ᠵᠡᠷᠭᠡ ᠤᠯᠠᠮᠵᠢᠯᠠᠯᠲᠤ ᠦᠷ᠎ᠡ ᠡᠭᠦᠯᠳᠡᠷ᠎ᠢ ᠨᠡᠶ᠋ᠢᠲᠡ 218 ᠴᠤᠭᠯᠠᠭᠤᠯᠵᠤ᠂ ᠡᠭᠦᠨ᠎ᠳᠦ ᠨᠠᠷᠢᠮᠤ 92 ᠪᠣᠶ᠃ ᠲᠠᠷᠢᠶᠠᠯᠠᠩ᠎ᠤᠨ ᠥᠪ᠎ᠢ ᠬᠠᠮᠠᠭᠠᠯᠠᠬᠤ ᠲᠠᠯ᠎ᠠ᠎ᠪᠠᠷ᠂ ᠲᠤᠬᠠᠢ᠎ᠶᠢᠨ ᠭᠠᠵᠠᠷ᠎ᠲᠤ ᠠᠤᠬᠠᠨ ᠬᠣᠰᠢᠭᠤᠨ᠎ᠤ ᠲᠠᠷᠢᠶᠠᠯᠠᠩ᠎ᠤᠨ ᠰᠣᠶᠣᠯ᠎ᠤᠨ ᠥᠪ᠎ᠦᠨ ᠦᠷ᠎ᠡ ᠡᠭᠦᠯᠳᠡᠷ᠎ᠢ ᠬᠠᠮᠠᠭᠠᠯᠠᠬᠤ ᠰᠠᠭᠤᠷᠢᠨ᠎ᠢ ᠪᠠᠢᠭᠤᠯᠵᠤ᠂ ᠤᠯᠠᠮᠵᠢᠯᠠᠯᠲᠤ ᠨᠠᠷᠢᠮᠤ᠎ᠶᠢᠨ ᠡᠭᠦᠯᠳᠡᠷ᠎ᠢ 73᠂ ᠤᠯᠠᠮᠵᠢᠯᠠᠯᠲᠤ ᠬᠣᠯᠢᠮᠠᠭ ᠠᠮᠤ᠎ᠶᠢᠨ ᠪᠠ ᠪᠤᠷᠴᠠᠭ᠎ᠤᠨ ᠡᠭᠦᠯᠳᠡᠷ᠎ᠢ 12᠂ ᠰᠠᠨᠰᠠᠷ᠎ᠤᠨ ᠨᠠᠷᠢᠮᠤ᠎ᠶᠢᠨ ᠡᠭᠦᠯᠳᠡᠷ᠎ᠢ 3᠂ ᠨᠠᠷᠢᠮᠤ᠎ᠶᠢᠨ ᠰᠢᠨ᠎ᠡ ᠡᠭᠦᠯᠳᠡᠷ᠎ᠢ 2 ᠳᠠᠷᠢᠵᠤ᠂ ᠤᠷᠭᠤᠯᠲᠠ᠎ᠶᠢᠨ ᠳ᠋ᠠᠢᠲ᠋ᠠ᠎ᠶᠢᠨ ᠲᠠᠩᠰᠠ ᠡᠪᠬᠡᠮᠡᠯ᠎ᠢ ᠵᠡᠷᠭᠡ᠎ᠳᠦ ᠨᠢ ᠪᠠᠢᠭᠤᠯᠵᠤ᠂ ᠦᠷ᠎ᠡ ᠡᠭᠦᠯᠳᠡᠷ᠎ᠦᠨ ᠡᠬᠢ ᠪᠠᠶᠠᠯᠢᠭ᠋᠎ᠢ ᠵᠢᠷᠤᠮᠵᠢᠭᠤᠯᠤᠨ ᠬᠠᠮᠢᠶᠠᠷᠬᠤ᠎ᠶᠢ ᠪᠡᠶᠡᠯᠡᠭᠦᠯᠪᠡ᠃ ᠲᠠᠷᠢᠶᠠᠯᠠᠩ᠎ᠤᠨ ᠥᠪ᠎ᠢ ᠠᠰᠢᠭ᠍ᠯᠠᠬᠤ ᠪᠠ ᠤᠯᠠᠮᠵᠢᠯᠠᠬᠤ ᠲᠠᠯ᠎ᠠ᠎ᠪᠠᠷ᠂ ᠠᠤᠬᠠᠨ ᠬᠣᠰᠢᠭᠤᠨ᠎ᠤ ᠬᠢᠨ ᠨᠠᠷᠢᠮᠤ᠎ᠶᠢᠨ ᠠᠵᠤ ᠦᠢᠯᠡᠰ᠎ᠦᠨ ᠲᠣᠭᠲᠠᠯᠴᠠᠭ᠎ᠠ᠎ᠳᠤ ᠲᠦᠰᠢᠭᠯᠡᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠤᠯᠭᠠᠭᠤᠷᠢᠯᠠᠯ᠎ᠢ ᠴᠢᠩᠭᠠᠳᠬᠠᠵᠤ᠂ ᠤᠯᠠᠮᠵᠢᠯᠠᠯᠲᠤ ᠡᠭᠦᠯᠳᠡᠷ ᠠᠯᠲᠠᠨ ᠴᠢᠬᠢ᠎ᠶᠢᠨ ᠲᠣᠭᠣᠷᠢᠨ᠎ᠳᠤ ᠰᠢᠨ᠎ᠡ ᠡᠭᠦᠯᠳᠡᠷ ᠰᠣᠩᠭᠣᠨ ᠪᠣᠢᠵᠢᠭᠤᠯᠬᠤ᠎ᠶᠢ ᠥᠷᠨᠢᠭᠦᠯᠵᠦ᠂ ᠰᠢᠨ᠎ᠡ ᠡᠭᠦᠯᠳᠡᠷ ᠠᠤᠬᠠᠨ ᠠᠮᠤ 1 ᠨᠣᠮᠧᠷᠲᠤ᠂ ᠠᠯᠲᠠᠨ ᠴᠢᠬᠢ K1 ᠪᠠ ᠠᠤᠬᠠᠨ ᠠᠮᠤ 8000 ᠶ᠋ᠢ ᠳᠡᠯᠭᠡᠷᠡᠭᠦᠯᠵᠦ᠂ 《ᠠᠯᠲᠠᠨ ᠴᠢᠬᠢ》 《ᠳᠥᠷᠪᠡᠨ ᠥᠩᠭᠡᠲᠦ ᠠᠮᠤ》 ᠵᠡᠷᠭᠡ ᠡᠯ᠎ᠡ ᠲᠥᠷᠥᠯ᠎ᠦᠨ ᠨᠠᠷᠢᠮᠤ᠎ᠶᠢᠨ ᠪᠦᠲᠦᠭᠡᠭᠳᠡᠬᠦᠨ᠎ᠢ ᠪᠣᠢᠵᠢᠭᠤᠯᠪᠠ᠃ ᠣᠳᠣᠬᠠᠨ᠎ᠳᠤ᠂ ᠠᠤᠬᠠᠨ ᠬᠣᠰᠢᠭᠤᠨ᠎ᠤ ᠨᠠᠷᠢᠮᠤ ᠲᠠᠷᠢᠭᠰᠠᠨ ᠲᠠᠯᠠᠪᠠᠶ ᠣᠯᠠᠨ ᠵᠢᠯ᠎ᠦᠨ ᠲᠤᠷᠰᠢ 100 ᠲᠦᠮᠡᠨ ᠮᠦ᠍ ᠣᠷᠴᠢᠮ᠎ᠳᠤ ᠲᠣᠭᠲᠠᠪᠤᠷᠢᠵᠢᠵᠤ᠂ ᠠᠤᠬᠠᠨ ᠨᠠᠷᠢᠮᠤ ᠨᠢ ᠪᠥᠬᠥ ᠤᠯᠤᠰ᠎ᠤᠨ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠡᠮᠳᠡᠭ ᠪᠣᠯᠤᠭᠰᠠᠨ ᠪᠠᠢᠨ᠎ᠠ᠃
ᠡᠨᠡ ᠬᠦ᠌ ᠬᠡᠷᠡᠭ᠎ᠦᠨ ᠵᠢᠱ᠌ᠢᠶ᠎ᠡ ᠨᠢ ᠲᠤᠰ ᠤᠳᠠᠭ᠎ᠠ ᠤᠯᠤᠰ᠎ᠤᠨ ᠳᠡᠰ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠭᠰᠠᠨ ᠨᠢ ᠠᠤᠬᠠᠨ ᠬᠣᠰᠢᠭᠤᠨ᠎ᠤ ᠣᠢᠷ᠎ᠠ᠎ᠶᠢᠨ ᠵᠢᠯ᠎ᠦᠳ᠎ᠲᠦ ᠲᠠᠷᠢᠶᠠᠯᠠᠩ᠎ᠤᠨ ᠥᠪ᠎ᠦᠨ ᠬᠠᠮᠠᠭᠠᠯᠠᠯᠲᠠ ᠪᠠ ᠬᠥᠭᠵᠢᠯᠲᠡ᠎ᠶᠢᠨ ᠬᠦᠷᠢᠶᠡᠨ᠎ᠳᠡᠬᠢ ᠰᠢᠷᠭᠠᠭᠤ ᠬᠠᠲᠠᠭᠤᠵᠢᠯᠲᠠᠢ ᠠᠵᠢᠯᠯᠠᠭ᠎ᠠ᠎ᠶᠢ ᠠᠯᠪᠠᠨ᠎ᠠᠴᠠ ᠨᠤᠲᠠᠯᠠᠭᠰᠠᠨ᠎ᠢᠶᠠᠷ ᠪᠠᠷᠠᠬᠤ ᠦᠭᠡᠢ᠂ ᠨᠠᠩ ᠴᠤ᠌ 《ᠠᠤᠬᠠᠨ᠎ᠤ ᠬᠠᠭᠤᠷᠠᠢ ᠲᠠᠷᠢᠶᠠᠯᠠᠭ᠎ᠠ᠎ᠶᠢᠨ ᠰᠢᠰᠲᠧᠮ》᠎ᠢᠶᠡᠷ ᠲᠥᠯᠥᠭᠡᠯᠡᠭᠦᠯᠦᠭᠰᠡᠨ ᠡᠷᠲᠡᠨ᠎ᠦ ᠲᠠᠷᠢᠶᠠᠯᠠᠭ᠎ᠠ᠎ᠶᠢᠨ ᠣᠢ ᠤᠬᠠᠭᠠᠨ ᠨᠢ ᠣᠷᠣᠨ ᠪᠦᠰᠡ᠎ᠶᠢᠨ ᠴᠢᠨᠠᠷᠲᠠᠢ ᠬᠠᠮᠠᠭᠠᠯᠠᠯᠲᠠ᠎ᠶᠢᠨ ᠦᠢᠯᠡᠳᠦᠯᠭᠡ᠎ᠡᠴᠡ ᠪᠥᠬᠥ ᠤᠯᠤᠰ ᠴᠢᠨᠠᠭᠰᠢᠯᠠᠪᠠᠯ ᠪᠥᠬᠥ ᠳᠡᠯᠡᠬᠡᠢ᠎ᠶᠢᠨ ᠬᠡᠪᠴᠢᠶᠡᠨ᠎ᠳᠦ ᠬᠠᠭᠤᠯᠪᠤᠷᠢᠯᠠᠬᠤᠢᠴᠠ᠂ ᠳᠡᠯᠭᠡᠷᠡᠭᠦᠯᠬᠦᠢᠴᠡ 《ᠳᠤᠮᠳᠠᠳᠤ ᠤᠯᠤᠰ᠎ᠤᠨ ᠲᠥᠰᠥᠯ》 ᠪᠣᠯᠵᠤ ᠳᠡᠭᠡᠭᠰᠢᠯᠡᠭᠰᠡᠨ᠎ᠢ ᠬᠠᠷᠠᠭᠤᠯᠵᠤ ᠪᠠᠢᠨ᠎ᠠ᠃