ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠯᠦ᠍ᠭᠡ ᠬᠠᠮᠲᠤᠷᠠᠨ ᠬᠠᠮᠢᠶ᠎ᠠ ᠪᠦᠬᠦᠢ ᠠᠢᠮᠠᠭ ᠬᠣᠲᠠ᠎ᠶᠢ ᠵᠣᠬᠢᠶᠠᠨ ᠪᠠᠢᠭᠤᠯᠤᠨ ᠲᠥᠷᠥᠯ ᠵᠦᠢᠯ᠎ᠦᠨ ᠨᠥᠭᠡᠴᠡᠯᠡᠯᠲᠡ᠎ᠶᠢ ᠰᠠᠢᠲᠤᠷ ᠬᠢᠵᠦ᠂ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ 6 ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠤᠯᠤᠰ᠎ᠤᠨ ᠳᠡᠮᠵᠢᠯᠭᠡ᠎ᠶᠢᠨ ᠬᠡᠪᠴᠢᠶᠡᠨ᠎ᠳᠦ ᠣᠷᠣᠭᠤᠯᠬᠤ᠎ᠪᠠᠷ ᠠᠮᠵᠢᠯᠲᠠ᠎ᠲᠠᠢ ᠭᠤᠶᠤᠴᠢᠯᠠᠨ ᠮᠡᠳᠡᠭᠦᠯᠵᠦ᠂ ᠲᠥᠪ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠨᠡᠶ᠋ᠢᠲᠡ 18 ᠳ᠋ᠦᠩᠰᠢᠭᠤᠷ ᠲᠥᠭᠥᠷᠢᠭ ᠴᠢᠷᠮᠠᠢᠨ ᠣᠯᠪᠠ᠃
6 ᠵᠢᠱ᠌ᠢᠶ᠎ᠡ ᠦᠵᠡᠭᠦᠯᠬᠦ ᠢᠨᠵᠧᠨᠧᠷᠢᠩ ᠨᠢ 6 ᠠᠢᠮᠠᠭ ᠬᠣᠲᠠ᠎ᠳᠤ ᠲᠠᠷᠬᠠᠵᠤ ᠪᠣᠶ᠄
ᠬᠠᠲᠤᠨ ᠭᠣᠣᠯ᠎ᠤᠨ ᠭᠣᠣᠯᠳᠠᠯᠭ᠎ᠠ ᠪᠣᠯᠬᠤ ᠠᠮᠢ ᠠᠬᠤᠢ᠎ᠶᠢᠨ ᠣᠷᠣᠨ (ᠣᠷᠳᠣᠰ᠎ᠤᠨ ᠬᠡᠰᠡᠭ)᠎ᠳᠡᠬᠢ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠦ ᠨᠡᠶ᠋ᠢᠲᠡ 6.07 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠪᠡᠷ ᠣᠷᠣᠨ ᠪᠦᠰᠡ᠎ᠶᠢᠨ ᠳᠣᠲᠣᠷᠠᠬᠢ ᠬᠠᠲᠤᠨ ᠭᠣᠣᠯ᠎ᠤᠨ ᠠᠮᠤᠷ ᠲᠦᠪᠰᠢᠨ᠎ᠢ ᠭᠣᠣᠯᠳᠠᠯᠭ᠎ᠠ ᠲᠠᠢ ᠪᠠᠲᠤᠯᠠᠵᠤ᠂ ᠬᠠᠲᠤᠨ ᠭᠣᠣᠯ᠎ᠳᠤ ᠴᠢᠳᠬᠤᠬᠤ ᠡᠯᠡᠰᠦ ᠰᠢᠪᠠᠷ᠎ᠤᠨ ᠬᠡᠮᠵᠢᠶ᠎ᠡ᠎ᠶᠢ ᠪᠠᠭᠠᠰᠬᠠᠨ᠂ ᠬᠥᠷᠥᠰᠥ ᠰᠢᠷᠣᠢ᠎ᠶᠢᠨ ᠢᠳᠡᠭᠳᠡᠯ᠎ᠢ ᠪᠠᠭᠠᠰᠬᠠᠵᠤ᠂ ᠪᠡᠭᠡᠵᠢᠩ ᠲᠢᠶᠠᠨᠵᠢᠨ ᠾᠧᠪᠧᠢ᠎ᠶᠢᠨ ᠰᠠᠯᠬᠢ᠎ᠶᠢ ᠬᠠᠯᠬᠠᠯᠠᠵᠤ ᠡᠯᠡᠰᠦ᠎ᠶᠢ ᠲᠣᠭᠲᠠᠪᠤᠷᠢᠵᠢᠭᠤᠯᠬᠤ ᠬᠠᠯᠬᠠᠪᠴᠢ᠎ᠶᠢ ᠪᠡᠬᠢᠵᠢᠭᠦᠯᠦᠨ᠂ ᠠᠭᠤᠷᠬᠠᠢ᠎ᠶᠢᠨ ᠣᠷᠣᠨ᠎ᠤ ᠴᠦᠯᠡᠷᠬᠡᠭᠵᠢᠯ᠎ᠢ ᠰᠡᠷᠭᠡᠢᠯᠡᠨ ᠵᠠᠰᠠᠬᠤ ᠥᠯᠢᠭᠡᠷ ᠳᠠᠭᠤᠷᠢᠶᠠᠯ ᠪᠣᠯᠭᠠᠬᠤ᠎ᠪᠠᠷ ᠵᠣᠷᠢᠯᠭ᠎ᠠ᠎ᠪᠡᠨ ᠪᠣᠯᠭᠠᠵᠠᠢ᠃
ᠤᠮᠠᠷᠠᠲᠤ᠎ᠶᠢᠨ ᠡᠯᠡᠰᠦ᠎ᠶᠢ ᠰᠡᠷᠭᠡᠢᠯᠡᠬᠦ ᠪᠦᠰᠡ — ᠬᠠᠲᠤᠨ ᠭᠣᠣᠯ᠎ᠤᠨ ᠭᠣᠣᠯᠳᠠᠯᠭ᠎ᠠ ᠪᠣᠯᠬᠤ ᠠᠮᠢ ᠠᠬᠤᠢ᠎ᠶᠢᠨ ᠣᠷᠣᠨ (ᠬᠥᠬᠡᠬᠣᠲᠠ)᠎ᠳᠠᠬᠢ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠨᠡᠢᠲᠡ 5.54 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠪᠠᠷ ᠣᠷᠣᠨ ᠪᠦᠰᠡ᠎ᠶᠢᠨ ᠳᠣᠲᠣᠷᠠᠬᠢ ᠭᠠᠵᠠᠷ ᠰᠢᠷᠣᠢ ᠡᠯᠡᠰᠦᠵᠢᠬᠦ᠂ ᠨᠤᠲᠤᠭ ᠪᠡᠯᠴᠢᠭᠡᠷ ᠮᠠᠭᠤᠳᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠡᠪᠳᠡᠭᠳᠡᠬᠦ ᠪᠠ ᠠᠭᠤᠷᠬᠠᠢ᠎ᠶᠢᠨ ᠭᠠᠵᠠᠷ ᠬᠥᠷᠥᠰᠥᠨ᠎ᠦ ᠠᠮᠤᠷ ᠲᠦᠪᠰᠢᠨ᠎ᠦ ᠳᠠᠯᠳᠠ ᠬᠡᠮ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠵᠦ᠂ ᠦᠵᠡᠰᠬᠦᠯᠡᠩᠲᠦ ᠰᠠᠢᠬᠠᠨ ᠬᠥᠬᠡᠬᠣᠲᠠ᠂ ᠲᠠᠯ᠎ᠠ ᠨᠤᠲᠤᠭ᠎ᠤᠨ ᠬᠣᠲᠠ᠎ᠶᠢᠨ ᠦᠵᠡᠰᠬᠦᠯᠡᠩᠲᠦ ᠰᠠᠢᠬᠠᠨ ᠦᠵᠡᠮᠵᠢ᠎ᠶᠢᠨ ᠣᠷᠣᠨ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠪᠣᠯᠣᠨ᠎ᠠ᠃
ᠤᠮᠠᠷᠠᠲᠤ᠎ᠶᠢᠨ ᠡᠯᠡᠰᠦ᠎ᠶᠢ ᠰᠡᠷᠭᠡᠢᠯᠡᠬᠦ ᠪᠦᠰᠡ (ᠪᠠᠶᠠᠨᠨᠠᠭᠤᠷ ᠬᠣᠲᠠ)᠎ᠳᠠᠬᠢ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠦ ᠨᠡᠢᠲᠡ 5.42 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠪᠠᠷ ᠤᠮᠠᠷᠠᠲᠤ᠎ᠶᠢᠨ ᠡᠯᠡᠰᠦ᠎ᠶᠢ ᠰᠡᠷᠭᠡᠢᠯᠡᠬᠦ ᠪᠦᠰᠡ᠎ᠶᠢᠨ 《ᠪᠠᠶᠠᠨᠨᠠᠭᠤᠷ᠎ᠤᠨ ᠰᠡᠷᠭᠡᠢᠯᠡᠯᠲᠡ᠎ᠶᠢᠨ ᠱᠤᠭᠤᠮ》᠎ᠢ ᠪᠠᠲᠤ ᠪᠡᠬᠢ ᠪᠠᠢᠭᠤᠯᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠢ ᠪᠠᠲᠤᠯᠠᠵᠤ ᠪᠣᠯᠣᠨ᠎ᠠ᠃
ᠤᠮᠠᠷᠠᠲᠤ ᠣᠷᠣᠨ᠎ᠤ ᠡᠯᠡᠰᠦ᠎ᠶᠢ ᠰᠡᠷᠭᠡᠢᠯᠡᠬᠦ ᠪᠦᠰᠡ (ᠤᠯᠠᠭᠠᠨᠴᠠᠪ ᠬᠣᠲᠠ)᠎ᠳᠠᠬᠢ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠦ ᠨᠡᠶ᠋ᠢᠲᠡ 5.52 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠪᠠᠷ ᠣᠷᠣᠨ ᠪᠦᠰᠡ᠎ᠶᠢᠨ ᠳᠣᠲᠣᠷᠠᠬᠢ ᠭᠠᠵᠠᠷ ᠰᠢᠨᠵᠢᠯᠡᠭᠡᠨ᠎ᠦ ᠣᠷᠴᠢᠨ ᠨᠥᠬᠥᠴᠡᠯ᠂ ᠭᠠᠵᠠᠷ᠎ᠤᠨ ᠪᠠᠢᠴᠠ ᠭᠠᠵᠠᠷ᠎ᠤᠨ ᠭᠠᠳᠠᠷᠭᠤ ᠬᠢᠭᠡᠳ ᠦᠵᠡᠮᠵᠢ᠂ ᠬᠥᠷᠥᠰᠥ ᠰᠢᠷᠣᠢ᠎ᠶᠢᠨ ᠤᠷᠭᠤᠮᠠᠯ᠎ᠤᠨ ᠬᠤᠴᠢᠯᠭ᠎ᠠ ᠵᠡᠷᠭᠡ᠎ᠶᠢ ᠭᠣᠣᠯᠳᠠᠯᠭ᠎ᠠ ᠲᠠᠢ ᠵᠠᠰᠠᠨ ᠰᠡᠷᠭᠦᠭᠡᠨ᠎ᠡ᠃
ᠤᠮᠠᠷᠠᠲᠤ ᠣᠷᠣᠨ᠎ᠤ ᠡᠯᠡᠰᠦ᠎ᠶᠢ ᠰᠡᠷᠭᠡᠢᠯᠡᠬᠦ ᠪᠦᠰᠡ᠎ᠶᠢᠨ ᠭᠣᠣᠯᠳᠠᠯᠭ᠎ᠠ ᠪᠣᠯᠬᠤ ᠠᠮᠢ ᠠᠬᠤᠢ᠎ᠶᠢᠨ ᠪᠣᠭᠣᠮᠲᠠ ᠰᠢᠪᠲᠤᠯᠬᠤ ᠣᠷᠣᠨ (ᠪᠤᠭᠤᠲᠤ ᠬᠣᠲᠠ)᠎ᠳᠠᠬᠢ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠦ ᠨᠡᠢᠲᠡ 5.54 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠪᠠᠷ 《ᠠᠭᠤᠯᠠ ᠤᠰᠤ᠎ᠶᠢ ᠨᠢᠭᠡ ᠴᠣᠭᠴᠠᠵᠢᠭᠤᠯᠤᠨ᠂ ᠰᠢᠰᠲᠧᠮ᠎ᠲᠠᠢ ᠵᠠᠰᠠᠬᠤ》᠎ᠶᠢ ᠣᠨᠣᠯᠵᠢᠬᠤᠨ ᠪᠣᠯᠭᠠᠵᠤ᠂ ᠣᠷᠣᠨ ᠪᠦᠰᠡ᠎ᠶᠢᠨ ᠳᠣᠲᠣᠷᠠᠬᠢ ᠰᠠᠯᠬᠢ᠎ᠶᠢ ᠬᠠᠯᠬᠠᠯᠠᠨ ᠡᠯᠡᠰᠦ᠎ᠶᠢ ᠲᠣᠭᠲᠠᠪᠤᠷᠢᠵᠢᠭᠤᠯᠬᠤ᠂ ᠤᠰᠤ ᠬᠥᠷᠥᠰᠥ᠍᠎ᠶᠢ ᠬᠠᠮᠠᠭᠠᠯᠠᠬᠤ᠂ ᠤᠰᠤᠨ ᠰᠤᠷᠪᠤᠯᠵᠢ᠎ᠶᠢᠨ ᠬᠤᠷᠠᠭᠤᠯᠤᠨ ᠬᠠᠳᠠᠭᠠᠯᠠᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠦᠨ᠎ᠡ᠃
ᠤᠮᠠᠷᠠᠲᠤ ᠣᠷᠣᠨ᠎ᠤ ᠡᠯᠡᠰᠦ᠎ᠶᠢ ᠰᠡᠷᠭᠡᠢᠯᠡᠬᠦ ᠪᠦᠰᠡ — ᠬᠠᠲᠤᠨ ᠭᠣᠣᠯ᠎ᠤᠨ ᠭᠣᠣᠯᠳᠠᠯᠭ᠎ᠠ ᠪᠣᠯᠬᠤ ᠠᠮᠢ ᠠᠬᠤᠢ᠎ᠶᠢᠨ ᠣᠷᠣᠨ (ᠠᠯᠠᠱᠠ ᠵᠡᠭᠦᠨ ᠬᠣᠰᠢᠭᠤ)᠎ᠳᠠᠬᠢ ᠥᠩᠭᠡᠷᠡᠭᠰᠡᠨ᠎ᠦ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠦ ᠨᠡᠢᠲᠡ 5.19 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠪᠠᠷ ᠡᠯᠡᠰᠦ ᠮᠠᠩᠬ᠎ᠠ᠎ᠶᠢᠨ ᠵᠡᠭᠦᠨᠰᠢ ᠲᠦᠷᠢᠬᠦ᠎ᠶᠢ ᠪᠦᠲᠦᠮᠵᠢᠲᠡᠶ ᠬᠣᠷᠢᠭ᠍ᠯᠠᠵᠤ᠂ ᠬᠠᠲᠤᠨ ᠭᠣᠣᠯ᠎ᠤᠨ ᠤᠰᠤᠨ ᠰᠤᠷᠪᠤᠯᠵᠢ᠎ᠶᠢᠨ ᠬᠠᠩᠭᠠᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠵᠦ᠂ ᠠᠯᠠᠱᠠ ᠠᠭᠤᠯᠠ᠎ᠶᠢᠨ ᠪᠠᠷᠠᠭᠤᠨ ᠪᠡᠶ᠎ᠡ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ ᠪᠣᠯᠣᠨ᠎ᠠ᠃
《ᠬᠣᠢᠰᠢᠳᠠ ᠪᠢᠳᠡ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠯᠦ᠍ᠭᠡ ᠬᠠᠮᠲᠤ᠎ᠪᠠᠷ ᠪᠡᠯᠡ ᠮᠥᠩᠭᠥᠨ᠎ᠦ ᠬᠠᠮᠢᠶᠠᠷᠤᠯᠲᠠ᠎ᠪᠠᠨ ᠦᠷᠭᠦᠯᠵᠢᠯᠡᠨ ᠴᠢᠩᠭᠠᠳᠬᠠᠵᠤ᠂ ᠪᠡᠯᠡ ᠮᠥᠩᠭᠥᠨ᠎ᠦ ᠬᠡᠷᠡᠭᠯᠡᠯᠲᠡ᠎ᠶᠢᠨ ᠦᠷ᠎ᠡ ᠠᠰᠢᠭ᠋᠎ᠢ ᠭᠦᠢᠴᠡᠳ ᠳᠡᠭᠡᠭᠰᠢᠯᠡᠭᠦᠯᠦᠨ᠂ 6 ᠵᠢᠱ᠌ᠢᠶ᠎ᠡ ᠦᠵᠡᠭᠦᠯᠬᠦ ᠢᠨᠵᠧᠨᠧᠷᠢᠩ᠎ᠢᠶᠡᠨ ᠴᠢᠨᠠᠷ ᠰᠠᠢᠲᠠᠢ ᠪᠡᠶᠡᠯᠡᠭᠦᠯᠬᠦ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠦᠨᠡᠨ ᠬᠦ᠌ ᠪᠡᠬᠢᠵᠢᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃