ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
《ᠥᠪᠥᠷ ᠮᠣᠩᠭᠣᠯ᠎ᠢ ᠭᠡᠷᠡᠯᠲᠦᠭᠦᠯᠬᠦ》 ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ᠎ᠶᠢᠨ ᠲᠠᠮᠢᠷ᠎ᠤᠨ ᠴᠤᠭᠯᠠᠭᠠᠨ ᠥᠨᠳᠥᠷᠯᠡᠵᠦ 2 ᠲᠦᠮᠡ ᠭᠠᠷᠤᠢ ᠬᠥᠮᠥᠨ ᠣᠷᠣᠯᠴᠠᠪᠠ
ᠨᠡᠶ᠋ᠢᠲᠡᠯᠡᠭᠰᠡᠨ ᠴᠠᠭ᠄ 2025-12-01

11 ᠳ᠋ᠦ᠍ᠭᠡᠷ ᠰᠠᠷ᠎ᠠ᠎ᠶᠢᠨ 30 ᠎ᠤ ᠡᠳᠦᠷ᠎ᠦᠨ ᠦᠳᠡ᠎ᠶᠢᠨ ᠡᠮᠦᠨ᠎ᠡ᠂ 《ᠥᠪᠥᠷ ᠮᠣᠩᠭᠣᠯ᠎ᠢ ᠭᠡᠷᠡᠯᠲᠦᠭᠦᠯᠬᠦ》 ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠠᠵᠢᠯᠯᠠᠭ᠎ᠠ᠎ᠶᠢᠨ ᠠᠬᠤᠢ ᠲᠠᠯᠠᠪᠠᠢ᠎ᠳᠤ ᠣᠨ᠎ᠤ ᠸᠢᠳᠢᠣ᠋᠎ᠶᠢ ᠡᠷᠭᠢᠴᠡᠭᠦᠯᠬᠦ᠂ ᠳᠤᠭᠤᠢᠯᠠᠩ ᠬᠤᠪᠢᠶᠠᠨ ᠱᠠᠩᠨᠠᠯ ᠣᠯᠭᠣᠬᠤ ᠵᠡᠷᠭᠡ ᠭᠣᠭᠴᠣᠭ᠎ᠠ᠎ᠪᠠᠷ ᠳᠠᠮᠵᠢᠭᠤᠯᠤᠨ᠂ ᠲᠣᠰ ᠬᠤᠭᠤᠴᠠᠭᠠᠨ᠎ᠤ ᠰᠦᠯᠵᠢᠶᠡᠨ ᠳᠡᠭᠡᠷᠡᠬᠢ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠦᠷ᠎ᠡ ᠪᠦᠲᠦᠭᠡᠯ᠎ᠢ ᠲᠥᠪᠯᠡᠷᠡᠭᠦᠯᠵᠦ ᠳᠡᠯᠭᠡᠨ ᠦᠵᠡᠭᠦᠯᠦᠭᠰᠡᠨ᠎ᠦ ᠬᠠᠮᠲᠤ ᠣᠨ᠎ᠤ ᠵᠢᠭ᠍ᠰᠠᠭᠠᠯᠲᠠ᠎ᠳᠤ ᠰᠢᠯᠭᠠᠷᠠᠭᠰᠠᠳ᠎ᠢ ᠬᠥᠬᠢᠭᠦᠯᠦᠨ ᠰᠠᠢᠰᠢᠶᠠᠪᠠ᠃ 

ᠡᠨᠡ ᠬᠦ᠌ ᠬᠤᠭᠤᠴᠠᠭᠠᠨ᠎ᠤ ᠰᠦᠯᠵᠢᠶᠡᠨ ᠳᠡᠭᠡᠷᠡᠬᠢ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ 5 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠭᠦᠯᠵᠦ᠂ ᠳ᠋ᠢᠭᠢᠲᠴᠢᠯᠡᠭᠰᠡᠨ ᠲᠠᠪᠴᠠᠩ᠎ᠳᠤ ᠲᠦᠰᠢᠭᠯᠡᠨ ᠬᠤᠪᠢ ᠬᠤᠷᠠᠮᠳᠤᠭᠤᠯᠬᠤ ᠤᠷᠤᠯᠳᠤᠭᠠᠨ ᠥᠷᠨᠢᠭᠦᠯᠵᠦ᠂ ᠨᠡᠶ᠋ᠢᠲᠡ 20518 ᠬᠥᠮᠥᠨ᠎ᠢ ᠲᠡᠳᠡᠨ ᠣᠷᠣᠯᠴᠠᠭᠤᠯᠵᠤ᠂ ᠪᠥᠬᠥ ᠣᠷᠣᠨ᠎ᠤ 12 ᠠᠢᠮᠠᠭ ᠬᠣᠲᠠ ᠵᠢᠴᠢ ᠡᠯ᠎ᠡ ᠱᠠᠲᠤᠨ᠎ᠤ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠣᠷᠣᠯᠴᠠᠭᠰᠠᠳ᠎ᠢ ᠬᠠᠮᠤᠷᠤᠭᠰᠠᠨ ᠪᠠᠢᠨ᠎ᠠ᠃ ᠡᠨᠡ ᠬᠦ᠌ ᠤᠷᠤᠯᠳᠤᠭᠠᠨ᠎ᠳᠦ ᠴᠠᠭ ᠬᠤᠭᠤᠴᠠᠭ᠎ᠠ ᠪᠠ ᠣᠷᠣᠨ ᠵᠠᠢ᠎ᠶᠢᠨ ᠬᠢᠵᠠᠭᠠᠷᠯᠠᠯ ᠪᠠᠢᠬᠤ ᠦᠭᠡᠢ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ᠎ᠶᠢ ᠣᠯᠠᠨ ᠲᠦᠮᠡᠨ᠎ᠳᠦ ᠨᠠᠷᠢᠯᠢᠭ᠋ ᠣᠨᠣᠴᠠᠲᠠᠢ᠎ᠪᠠᠷ ᠳᠠᠮᠵᠢᠭᠤᠯᠪᠠ᠂ ᠡᠭᠦᠨ᠎ᠳᠦ ᠲᠠᠩ ᠵᠦᠢᠯ᠎ᠦᠨ ᠲᠠᠮᠢᠷ᠎ᠤᠨ ᠬᠥᠳᠡᠯᠭᠡᠭᠡᠨ᠎ᠳᠦ ᠺᠠᠷᠲᠯᠠᠭᠰᠠᠨ ᠬᠥᠮᠥᠨ᠎ᠦ ᠲᠣᠭ᠎ᠠ ᠬᠠᠮᠤᠭ ᠣᠯᠠᠨ᠎ᠳᠤ᠎ᠪᠠᠨ 2761᠎ᠳᠤ ᠬᠦᠷᠴᠦ᠂ ᠣᠯᠠᠨ ᠲᠦᠮᠡᠨ᠎ᠦ ᠥᠷᠭᠡᠨ᠎ᠢᠶᠠᠷ ᠣᠷᠣᠯᠴᠠᠭᠰᠠᠨ ᠬᠠᠯᠠᠭᠤᠨ ᠰᠡᠳᠬᠢᠯᠭᠡ᠎ᠶᠢ ᠢᠯᠡᠷᠡᠭᠦᠯᠪᠡ᠃ 

ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠯᠠᠨ ᠲᠦᠮᠡᠨ᠎ᠦ ᠣᠷᠣᠯᠴᠠᠬᠤ ᠢᠳᠡᠪᠬᠢᠵᠢᠯ᠎ᠢ ᠬᠥᠭᠵᠢᠭᠡᠬᠦ᠎ᠶᠢᠨ ᠲᠥᠯᠥᠭᠡ᠂ ᠡᠨᠡ ᠬᠦ᠌ ᠬᠤᠭᠤᠴᠠᠭᠠᠨ᠎ᠤ ᠰᠦᠯᠵᠢᠶᠡᠨ ᠳᠡᠭᠡᠷᠡᠬᠢ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠠᠩᠬ᠎ᠠ ᠤᠳᠠᠭ᠎ᠠ 《AI᠎ᠢᠶᠠᠷ ᠬᠥᠳᠡᠯᠭᠡᠭᠡᠨ᠎ᠢ ᠢᠯᠭᠠᠨ ᠲᠠᠨᠢᠬᠤ ᠮᠡᠷᠭᠡᠵᠢᠯ + ᠬᠤᠪᠢ ᠬᠤᠷᠠᠮᠳᠤᠭᠤᠯᠬᠤ ᠥᠷᠢᠰᠦᠯᠳᠦᠭᠡᠨ》᠎ᠤ ᠬᠡᠪ ᠵᠠᠭᠪᠤᠷ᠎ᠢ ᠬᠡᠷᠡᠭᠯᠡᠵᠦ᠂ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ᠎ᠢ AI ᠣᠶᠤᠨᠴᠢ᠎ᠪᠠᠷ ᠢᠯᠭᠠᠨ ᠲᠠᠨᠢᠬᠤ᠎ᠪᠡᠷ ᠳᠠᠮᠵᠢᠭᠤᠯᠤᠨ᠂ ᠰᠦᠯᠵᠢᠶ᠎ᠡ᠎ᠪᠡᠷ ᠵᠢᠭᠠᠨ ᠵᠢᠯᠤᠭᠣᠳᠬᠤ᠎ᠶᠢ ᠪᠡᠶᠡᠯᠡᠭᠦᠯᠵᠦ᠂ ᠭᠡᠷ᠎ᠲᠤ᠎ᠪᠠᠨ ᠪᠡᠶ᠎ᠡ ᠪᠣᠯᠪᠠᠰᠤᠷᠠᠬᠤ ᠰᠢᠨᠵᠢᠯᠡᠬᠦ ᠤᠬᠠᠭᠠᠨᠴᠢ ᠴᠢᠨᠠᠷ᠎ᠢ ᠳᠡᠭᠡᠭᠰᠢᠯᠡᠭᠦᠯᠪᠡ; ᠬᠤᠪᠢ ᠬᠤᠷᠠᠮᠳᠤᠭᠤᠯᠬᠤ ᠲᠣᠭᠲᠠᠯᠴᠠᠭ᠎ᠠ ᠨᠢ ᠣᠷᠣᠯᠴᠠᠭᠰᠠᠳ᠎ᠤᠨ ᠬᠤᠪᠢ ᠬᠥᠮᠥᠨ᠎ᠦ ᠬᠥᠳᠡᠯᠭᠡᠭᠡᠨ᠎ᠦ ᠬᠠᠷᠠᠯᠲᠠ᠎ᠪᠠᠨ ᠦᠷᠭᠦᠯᠵᠢᠯᠡᠨ ᠰᠢᠯᠢᠳᠡᠭᠵᠢᠭᠦᠯᠬᠦ᠎ᠶᠢ ᠪᠦᠲᠦᠮᠵᠢᠲᠡᠶ᠎ᠪᠡᠷ ᠤᠷᠮᠠᠰᠢᠭᠤᠯᠤᠨ ᠵᠣᠷᠢᠭ᠍ᠵᠢᠭᠤᠯᠳᠠᠭ᠃ ᠡᠭᠦᠨ᠎ᠦ ᠬᠠᠮᠲᠤ᠂ ᠪᠡᠶ᠎ᠡ᠎ᠶᠢᠨ ᠲᠠᠮᠢᠷ᠎ᠤᠨ ᠴᠤᠭᠯᠠᠭᠠᠨ ᠨᠢ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠳᠦ ᠲᠤᠰᠬᠠᠢ 30 ᠡᠳᠦᠷ᠎ᠦᠨ ᠤᠷᠤᠯᠳᠤᠭᠠᠨ᠎ᠤ ᠶᠠᠪᠤᠴᠠ᠎ᠶᠢ ᠲᠣᠭᠲᠠᠭᠠᠬᠤ ᠦᠢᠯᠡᠴᠢᠯᠡᠭᠡ ᠬᠠᠩᠭᠠᠵᠤ᠂ ᠬᠠᠮᠲᠤ ᠨᠡᠶ᠋ᠢᠲᠡ᠎ᠶᠢᠨ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠤᠨ᠂ ᠠᠵᠢᠯᠲᠠᠨ ᠠᠵᠢᠯᠴᠢᠨ᠎ᠤ ᠪᠠᠢᠩᠭᠤ ᠪᠡᠶ᠎ᠡ ᠴᠢᠬᠢᠷᠠᠭᠵᠢᠭᠤᠯᠬᠤ᠎ᠶᠢ ᠨᠢ ᠠᠬᠢᠭᠤᠯᠪᠠ᠃ 

ᠡᠨᠡ ᠬᠦ᠌ ᠬᠤᠭᠤᠴᠠᠭᠠᠨ᠎ᠤ ᠰᠦᠯᠵᠢᠶᠡᠨ ᠳᠡᠭᠡᠷᠡᠬᠢ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ 13 ᠲᠠᠯᠠᠪᠤᠷ ᠰᠦᠯᠵᠢᠶᠡᠨ ᠭᠠᠳᠠᠭᠤᠷᠬᠢ ᠳᠡᠯᠭᠡᠷᠡᠭᠦᠯᠬᠦ ᠠᠵᠢᠯᠯᠠᠭ᠎ᠠ᠎ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠬᠠᠮᠵᠢᠯᠴᠠᠨ ᠬᠥᠳᠡᠯᠦᠯᠴᠡᠭᠰᠡᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠨ᠎ᠡ ᠲᠥᠯᠥᠪ ᠪᠠᠢᠳᠠᠯ᠎ᠢ ᠪᠣᠶ ᠪᠣᠯᠭᠠᠪᠠ᠃ ᠠᠵᠢᠯᠯᠠᠭ᠎ᠠ᠎ᠶᠢᠨ ᠬᠤᠭᠤᠴᠠᠭᠠᠨ᠎ᠳᠤ ᠰᠠᠷ᠎ᠠ᠎ᠶᠢᠨ ᠱᠠᠩᠨᠠᠯ᠎ᠤᠨ ᠮᠧᠳᠠᠯ᠎ᠢ ᠨᠡᠢ᠍ᠢᠳᠡ 698 ᠣᠯᠭᠣᠵᠤ᠂ ᠣᠨ᠎ᠤ ᠵᠢᠭ᠍ᠰᠠᠭᠠᠯᠲᠠ᠎ᠳᠤ 28 ᠱᠠᠩᠨᠠᠯ ᠬᠦᠷᠳᠡᠭᠴᠢ᠎ᠶᠢ ᠰᠢᠯᠭᠠᠷᠠᠭᠤᠯᠵᠤ᠂ 《ᠬᠥᠮᠥᠨ ᠪᠦᠬᠦᠨ ᠣᠷᠣᠯᠴᠠᠵᠤ ᠪᠣᠯᠬᠤ᠂ ᠴᠠᠭ ᠢᠮᠠᠭᠲᠠ ᠪᠡᠶ᠎ᠡ ᠴᠢᠭᠢᠷᠠᠭᠵᠢᠭᠤᠯᠵᠤ ᠪᠣᠯᠬᠤ》 ᠳ᠋ᠢᠭᠢᠲᠴᠢᠯᠡᠭᠰᠡᠨ ᠬᠥᠳᠡᠯᠭᠡᠭᠡᠨ᠎ᠦ ᠲᠠᠯᠠᠪᠤᠷ ᠪᠠᠢᠳᠠᠯ᠎ᠢ ᠠᠮᠵᠢᠯᠲᠠ᠎ᠲᠠᠢ ᠡᠭᠦᠳᠴᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ ᠪᠠ ᠪᠦᠬᠦ ᠠᠷᠠᠳ᠎ᠤᠨ ᠡᠷᠡᠭᠦᠯ ᠮᠡᠨᠳᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠠᠮᠢᠳᠤᠯᠢᠭ᠋ ᠦᠢᠯᠡᠳᠦᠯᠭᠡ ᠬᠠᠩᠭᠠᠭᠰᠠᠨ᠎ᠢᠶᠠᠷ ᠪᠠᠷᠠᠬᠤ ᠦᠭᠡᠢ᠂ ᠪᠠᠰᠠ ᠨᠡᠩ ᠥᠨᠳᠥᠷ ᠲᠦᠪᠰᠢᠨ ᠪᠦᠬᠦᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠠᠶ᠋ᠢᠭᠤᠯᠬᠤ᠎ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠵᠡᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ