ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ 11 ᠳ᠋ᠦ᠍ᠭᠡᠷ ᠰᠠᠷ᠎ᠠ᠎ᠶᠢᠨ ᠰᠡᠭᠦᠯᠴᠢ ᠪᠤᠯᠲᠠᠯ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ 36.6 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠪᠠᠭᠤᠯᠭᠠᠵᠤ 6603 ᠺᠢᠯᠣᠮᠧᠲᠷ᠎ᠦᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠪᠡ᠃
2025 ᠣᠨ᠎ᠠᠴᠠ ᠨᠠᠭᠠᠰᠢ᠂ ᠥᠪᠥᠷ ᠮᠣᠩᠭᠣᠯ ᠪᠡᠯᠡ ᠮᠥᠩᠭᠥ ᠴᠤᠭᠯᠠᠭᠤᠯᠬᠤ ᠪᠠ ᠪᠡᠯᠡ ᠮᠥᠩᠭᠥ ᠬᠢᠨᠠᠨ ᠬᠠᠮᠢᠶᠠᠷᠬᠤ ᠬᠣᠶᠠᠷ ᠲᠠᠯ᠎ᠠ᠎ᠪᠠᠷ ᠵᠡᠷᠭᠡ᠎ᠪᠡᠷ ᠬᠦᠴᠦᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠮ᠎ᠤᠨ ᠲᠣᠣᠷ᠎ᠤᠨ ᠬᠣᠯᠪᠣᠯᠳᠤᠨ ᠨᠡᠪᠲᠡᠷᠡᠯᠴᠡᠬᠦ ᠬᠢᠷᠢ ᠲᠦᠪᠰᠢᠨ᠎ᠦ ᠳᠡᠭᠡᠭᠰᠢᠯᠡᠯᠲᠡ᠎ᠶᠢ ᠪᠦᠲᠦᠮᠵᠢᠲᠡᠶ ᠳᠡᠮᠵᠢᠪᠡ᠄ 《ᠱᠠᠩᠨᠠᠯ᠎ᠢᠶᠠᠷ ᠨᠥᠬᠥᠪᠦᠷᠢ᠎ᠶᠢ ᠣᠷᠣᠯᠠᠭᠤᠯᠬᠤ》 ᠲᠣᠭᠲᠠᠴᠠ᠎ᠶᠢ ᠰᠢᠨ᠎ᠡ ᠪᠡᠷ ᠡᠭᠦᠳᠦᠨ ᠬᠡᠷᠡᠭᠯᠡᠵᠦ᠂ ᠪᠡᠯᠡ ᠮᠥᠩᠭᠥᠨ᠎ᠦ ᠬᠤᠪᠢᠶᠠᠷᠢᠯᠠᠯᠲᠠ᠎ᠶᠢ ᠣᠷᠣᠨ ᠨᠤᠲᠤᠭ᠎ᠤᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢᠨ ᠪᠣᠳᠠᠲᠤ ᠪᠦᠲᠦᠮᠵᠢ ᠯᠦ᠍ᠭᠡ ᠬᠣᠯᠪᠣᠭᠳᠠᠭᠤᠯᠵᠤ᠂ ᠦᠨᠳᠦᠰᠦᠨ ᠱᠠᠲᠤᠨ᠎ᠤ ᠵᠠᠮ᠎ᠤᠨ ᠲᠣᠣᠷ᠎ᠢ ᠰᠠᠢᠲᠤᠷ ᠪᠠᠶ᠋ᠢᠭᠤᠯᠬᠤ ᠢᠳᠡᠪᠬᠢᠵᠢᠯ᠎ᠢ ᠭᠦᠢᠴᠡᠳ ᠳᠠᠶ᠋ᠢᠴᠢᠯᠠᠪᠠ; 《2025 ᠣᠨ᠎ᠤ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥᠨ᠎ᠦ ᠬᠡᠷᠡᠭᠵᠢᠭᠦᠯᠦᠯᠲᠡ᠎ᠶᠢ ᠲᠦᠷᠭᠡᠳᠬᠡᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠲᠣᠭᠲᠠᠭᠰᠠᠨ ᠬᠤᠭᠤᠴᠠᠭᠠᠨ᠎ᠳᠤ ᠲᠣᠬᠢᠷᠠᠭᠤᠯᠤᠨ᠂ ᠪᠡᠯᠡ ᠮᠥᠩᠭᠥ᠎ᠶᠢ ᠵᠠᠰᠠᠮᠠᠯ ᠵᠠᠮ᠎ᠤᠨ ᠨᠢᠭᠡᠳᠦᠭᠡᠷ ᠹᠷᠣᠨᠲ᠎ᠤᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ᠎ᠶᠢ ᠰᠢᠮᠳᠠᠭᠤᠯᠬᠤ᠎ᠶᠢᠨ ᠬᠠᠮᠲᠤ ᠪᠡᠯᠡ ᠮᠥᠩᠭᠥᠨ᠎ᠦ ᠠᠮᠤᠷ ᠲᠦᠪᠰᠢᠨ ᠵᠢᠷᠦᠮᠵᠢᠭᠤᠨ᠂ ᠥᠨᠳᠥᠷ ᠦᠷ᠎ᠡ ᠪᠦᠲᠦᠮᠵᠢᠲᠡᠶ᠎ᠪᠡᠷ ᠠᠵᠢᠯᠯᠠᠬᠤ᠎ᠶᠢ ᠦᠨᠡᠨ ᠬᠦ᠌ ᠪᠠᠲᠤᠯᠠᠪᠠ; 《ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭᠠᠯᠠᠬᠤ ᠪᠡᠯᠡ ᠮᠥᠩᠭᠥᠨ᠎ᠦ ᠬᠠᠮᠢᠶᠠᠷᠤᠯᠲᠠ᠎ᠶᠢᠨ ᠠᠷᠭ᠎ᠠ (ᠲᠤᠷᠰᠢᠨ ᠬᠡᠷᠡᠭᠵᠢᠭᠦᠯᠬᠦ)》᠎ᠳᠦ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠵᠠᠰᠠᠭ᠎ᠢ ᠴᠣᠮᠬᠠᠳᠬᠠᠨ ᠡᠷᠬᠡ᠎ᠶᠢ ᠲᠠᠯᠪᠢᠵᠤ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠴᠢᠳᠠᠮᠠᠭᠠᠢ ᠴᠢᠨᠠᠷ᠎ᠢ ᠭᠦᠢᠴᠡᠳ ᠪᠠᠳᠠᠷᠠᠭᠤᠯᠤᠭᠰᠠᠨᠤ ᠬᠠᠮᠲᠤ᠂ ᠠᠵᠢᠯ᠎ᠤᠨ ᠠᠮᠵᠢᠯᠲᠠ ᠪᠦᠲᠦᠮᠵᠢ᠎ᠶᠢ ᠦᠨᠡᠯᠡᠬᠦ ᠪᠠ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠭ᠍ᠴᠢ᠎ᠶᠢᠨ ᠬᠢᠨᠠᠯᠲᠠ ᠲᠠᠯᠪᠢᠬᠤ᠎ᠶᠢ ᠭᠣᠣᠯᠳᠠᠯᠭ᠎ᠠ ᠲᠠᠢ ᠴᠢᠩᠭᠠᠷᠠᠭᠤᠯᠤᠨ᠂ ᠵᠠᠰᠠᠮᠠᠯ ᠵᠠᠮ᠎ᠢ ᠠᠷᠠᠴᠢᠯᠠᠨ ᠬᠠᠮᠠᠭᠠᠯᠠᠬᠤ ᠲᠤᠰᠬᠠᠢ ᠪᠡᠯᠡ ᠮᠥᠩᠭᠥ᠎ᠳᠦ ᠭᠣᠣᠯᠳᠠᠯᠭ᠎ᠠ ᠲᠠᠢ ᠠᠵᠢᠯ᠎ᠤᠨ ᠠᠮᠵᠢᠯᠲᠠ ᠪᠦᠲᠦᠮᠵᠢ᠎ᠶᠢᠨ ᠦᠨᠡᠯᠡᠯᠲᠡ ᠥᠷᠨᠢᠭᠦᠯᠵᠦ᠂ ᠠᠰᠠᠭᠤᠳᠠᠯ᠎ᠢ ᠪᠠᠢᠴᠠᠭᠠᠬᠤ᠎ᠳᠤ ᠬᠦᠴᠦᠯᠡᠵᠦ᠂ ᠵᠠᠷᠤᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠦᠨ᠂ ᠪᠡᠯᠡ ᠮᠥᠩᠭᠥᠨ᠎ᠦ ᠬᠡᠷᠡᠭᠯᠡᠯᠲᠡ᠎ᠶᠢᠨ ᠦᠷ᠎ᠡ ᠠᠰᠢᠭ᠋᠎ᠢ ᠦᠨᠡᠨ ᠬᠦ᠌ ᠳᠡᠭᠡᠭᠰᠢᠯᠡᠭᠦᠯᠵᠦ᠂ 《ᠵᠣᠭᠣᠰ ᠵᠡᠷᠭᠡ ᠲᠥᠷᠥᠯ ᠵᠦᠢᠯ》᠂ ᠪᠡᠯᠡ ᠮᠥᠩᠭᠥᠨ᠎ᠦ ᠲᠤᠨᠤᠮᠠᠯ ᠵᠡᠷᠭᠡ ᠠᠰᠠᠭᠤᠳᠠᠯ ᠡᠭᠦᠰᠬᠦ᠎ᠶᠢ ᠡᠷᠡᠰ ᠬᠣᠷᠢᠭ᠍ᠯᠠᠪᠠ᠃ ᠡᠭᠦᠨ᠎ᠡᠴᠡ ᠭᠠᠳᠠᠨ᠎ᠠ᠂ ᠵᠠᠰᠠᠮᠠᠯ ᠵᠠᠮ᠎ᠤᠨ ᠡᠳᠦᠷ ᠲᠤᠲᠤᠮ᠎ᠤᠨ ᠠᠷᠠᠴᠢᠯᠠᠨ ᠬᠠᠮᠠᠭᠠᠯᠠᠬᠤ᠎ᠶᠢ ᠪᠠᠲᠤᠯᠠᠬᠤ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ᠎ᠦᠨ ᠲᠥᠰᠥᠪ᠎ᠢ ᠰᠠᠢᠲᠤᠷ ᠬᠢᠭᠰᠡᠨ᠎ᠤ ᠰᠠᠭᠤᠷᠢᠨ ᠳᠡᠭᠡᠷ᠎ᠡ᠂ ᠲᠡᠦᠬᠡᠨ᠎ᠳᠦ ᠬᠣᠪᠣᠷ ᠲᠣᠬᠢᠶᠠᠯᠳᠤᠬᠤ ᠦᠶᠡᠷ᠎ᠦᠨ ᠬᠤᠭᠤᠴᠠᠭᠠᠨ᠎ᠳᠠᠬᠢ ᠰᠢᠷᠦᠭᠦᠨ ᠪᠣᠷᠣᠭᠠᠨ᠎ᠤ ᠭᠠᠮᠰᠢᠭ᠋᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠳᠠᠷᠤᠢ ᠲᠦᠷᠭᠡᠨ ᠠᠵᠢᠯᠯᠠᠭ᠎ᠠ ᠭᠠᠷᠭᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠤᠰᠤᠨ᠎ᠳᠤ ᠡᠪᠳᠡᠭᠳᠡᠭᠰᠡᠨ᠎ᠢ ᠵᠠᠪᠳᠤᠨ ᠨᠡᠪᠲᠡᠷᠡᠭᠦᠯᠬᠦ ᠪᠠᠲᠤᠯᠠᠭ᠎ᠠ᠎ᠶᠢᠨ ᠪᠡᠯᠡ ᠮᠥᠩᠭᠥ᠎ᠶᠢ 3300 ᠲᠦᠮᠡᠨ ᠲᠥᠭᠥᠷᠢᠭ ᠶᠠᠭᠠᠷᠠᠯᠲᠠᠢ ᠪᠠᠭᠤᠯᠭᠠᠵᠤ᠂ ᠳᠡᠭᠡᠷ᠎ᠡ ᠵᠢᠯ᠎ᠦᠨ ᠬᠢ᠎ᠡᠴᠡ 1800 ᠲᠦᠮᠡᠨ ᠲᠥᠭᠥᠷᠢᠭ ᠨᠡᠮᠡᠭᠳᠡᠭᠦᠯᠦᠨ᠂ ᠵᠠᠰᠠᠮᠠᠯ ᠵᠠᠮ᠎ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠂ ᠶᠠᠪᠠᠭᠠᠨ ᠬᠥᠮᠥᠨ᠎ᠦ ᠠᠮᠤᠷ ᠲᠦᠪᠰᠢᠨ᠎ᠢᠶᠡᠷ ᠵᠣᠷᠴᠢᠬᠤ ᠪᠠ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠪᠠ᠃