ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ᠎ᠦᠨ ᠶᠡᠬᠡ ᠬᠤᠷᠠᠯ ᠤᠯᠠᠭᠠᠨᠬᠠᠳᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-12-10

12 ᠳ᠋ᠤᠭᠠᠷ ᠰᠠᠷ᠎ᠠ᠎ᠶᠢᠨ 9 ᠎ᠦ ᠡᠳᠦᠷ᠂ 《ᠨᠠᠷᠠᠲᠤ ᠲᠡᠮᠳᠡᠭ᠎ᠢᠶᠡᠷ ᠰᠢᠨ᠎ᠡ ᠴᠢᠨᠠᠷ᠎ᠢ ᠳᠡᠭᠡᠭᠰᠢᠯᠡᠭᠦᠯᠦᠨ   ᠴᠢᠨᠠᠷ ᠴᠢᠨᠰᠠᠭ᠎ᠠ᠎ᠪᠠᠷ ᠰᠣᠳᠣᠨ ᠪᠦᠲᠦᠭᠡᠭᠳᠡᠬᠦᠨ ᠭᠠᠷᠭᠠᠬᠤ》᠎ᠪᠠᠷ ᠭᠣᠣᠯ ᠰᠡᠳᠦᠪ ᠪᠣᠯᠭᠠᠭᠰᠠᠨ 2025 ᠣᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ᠎ᠦᠨ ᠶᠡᠬᠡ ᠬᠤᠷᠠᠯ ᠤᠯᠠᠭᠠᠨᠬᠠᠳᠠ ᠬᠣᠲᠠ᠎ᠳᠤ ᠡᠬᠢᠯᠡᠪᠡ᠃

ᠶᠡᠬᠡ ᠬᠤᠷᠠᠯ᠎ᠢᠶᠠᠷ 《2025 ᠣᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠡᠷᠡᠲᠦ ᠲᠡᠮᠳᠡᠭ᠎ᠦᠨ ᠵᠠᠭᠤᠨ ᠬᠦᠴᠦᠷᠬᠡᠭ᠎ᠦᠨ ᠨᠡᠷᠡᠰ》᠂ 《2025 ᠣᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠵᠠᠭᠤᠨ ᠬᠦᠴᠦᠷᠬᠡᠭ ᠨᠡᠷᠡᠲᠦ ᠲᠡᠮᠳᠡᠭ᠎ᠦᠨ ᠦᠷᠳᠡᠭ᠎ᠢ ᠦᠨᠡᠯᠡᠨ ᠵᠠᠳᠠᠯᠤᠭᠰᠠᠨ ᠮᠡᠳᠡᠭᠦᠯᠦᠯᠲᠡ》᠂ 《2025 ᠣᠨ᠎ᠤ ᠥᠪᠥᠷ ᠮᠣᠩᠭᠣᠯ᠎ᠤᠨ ᠮᠠᠯ ᠲᠠᠷᠢᠶᠠᠯᠠᠩ᠎ᠤᠨ ᠭᠠᠷᠤᠯᠲᠠ᠎ᠶᠢᠨ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠡᠷᠡᠲᠦ ᠲᠡᠮᠳᠡᠭ᠎ᠦᠨ ᠦᠷᠳᠡᠭ᠎ᠢ ᠦᠨᠡᠯᠡᠨ ᠵᠠᠳᠠᠯᠤᠭᠰᠠᠨ ᠮᠡᠳᠡᠭᠦᠯᠦᠯᠲᠡ》᠎ᠶᠢ ᠨᠡᠢᠲᠡᠯᠡᠵᠦ᠂ ᠨᠠᠷᠢᠨ ᠪᠣᠳᠠᠲᠠᠢ ᠳ᠋ᠠᠢᠲ᠋ᠠ᠎ᠪᠠᠷ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠡᠷᠡᠲᠦ ᠲᠡᠮᠳᠡᠭ᠎ᠦᠨ ᠭᠣᠣᠯᠯᠠᠭ᠍ᠴᠢ ᠦᠷᠳᠡᠭ᠎ᠢ ᠳᠡᠯᠭᠡᠨ ᠦᠵᠡᠭᠦᠯᠵᠡᠢ᠃ ᠤᠯᠠᠭᠠᠨᠬᠠᠳᠠ ᠬᠤᠳᠠ᠎ᠶᠢᠨ 《ᠤᠯᠠᠭᠠᠨᠬᠠᠳᠠ᠎ᠶᠢᠨ ᠣᠬᠢ ᠰᠢᠮ᠎ᠡ》 ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠡᠷᠡᠲᠦ ᠲᠡᠮᠳᠡᠭ᠎ᠦᠨ ᠬᠥᠭᠵᠢᠯᠲᠡ᠎ᠶᠢᠨ ᠦᠨᠡᠯᠡᠯᠲᠡ᠎ᠶᠢᠨ ᠮᠡᠳᠡᠭᠦᠯᠦᠯᠲᠡ᠎ᠶᠢ ᠲᠤᠰᠬᠠᠢᠯᠠᠨ ᠨᠡᠢᠲᠡᠯᠡᠵᠦ᠂ ᠣᠷᠣᠨ ᠨᠤᠲᠤᠭ᠎ᠤᠨ ᠨᠡᠷᠡᠲᠦ ᠲᠡᠮᠳᠡᠭ᠎ᠦᠨ ᠪᠠᠢᠭᠤᠯᠤᠯᠲᠠ᠎ᠶᠢᠨ ᠣᠨᠴᠠᠯᠢᠭ᠍ᠲᠤ ᠦᠷ᠎ᠡ ᠪᠦᠲᠦᠮᠵᠢ᠎ᠶᠢ ᠢᠯᠡᠷᠡᠭᠦᠯᠪᠡ᠃ ᠰᠢᠯᠢ᠎ᠶᠢᠨ ᠭᠣᠣᠯ ᠬᠣᠨᠢ᠂ ᠬᠣᠷᠴᠢᠨ ᠦᠬᠡᠷ᠂ ᠠᠤᠬᠠᠨ ᠨᠠᠷᠢᠮᠤ ᠵᠡᠷᠭᠡ ᠤᠯᠤᠰ᠎ᠤᠨ ᠲᠠᠰ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ᠎ᠦᠨ ᠲᠥᠯᠥᠭᠡᠯᠡᠭᠴᠢᠳ ᠨᠠᠷᠠᠲᠤ ᠲᠡᠮᠳᠡᠭ ᠪᠣᠢᠵᠢᠭᠤᠯᠤᠭᠰᠠᠨ ᠲᠤᠷᠰᠢᠯᠭ᠎ᠠ᠎ᠪᠠᠨ ᠬᠤᠪᠢᠶᠠᠯᠴᠠᠵᠤ᠂ ᠠᠵᠢᠯ ᠲᠥᠷᠥᠯ᠎ᠳᠦ ᠬᠠᠭᠤᠯᠪᠤᠷᠢᠯᠠᠨ ᠬᠡᠷᠡᠭᠵᠢᠭᠦᠯᠬᠦᠢᠴᠡ ᠦᠢᠯᠡᠳᠦᠯᠭᠡ᠎ᠶᠢᠨ ᠦᠯᠢᠭᠡᠷ ᠬᠠᠩᠭᠠᠪᠠ᠃

ᠬᠤᠷᠠᠯ ᠳᠡᠭᠡᠷ᠎ᠡ᠂ 13 《ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ᠎ᠦᠨ ᠪᠠᠢᠭᠤᠯᠤᠯᠲᠠ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ》᠎ᠳᠤ ᠱᠠᠩᠨᠠᠯ ᠭᠠᠷᠳᠠᠭᠤᠯᠵᠤ᠂ ᠡᠯ᠎ᠡ ᠲᠠᠯ᠎ᠠ᠎ᠶᠢᠨ ᠬᠢᠨ᠎ᠦ ᠨᠠᠷᠠᠲᠤ ᠲᠡᠮᠳᠡᠭ᠎ᠦᠨ ᠪᠠᠢᠭᠤᠯᠤᠯᠲᠠ᠎ᠶᠢ ᠨᠢ ᠦᠷᠭᠦᠯᠵᠢᠯᠡᠨ ᠭᠦᠨᠵᠡᠭᠡᠢᠷᠡᠭᠦᠯᠬᠦ᠎ᠪᠡᠷ ᠵᠣᠷᠢᠭ᠍ᠵᠢᠭᠤᠯᠪᠠ; ᠥᠪᠥᠷ ᠮᠣᠩᠭᠣᠯ᠎ᠤᠨ ᠳᠠ ᠼᠤᠤ ᠶᠤᠸᠠᠨ ᠰᠢᠯᠢᠳᠡᠭ ᠪᠦᠲᠦᠭᠡᠭᠳᠡᠬᠦᠨ᠎ᠦ ᠬᠠᠩᠭᠠᠯᠭ᠎ᠠ᠎ᠶᠢᠨ ᠬᠡᠯᠬᠢᠶᠡᠨ᠎ᠦ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ ᠵᠢᠩᠬᠢᠨᠢ᠎ᠪᠡᠷ ᠫᠠᠢᠰᠠ ᠰᠡᠬᠦᠵᠦ᠂ ᠣᠯᠠᠨ ᠠᠵᠤ ᠠᠬᠤᠢᠯᠠᠯ ᠴᠢᠨᠠᠷ ᠰᠠᠢᠲᠠᠢ ᠮᠠᠯ ᠲᠠᠷᠢᠶᠠᠯᠠᠩ᠎ᠤᠨ ᠭᠠᠷᠤᠯᠲᠠ᠎ᠶᠢᠨ ᠦᠢᠯᠡᠳᠪᠦᠷᠢᠯᠡᠯ ᠪᠣᠷᠤᠯᠠᠭᠤᠯᠭ᠎ᠠ ᠬᠠᠩᠭᠠᠯᠭ᠎ᠠ᠎ᠶᠢᠨ ᠬᠡᠯᠬᠢᠶᠡᠨ᠎ᠦ ᠲᠣᠭᠲᠠᠯᠴᠠᠭᠠᠨ᠎ᠤ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠡᠯᠡᠯᠴᠡᠭᠡᠷ ᠲᠣᠭᠲᠠᠵᠤ᠂ ᠨᠠᠷᠠᠲᠤ ᠲᠡᠮᠳᠡᠭ ᠡᠭᠦᠳᠦᠭᠰᠡᠨ ᠲᠠᠯ᠎ᠠ᠎ᠶᠢᠨ ᠬᠢᠨ ᠬᠢᠭᠡᠳ ᠬᠤᠳᠠᠯᠳᠤᠭᠠᠴᠢᠳ᠎ᠤᠨ ᠬᠣᠭᠣᠷᠣᠨᠳᠤᠬᠢ 《ᠴᠠᠭ᠎ᠤᠨ ᠵᠥᠷᠢᠶ᠎ᠡ ᠦᠭᠡᠢ》 ᠨᠠᠷᠢᠯᠢᠭ᠋ ᠣᠨᠣᠴᠠᠲᠠᠢ ᠵᠣᠯᠭᠠᠯᠴᠠᠭ᠎ᠠ᠎ᠶᠢ ᠪᠡᠶᠡᠯᠡᠭᠦᠯᠪᠡ᠃ ᠳᠣᠯᠣᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ᠎ᠦᠨ ᠥᠯᠢᠭᠡᠷ᠎ᠦᠨ ᠤᠷᠤᠯᠳᠤᠭᠠᠨ᠎ᠤ ᠦᠷ᠎ᠡ ᠪᠦᠲᠦᠭᠡᠯ᠎ᠢ ᠵᠡᠷᠭᠡ᠎ᠳᠦ ᠨᠢ ᠨᠡᠢᠲᠡᠯᠡᠵᠦ᠂ ᠰᠢᠯᠢᠳᠡᠭ ᠪᠦᠲᠦᠭᠡᠯ᠎ᠢ ᠳᠡᠯᠭᠡᠨ ᠦᠵᠡᠭᠦᠯᠵᠦ ᠰᠣᠯᠢᠯᠴᠠᠨ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ ᠡᠭᠦᠳᠦᠭᠰᠡᠨ ᠠᠮᠢ ᠠᠬᠤᠢ᠎ᠶᠢᠨ ᠠᠭᠤᠯᠬᠤᠨ ᠪᠠ ᠰᠣᠶᠣᠯ᠎ᠤᠨ ᠠᠭᠤᠯᠤᠭᠳᠠᠬᠤᠨ᠎ᠢ ᠠᠮᠢᠳᠤᠯᠢᠭ᠋᠎ᠢᠶᠠᠷ ᠲᠠᠢᠯᠪᠤᠷᠢᠯᠠᠭᠰᠠᠨ ᠪᠠᠢᠨ᠎ᠠ᠃

ᠢᠷᠡᠯᠲᠡ᠄    