ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠡᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠡᠯ᠎ᠡ ᠲᠥᠷᠥᠯ᠎ᠦᠨ ᠪᠡᠯᠡ ᠮᠥᠩᠭᠥ᠎ᠶᠢ ᠨᠡᠶ᠋ᠢᠲᠡ 22.1 ᠳ᠋ᠦᠩᠰᠢᠭᠤᠷ ᠲᠥᠭᠥᠷᠢᠭ ᠨᠠᠢᠳᠠᠪᠤᠷᠢᠵᠢᠭᠤᠯᠵᠤ᠂ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠵᠢᠴᠢ ᠠᠵᠢᠯᠯᠠᠭᠠᠨ᠎ᠤ ᠬᠠᠮᠠᠭᠠᠯᠠᠯᠲᠠ᠎ᠳᠤ ᠲᠤᠰᠬᠠᠢ ᠬᠡᠷᠡᠭᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠲᠥᠯᠦᠪᠵᠢᠭᠦᠯᠭᠡ᠎ᠶᠢᠨ ᠬᠠᠷᠠᠯᠲᠠ᠎ᠶᠢ ᠪᠡᠶᠡᠯᠡᠭᠦᠯᠬᠦ᠎ᠶᠢ ᠠᠬᠢᠭᠤᠯᠬᠤ᠎ᠳᠤ ᠴᠢᠬᠤᠯᠠ ᠪᠡᠯᠡ ᠮᠥᠩᠭᠥᠨ᠎ᠦ ᠳᠡᠮᠵᠢᠯᠭᠡ ᠬᠠᠩᠭᠠᠭᠰᠠᠨ ᠪᠠᠢᠨ᠎ᠠ᠃
ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠢᠨᠵᠧᠨᠧᠷᠢᠩ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ ᠪᠣᠯᠣᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠤᠰᠤ ᠬᠠᠩᠭᠠᠬᠤ ᠪᠠᠲᠤᠯᠠᠭ᠎ᠠ᠎ᠶᠢᠨ ᠢᠨᠵᠧᠨᠧᠷᠢᠩ᠎ᠦᠨ ᠭᠣᠣᠯᠳᠠᠯᠭ᠎ᠠ᠎ᠶᠢ 《ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠭᠦᠯᠬᠦ》᠎ᠡᠴᠡ 《ᠤᠰᠤᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢ ᠳᠡᠭᠡᠭᠰᠢᠯᠡᠭᠦᠯᠬᠦ》 ᠪᠣᠯᠭᠠᠨ ᠬᠤᠪᠢᠷᠠᠭᠤᠯᠬᠤ ᠱᠠᠭᠠᠷᠳᠠᠯᠭ᠎ᠠ᠎ᠶᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠲᠥᠯᠦᠪᠵᠢᠭᠦᠯᠭᠡ》᠎ᠶᠢᠨ ᠨᠠᠢᠳᠠᠪᠤᠷᠢᠵᠢᠭᠤᠯᠤᠯᠲᠠ᠎ᠶᠢ ᠠᠬᠢᠭᠤᠯᠪᠠ᠄ ᠲᠣᠭᠲᠠᠭᠤᠨ᠎ᠢᠶᠠᠷ ᠣᠷᠣᠭᠤᠯᠤᠯᠲᠠ ᠬᠢᠬᠦ ᠲᠣᠭᠲᠠᠴᠠ᠎ᠶᠢ ᠪᠠᠢᠭᠤᠯᠵᠤ᠂ 2021 ᠣᠨ ᠠ᠋ᠴᠠ ᠡᠬᠢᠯᠡᠨ 5 ᠵᠢᠯ ᠳᠠᠷᠠᠭᠠᠯᠠᠨ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠡᠯᠡ ᠮᠥᠩᠭᠥ᠎ᠶᠢ 2 ᠳ᠋ᠦᠩᠰᠢᠭᠤᠷ ᠲᠥᠭᠥᠷᠢᠭ ᠲᠣᠬᠢᠷᠠᠭᠤᠯᠤᠨ ᠶᠠᠳᠠᠭᠤ᠎ᠠᠴᠠ ᠠᠩᠭᠢᠵᠢᠷᠠᠭᠤᠯᠬᠤ ᠬᠣᠰᠢᠭᠤ ᠰᠢᠶᠠᠨ᠎ᠤ ᠲᠥᠯᠦᠪᠵᠢᠭᠦᠯᠭᠡ᠎ᠶᠢᠨ ᠳᠣᠲᠣᠷᠠᠬᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠭᠣᠣᠯᠳᠠᠯᠭ᠎ᠠ ᠲᠠᠢ ᠪᠠᠲᠤᠯᠠᠪᠠ; 2021 – 2024 ᠣᠨ᠎ᠳᠤ᠂ ᠵᠢᠯ ᠪᠦᠷᠢ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠪᠡᠯᠡ ᠮᠥᠩᠭᠥ᠎ᠶᠢ 1 ᠳ᠋ᠦᠩᠰᠢᠭᠤᠷ ᠲᠥᠭᠥᠷᠢᠭ ᠨᠢᠭᠡᠳᠦᠯᠲᠡᠢ ᠲᠥᠯᠥᠪᠯᠡᠵᠦ᠂ 2025 ᠣᠨ᠎ᠳᠤ 0.55 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠲᠣᠬᠢᠷᠠᠭᠤᠯᠤᠨ᠂ ᠬᠢᠯᠢ᠎ᠶᠢᠨ ᠬᠣᠰᠢᠭᠤ᠂ ᠬᠣᠲᠠ᠎ᠶᠢᠨ ᠤᠰᠤ ᠬᠠᠩᠭᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠵᠢᠴᠢ ᠦᠶᠡᠷ ᠤᠰᠤᠲᠤᠯ᠎ᠤᠨ ᠭᠠᠮᠰᠢᠭ᠋ ᠠ᠋ᠴᠠ ᠪᠣᠯᠤᠭᠰᠠᠨ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠦᠨ ᠤᠰᠤᠨ᠎ᠳᠤ ᠡᠪᠳᠡᠭᠳᠡᠭᠰᠡᠨ ᠪᠡᠯᠡᠳᠬᠡᠮᠵᠢ᠎ᠶᠢ ᠵᠠᠰᠠᠨ ᠰᠡᠷᠭᠦᠭᠡᠬᠦ᠎ᠶᠢ ᠭᠣᠣᠯᠳᠠᠯᠭ᠎ᠠ᠎ᠲᠠᠢ ᠳᠡᠮᠵᠢᠪᠠ; ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠨᠡᠢᠳᠭᠡᠬᠦ᠎ᠶᠢ ᠴᠢᠩᠭᠠᠳᠬᠠᠵᠤ᠂ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠶᠢᠨ ᠬᠠᠮᠢᠶᠠᠷᠴᠤ ᠪᠠᠢᠭ᠎ᠠ (ᠵᠣᠯᠭᠠᠭᠤᠯᠬᠤ) ᠪᠡᠯᠡ ᠮᠥᠩᠭᠥ᠎ᠶᠢ 2.19 ᠳ᠋ᠦᠩᠰᠢᠭᠤᠷ ᠲᠥᠭᠥᠷᠢᠭ ᠵᠣᠬᠢᠴᠠᠭᠤᠯᠤᠨ ᠬᠡᠷᠡᠭᠯᠡᠵᠦ᠂ ᠤᠰᠤ ᠬᠠᠩᠭᠠᠬᠤ ᠢᠨᠵᠧᠨᠧᠷᠢᠩ᠎ᠦᠨ ᠣᠷᠣᠭᠤᠯᠤᠯᠲᠠ᠎ᠶᠢᠨ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠪᠠ; ᠲᠥᠪ᠎ᠦᠨ ᠡᠳ᠋᠎ᠦᠨ ᠵᠠᠰᠠᠭ᠎ᠤᠨ ᠳᠡᠮᠵᠢᠯᠭᠡ᠎ᠶᠢ ᠣᠯᠬᠤ᠎ᠪᠠᠷ ᠢᠳᠡᠪᠬᠢᠲᠡᠢ ᠴᠢᠷᠮᠠᠢᠵᠤ᠂ 2024 – 2025 ᠣᠨ᠎ᠳᠤ ᠲᠥᠪ᠎ᠦᠨ ᠡᠳ᠋᠎ᠦᠨ ᠵᠠᠰᠠᠭ᠎ᠤᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠪᠡᠯᠡ ᠮᠥᠩᠭᠥ᠎ᠶᠢ 1.19 ᠳ᠋ᠦᠩᠰᠢᠭᠤᠷ ᠲᠥᠭᠥᠷᠢᠭ ᠣᠯᠵᠤ᠂ ᠪᠤᠭᠤᠲᠤ ᠬᠣᠲᠠ᠎ᠶᠢᠨ ᠲᠦᠮᠡᠳ ᠪᠠᠷᠠᠭᠤᠨ ᠬᠣᠰᠢᠭᠤ᠂ ᠲᠦᠩᠯᠢᠶᠣᠣ ᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ 2 ᠵᠢᠵᠢᠭ ᠬᠡᠯᠪᠡᠷᠢ᠎ᠶᠢᠨ ᠤᠰᠤ ᠲᠠᠲᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠬᠦ᠎ᠳᠦ ᠬᠡᠷᠡᠭᠯᠡᠵᠦ᠂ ᠤᠰᠤᠨ᠎ᠤ ᠡᠬᠢ ᠰᠤᠷᠪᠤᠯᠵᠢ᠎ᠶᠢ ᠭᠠᠵᠠᠷ᠎ᠤᠨ ᠭᠠᠳᠠᠷᠭᠤᠵᠢᠭᠤᠯᠬᠤ᠂ ᠢᠨᠵᠧᠨᠧᠷᠢᠩ᠎ᠢ ᠬᠡᠪᠴᠢᠶᠡᠵᠢᠭᠦᠯᠬᠦ ᠪᠠ ᠬᠠᠮᠢᠶᠠᠷᠤᠯᠲᠠ᠎ᠶᠢ ᠲᠤᠰᠬᠠᠢᠵᠢᠭᠤᠯᠬᠤᠶᠢ ᠠᠬᠢᠭᠤᠯᠤᠨ᠂ ᠬᠣᠲᠠ ᠬᠥᠳᠡᠭᠡ᠎ᠶᠢᠨ ᠤᠰᠤᠨ᠎ᠤ ᠬᠠᠩᠭᠠᠯᠭ᠎ᠠ᠎ᠶᠢ ᠨᠢᠭᠡ ᠴᠣᠭᠴᠠᠵᠢᠭᠤᠯᠬᠤ ᠠᠬᠢᠴᠠ᠎ᠶᠢ ᠲᠦᠷᠭᠡᠳᠬᠡᠪᠡ᠃
ᠡᠭᠦᠨ᠎ᠡᠴᠡ ᠭᠠᠳᠠᠨ᠎ᠠ᠂ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠢᠨᠵᠧᠨᠧᠷᠢᠩ᠎ᠦᠨ ᠣᠷᠳᠣ᠌ ᠬᠤᠭᠤᠴᠠᠭ᠎ᠠ᠎ᠪᠠᠷ ᠲᠣᠭᠲᠠᠭᠤᠨ᠎ᠢᠶᠠᠷ ᠠᠵᠢᠯᠯᠠᠬᠤ᠎ᠶᠢ ᠪᠠᠲᠤᠯᠠᠬᠤ᠎ᠶᠢᠨ ᠲᠤᠰᠠᠳᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠪᠥᠬᠥ ᠣᠷᠣᠨ᠎ᠳᠤ ᠢᠨᠵᠧᠨᠧᠷᠢᠩ᠎ᠦᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠡᠯᠡ ᠮᠥᠩᠭᠥ᠎ᠶᠢ ᠨᠡᠶ᠋ᠢᠲᠡ 4.21 ᠳ᠋ᠦᠩᠰᠢᠭᠤᠷ ᠲᠥᠭᠥᠷᠢᠭ ᠪᠠᠭᠤᠯᠭᠠᠪᠠ᠃ ᠡᠭᠦᠨ᠎ᠳᠦ᠂ ᠲᠥᠪ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶᠢ 2.81 ᠳ᠋ᠦᠩᠰᠢᠭᠤᠷ ᠲᠥᠭᠥᠷᠢᠭ ᠴᠢᠷᠮᠠᠢᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ 1.4 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠲᠣᠬᠢᠷᠠᠭᠤᠯᠤᠨ᠂ ᠦᠨᠳᠦᠰᠦᠨ ᠱᠠᠲᠤᠨ᠎ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠡᠯᠡ ᠮᠥᠩᠭᠥᠨ᠎ᠦ ᠳᠤᠲᠠᠭᠤᠳᠠᠯ᠎ᠢ ᠪᠦᠲᠦᠮᠵᠢᠲᠡᠶ ᠨᠥᠬᠥᠪᠦᠷᠢᠯᠡᠵᠦ᠂ ᠮᠠᠯᠴᠢᠨ ᠲᠠᠷᠢᠶᠠᠴᠢᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
《ᠲᠠᠷᠠᠭᠠᠴᠢ᠎ᠶᠢᠨ ᠠᠯᠬᠤᠮ᠎ᠳᠤ᠂ ᠪᠢᠳᠡ ᠪᠡᠯᠡ ᠮᠥᠩᠭᠥᠨ᠎ᠦ ᠪᠠᠲᠤᠯᠠᠭ᠎ᠠ᠎ᠶᠢᠨ ᠡᠭᠦᠷᠭᠡ ᠴᠢᠳᠠᠪᠤᠷᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ᠂ ᠣᠯᠠᠨ ᠨᠡᠶ᠋ᠢᠲᠡ᠎ᠶᠢᠨ ᠦᠢᠯᠡᠴᠢᠯᠡᠭᠡ ᠪᠠ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠴᠢᠨᠠᠷ ᠰᠠᠢᠲᠠᠢ ᠠᠮᠢᠳᠤᠷᠠᠯ᠎ᠤᠨ ᠣᠷᠣᠨ ᠵᠠᠢ᠎ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠪᠠᠲᠤ ᠪᠡᠬᠢ ᠡᠳ᠋᠎ᠦᠨ ᠬᠦᠴᠦᠨ᠎ᠦ ᠪᠠᠲᠤᠯᠠᠭ᠎ᠠ ᠬᠠᠩᠭᠠᠨ᠎ᠠ᠃》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠪᠠ᠃