ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢᠨ ᠶᠡᠬᠡ ᠬᠤᠷᠠᠯ ᠬᠥᠬᠡᠡᠡᠣᠲᠠ᠎ᠳᠤ ᠬᠤᠷᠠᠯᠳᠤᠪᠠ  ᠸᠠᠩ ᠱᠸᠦ ᠸᠸᠨ ᠪᠠᠶᠠᠷ᠎ᠤᠨ ᠵᠠᠬᠢᠳᠠᠯ᠎ᠢ ᠤᠩᠱᠢᠨ ᠨᠡᠢᠲᠡᠯᠡᠵᠦ ᠵᠠᠩ ᠶᠠᠨ ᠺᠦᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-12-11

12 ᠰᠠᠷ᠎ᠠ ᠎ᠶ᠋ᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢᠨ ᠶᠡᠬᠡ ᠬᠤᠷᠠᠯ ᠬᠥᠬᠡᠡᠡᠣᠲᠠ᠎ᠳᠤ ᠬᠤᠷᠠᠯᠳᠤᠪᠠ᠃ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠸᠠᠩ ᠱᠧᠤ ᠸᠸᠨ ᠬᠤᠷᠠᠯ᠎ᠳᠤ ᠣᠷᠣᠯᠴᠠᠭ᠍ᠰᠠᠨ ᠪᠥᠭᠡᠳ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠪᠠᠶᠠᠷ᠎ᠤᠨ ᠵᠠᠬᠢᠳᠠᠯ᠎ᠢ ᠤᠩᠱᠢᠨ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠵᠢᠨ ᠱᠦᠵᠢ ᠱ᠌ᠢ ᠭᠤᠸᠠᠩ ᠬᠣᠶ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠡᠳ᠋ ᠡᠷᠬᠢᠯᠡᠭ᠌ᠴᠢ ᠠᠢ ᠯᠢ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ ᠵᠢᠨ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠠᠨ ᠷᠦᠨ ᠱᠧᠩ ᠭᠤᠤᠯ ᠰᠡᠳᠦᠪᠲᠦ ᠮᠡᠳᠡᠭᠦᠯᠦᠯᠲᠡ ᠬᠢᠪᠠ᠃

ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠪᠠᠶᠠᠷ᠎ᠤᠨ ᠵᠠᠬᠢᠳᠠᠯ᠎ᠳᠤ 70 ᠵᠢᠯ᠎ᠦᠨ ᠲᠤᠷᠰᠢ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠢᠨ᠎ᠤ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠨᠡᠢᠭᠡᠮ ᠵᠢᠷᠤᠮᠲᠤ ᠬᠤᠪᠢᠰᠭᠠᠯ᠂ ᠥᠭᠡᠷᠡᠴᠢᠯᠡᠯᠲᠡ ᠨᠡᠭᠡᠭᠡᠯᠲᠡ᠎ᠶ᠋ᠢ ᠠᠬᠢᠭᠤᠯᠬᠤ᠂ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠤᠷᠤᠭ᠍ᠰᠢᠯᠠᠬᠤ ᠠᠭᠤᠤ ᠶᠡᠬᠡ ᠠᠬᠢᠴᠠ ᠳᠤᠮᠳᠠ ᠦᠵᠡᠭᠦᠯᠦᠭ᠌ᠰᠡᠨ ᠢᠳᠡᠪᠬᠢᠲᠡᠶ ᠬᠤᠪᠢ ᠨᠡᠮᠡᠷᠢ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠎ᠳᠤ ᠦᠵᠡᠭᠦᠯᠦᠭ᠌ᠰᠡᠨ ᠴᠢᠬᠤᠯᠠ ᠦᠶ᠋ᠯᠡᠳᠦᠯ᠎ᠢ ᠭᠦᠶ᠋ᠴᠡᠳ ᠨᠤᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠨ ᠬᠢᠨ᠎ᠳᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠮᠦᠰ᠎ᠲᠡᠶ ᠪᠦᠯᠬᠦᠮᠳᠡᠵᠦ᠍᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌᠎ᠶ᠋ᠢ ᠬᠦᠰᠡᠵᠡᠢ᠃

ᠱᠢ ᠭᠤᠸᠠᠩ ᠬᠤᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠡᠮᠦᠨ᠎ᠡ᠎ᠡᠴᠡ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠠᠢᠭᠤᠯᠤᠭᠳᠠᠭᠰᠠᠨ 70 ᠵᠢᠯ᠎ᠦᠨ ᠤᠢ᠎ᠳᠤ ᠪᠠᠶᠠᠷ ᠬᠦᠷᠭᠡᠵᠦ᠂ ᠥᠷᠭᠡᠨ ᠤᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠮᠥᠰ᠎ᠲᠦ ᠮᠡᠨᠳᠦᠴᠢᠯᠡᠯ ᠳᠡᠪᠰᠢᠭᠦᠯᠪᠡ᠃ ᠱᠢ ᠭᠤᠸᠠᠩ ᠬᠤᠢ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠨᠠᠮ᠎ᠤᠨ ᠤᠳᠤᠷᠢᠳᠤᠯᠭ᠎ᠠ᠎ᠶᠢ ᠭᠤᠢᠪᠢᠰᠢ ᠦᠭᠡᠢ ᠪᠠᠷᠢᠮᠲᠠᠯᠠᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠮᠥᠰ᠎ᠦᠨ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠲᠠᠭᠠᠬᠤ᠎ᠶᠢ ᠬᠥᠲᠥᠯᠥᠨ ᠵᠢᠯᠤᠭᠣᠳᠬᠤ ᠤᠯᠤᠰ ᠲᠦᠷᠦ᠎ᠶᠢᠨ ᠡᠭᠦᠷᠭᠡ᠎ᠶᠢ ᠡᠷᠡᠰ ᠡᠭᠦᠷᠭᠡᠯᠡᠵᠦ᠂ 《ᠬᠣᠶᠠᠷ ᠡᠷᠡᠭᠦᠯ》᠎ᠢ ᠠᠬᠢᠭᠤᠯᠬᠤ᠎ᠶᠢᠨ ᠲᠣᠭᠣᠷᠢᠨ᠎ᠳᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠮᠥᠰ᠎ᠦᠨ ᠤᠬᠠᠮᠰᠠᠷ᠎ᠡᠴᠡ᠎ᠪᠠᠨ ᠰᠢ ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠤᠨ ᠲᠤᠭᠤᠷᠢᠨ᠎ᠳᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠪᠦᠲᠦᠭᠡᠨ ᠪᠠᠢᠭᠤᠯᠤᠯᠲᠠ᠎ᠳᠤ ᠤᠬᠠᠮᠰᠠᠷ᠎ᠡᠴᠡ᠎ᠪᠠᠨ ᠣᠷᠣᠯᠴᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠪᠠᠶ᠋ᠢᠭᠤᠯᠬᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠶᠡᠬᠡ ᠬᠤᠷᠠᠯ᠎ᠡᠴᠡ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠰᠢᠰᠲᠧᠮ᠎ᠳᠦ ᠪᠦᠬᠦᠯᠢ 20 ᠵᠢᠯ ᠠᠵᠢᠯᠯᠠᠭᠰᠠᠨ ᠺᠠᠳ᠋ᠷ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠲᠦ ᠢᠷᠠᠭᠤ ᠠᠯᠳᠠᠷ᠎ᠤᠨ ᠦᠨᠡᠮᠯᠡᠯ ᠭᠠᠷᠳᠠᠭᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ