ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠣᠢᠷ᠎ᠠ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ 2025 ᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠵᠠᠰᠠᠭ᠎ᠤᠨ ᠣᠷᠳᠣᠨ᠎ᠤ ᠰᠦᠯᠵᠢᠶᠡᠨ᠎ᠦ ᠰᠢᠨ᠎ᠡ ᠡᠭᠦᠳᠦᠯᠲᠡ ᠲᠡᠢ ᠬᠥᠭᠵᠢᠯᠲᠡ᠎ᠶᠢᠨ ᠬᠡᠷᠡᠭ᠎ᠦᠨ ᠵᠢᠱ᠌ᠢᠶ᠎ᠡ᠎ᠶᠢ ᠰᠢᠯᠢᠵᠦ ᠰᠣᠩᠭᠣᠭᠰᠠᠨ ᠦᠷ᠎ᠡ ᠳ᠋ᠦᠩ᠎ᠢᠶᠡᠨ ᠨᠡᠢᠲᠡᠯᠡᠪᠡ᠂ ᠪᠥᠬᠥ ᠤᠯᠤᠰ᠎ᠲᠤ ᠨᠡᠶ᠋ᠢᠲᠡ 12 ᠬᠡᠷᠡᠭ᠎ᠦᠨ ᠵᠢᠱ᠌ᠢᠶ᠎ᠡ ᠰᠣᠩᠭᠣᠭᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ 《ᠥᠨᠳᠥᠷ ᠪᠦᠲᠦᠮᠵᠢᠲᠡᠢ᠎ᠪᠡᠷ 〈ᠨᠢᠭᠡ ᠠᠵᠢᠯ ᠶᠠᠪᠤᠳᠠᠯ〉᠎ᠢ ᠭᠦᠢᠴᠡᠳᠬᠡᠬᠦ ᠦᠢᠯᠡᠴᠢᠯᠡᠭᠡ》 ᠵᠢᠭ᠍ᠰᠠᠭᠠᠯᠲᠠ᠎ᠳᠤ ᠣᠷᠣᠪᠠ᠃
ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠲᠦᠷᠦᠭᠦᠯᠡᠨ ᠪᠠᠢᠭᠤᠯᠤᠭᠰᠠᠨ ᠭᠤᠷᠪᠠᠨ ᠵᠦᠢᠯ᠎ᠦᠨ 《ᠨᠢᠭᠡ ᠠᠵᠢᠯ ᠶᠠᠪᠤᠳᠠᠯ》᠎ᠤᠨ ᠦᠢᠯᠡᠴᠢᠯᠡᠭᠡ᠎ᠪᠡᠨ ᠪᠥᠬᠥ ᠱᠤᠭᠤᠮ᠎ᠢᠶᠠᠷ ᠨᠢ ᠰᠦᠯᠵᠢᠶᠡᠨ᠎ᠳᠦ ᠭᠠᠷᠭᠠᠨ ᠠᠵᠢᠯᠯᠠᠭᠤᠯᠵᠤ᠂ ᠠᠵᠤ ᠠᠬᠤᠢᠯᠠᠯ᠎ᠤᠨ ᠪᠥᠬᠥ ᠠᠵᠢᠯᠯᠠᠭᠠᠨ᠎ᠤ ᠦᠶᠡᠯᠡᠯ᠎ᠢ ᠬᠠᠮᠤᠷᠤᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠪᠢᠲᠡᠭᠦᠦ ᠴᠠᠭᠠᠷᠢᠭ᠋᠎ᠢᠶᠠᠷ ᠠᠵᠢᠯᠯᠠᠬᠤ ᠪᠣᠯᠭᠠᠪᠠ᠃ ᠡᠭᠦᠨ᠎ᠳᠦ᠂ ᠲᠡᠭᠡᠭᠡᠪᠦᠷᠢ᠎ᠶᠢᠨ ᠠᠵᠤ ᠠᠬᠤᠢᠯᠠᠯ ᠨᠡᠭᠡᠭᠡᠨ ᠡᠷᠬᠢᠯᠡᠬᠦ 《ᠨᠢᠭᠡ ᠠᠵᠢᠯ ᠶᠠᠪᠤᠳᠠᠯ》᠎ᠳᠤ 《ᠵᠠᠮ ᠲᠡᠭᠡᠭᠡᠪᠦᠷᠢ᠎ᠶᠢᠨ ᠡᠵᠡᠩᠨᠡᠯᠲᠡ᠎ᠶᠢᠨ ᠵᠥᠪᠰᠢᠶᠡᠷᠡᠯ᠎ᠦᠨ ᠦᠨᠡᠮᠯᠡᠯ》 ᠭᠦᠢᠴᠡᠳᠬᠡᠬᠦ ᠵᠡᠷᠭᠡ 《ᠭᠤᠷᠪᠠᠨ ᠦᠨᠡᠮᠯᠡᠯ᠎ᠢ ᠨᠢᠭᠡᠳᠬᠡᠬᠦ》᠎ᠶᠢ ᠪᠡᠶᠡᠯᠡᠭᠦᠯᠵᠦ᠂ 《ᠮᠥᠩᠬᠡ ᠰᠤᠪᠠᠭ》 APP ᠵᠡᠷᠭᠡ ᠠᠷᠭ᠎ᠠ ᠵᠠᠮ᠎ᠳᠤ ᠲᠦᠰᠢᠭᠯᠡᠨ᠂ ᠤᠤᠯ᠎ᠤᠨ 42 ᠠᠵᠢᠯ᠎ᠤᠨ ᠡᠳᠦᠷ᠎ᠲᠦ ᠬᠢᠨᠠᠨ ᠵᠥᠪᠰᠢᠶᠡᠷᠡᠬᠦ ᠴᠤᠪᠤᠷᠠᠯ᠎ᠢ 5 ᠠᠵᠢᠯ᠎ᠤᠨ ᠡᠳᠦᠷ᠎ᠲᠦ ᠭᠦᠢᠴᠡᠳᠬᠡᠬᠦ ᠪᠣᠯᠭᠠᠨ ᠪᠠᠭᠠᠰᠬᠠᠵᠤ᠂ ᠭᠤᠶᠤᠴᠢᠯᠠᠬᠤ ᠮᠠᠲᠧᠷᠢᠶᠠᠯ᠎ᠢ 14 ᠪᠠᠢᠭᠰᠠᠨ᠎ᠠᠴᠠ 7 ᠪᠣᠯᠭᠠᠨ ᠴᠣᠮᠬᠠᠳᠬᠠᠵᠤ᠂ ᠪᠥᠬᠥ ᠤᠯᠤᠰ᠎ᠤᠨ ᠰᠢᠰᠲᠧᠮ ᠯᠦ᠍ᠭᠡ ᠶᠠᠮᠤᠨ ᠮᠤᠵᠢ ᠬᠣᠯᠪᠤᠭᠠᠯᠠᠨ ᠲᠣᠬᠢᠷᠠᠭᠤᠯᠵᠤ ᠬᠠᠷᠢᠯᠴᠠᠨ ᠨᠡᠪᠲᠡᠷᠡᠯᠴᠡᠬᠦ᠎ᠶᠢ ᠪᠡᠶᠡᠯᠡᠭᠦᠯᠵᠦ᠂ ᠨᠡᠶ᠋ᠢᠲᠡ 6170 ᠬᠤᠪᠢ ᠭᠦᠢᠴᠡᠳᠬᠡᠭᠰᠡᠨ ᠪᠠᠢᠨ᠎ᠠ᠃
ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ 《ᠬᠢᠨᠠᠨ ᠵᠥᠪᠰᠢᠶᠡᠷᠡᠬᠦ᠎ᠳᠦ ᠬᠦᠴᠢᠷᠲᠡᠢ᠂ ᠭᠣᠭᠴᠣᠭ᠎ᠠ ᠤᠯᠠᠨ》 ᠪᠠᠢᠭ᠎ᠠ ᠮᠣᠬᠣᠭᠤ ᠪᠠᠢᠳᠠᠯ᠎ᠳᠤ ᠴᠢᠭᠯᠡᠭᠦᠯᠦᠨ᠂ ᠵᠠᠮ ᠬᠠᠷᠢᠯᠴᠠᠭᠠᠨ᠎ᠤ ᠬᠦᠷᠢᠶᠡᠨ᠎ᠳᠡᠬᠢ ᠪᠦᠲᠦᠭᠡᠨ ᠪᠠᠢᠭᠤᠯᠤᠯᠲᠠ᠎ᠶᠢᠨ ᠵᠦᠢᠯᠡᠰ᠎ᠦᠨ 《ᠨᠢᠭᠡ ᠠᠵᠢᠯ ᠶᠠᠪᠤᠳᠠᠯ》᠎ᠢ ᠭᠦᠢᠴᠡᠳᠬᠡᠬᠦ᠎ᠳᠦ 《ᠴᠤᠪᠤᠷᠠᠭᠤᠯᠤᠨ ᠬᠣᠯᠪᠣᠭᠠᠯᠠᠵᠤ ᠠᠵᠢᠯᠯᠠᠬᠤ᠎ᠶᠢ ᠥᠭᠡᠷᠡᠴᠢᠯᠡᠭᠡᠳ ᠨᠡᠢᠯᠡᠭᠦᠯᠦᠨ ᠬᠣᠯᠪᠣᠭᠠᠯᠠᠵᠤ ᠠᠵᠢᠯᠯᠠᠬᠤ》 ᠬᠡᠪ ᠵᠠᠭᠪᠤᠷ᠎ᠢ ᠰᠢᠨ᠎ᠡ᠎ᠶᠢ ᠡᠭᠦᠳᠴᠦ ᠬᠡᠷᠡᠭᠯᠡᠨ᠂ 4 ᠰᠠᠯᠠᠭ᠎ᠠ ᠮᠥᠴᠢᠷ᠎ᠦᠨ ᠲᠤᠬᠠᠢᠯᠠᠭᠰᠠᠨ ᠠᠵᠢᠯ᠎ᠤᠨ ᠰᠢᠰᠲᠧᠮ᠎ᠢ ᠨᠡᠪᠲᠡᠷᠡᠭᠦᠯᠦᠨ᠂ 21 ᠵᠦᠢᠯ᠎ᠦᠨ ᠵᠥᠪᠰᠢᠶᠡᠷᠡᠯ᠎ᠦᠨ ᠵᠦᠢᠯᠡᠰ᠎ᠢ ᠲᠥᠪᠯᠡᠷᠡᠭᠦᠯᠦᠨ ᠭᠦᠢᠴᠡᠳᠬᠡᠬᠦ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠭᠣᠭᠴᠣᠭ᠎ᠠ᠎ᠶᠢ 89% ᠪᠡᠷ ᠪᠠᠭᠠᠰᠬᠠᠵᠤ᠂ ᠭᠦᠢᠴᠡᠳᠬᠡᠬᠦ ᠴᠠᠭ᠎ᠤᠨ ᠬᠢᠵᠠᠭᠠᠷ᠎ᠢ 78% ᠪᠠᠷ ᠪᠣᠭᠣᠨᠢᠰᠬᠠᠪᠠ᠃ 2025 ᠣᠨ᠎ᠤ 4 ᠳ᠋ᠦ᠍ᠭᠡᠷ ᠰᠠᠷ᠎ᠠ᠎ᠳᠤ ᠰᠢᠰᠲᠧᠮ᠎ᠢ ᠲᠠᠰ ᠳᠡᠪᠰᠢᠭᠦᠯᠦᠭᠰᠡᠨᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠬᠣᠶᠠᠷ ᠱᠠᠲᠤᠨ᠎ᠤ ᠣᠷᠣᠨ ᠬᠤᠪᠢᠶᠠᠷᠢ᠎ᠶᠢᠨ ᠣᠷᠤᠴᠠ᠎ᠶᠢ ᠨᠡᠭᠡᠭᠡᠵᠦ᠂ ᠣᠳᠣᠬᠠᠨ᠎ᠳᠤ 11 ᠲᠥᠷᠥᠯ ᠵᠦᠢᠯ ᠨᠢ ᠲᠣᠰ ᠲᠠᠪᠴᠠᠩ᠎ᠢᠶᠠᠷ ᠪᠠᠷᠢᠯᠭ᠎ᠠ ᠪᠠᠷᠢᠬᠤ ᠵᠥᠪᠰᠢᠶᠡᠷᠡᠯ᠎ᠢᠶᠡᠨ ᠭᠦᠢᠴᠡᠳᠬᠡᠵᠦ᠂ ᠤᠯᠠᠮᠵᠢᠯᠠᠯᠲᠤ ᠬᠢᠨᠠᠨ ᠵᠥᠪᠰᠢᠶᠡᠷᠡᠬᠦ ᠬᠡᠪ ᠵᠠᠭᠪᠤᠷ ᠯᠤᠭ᠎ᠠ ᠬᠠᠷᠢᠴᠠᠭᠤᠯᠪᠠᠯ ᠠᠷᠪᠢᠯᠠᠭᠰᠠᠨ ᠴᠠᠭ ᠨᠢ ᠳᠤᠮᠳᠠᠴᠢ᠎ᠪᠠᠷ 3 ᠰᠠᠷ᠎ᠠ᠎ᠶᠢ ᠳᠠᠪᠠᠪᠠ᠃
ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠲᠠᠯ᠎ᠠ᠎ᠪᠠᠷ᠂ ᠲᠣᠮᠣ᠌ ᠵᠦᠢᠯ᠎ᠦᠨ ᠲᠡᠭᠡᠭᠡᠪᠦᠷᠢ᠎ᠶᠢᠨ 《ᠨᠢᠭᠡ ᠠᠵᠢᠯ ᠶᠠᠪᠤᠳᠠᠯ》᠎ᠢ ᠭᠦᠢᠴᠡᠳᠬᠡᠬᠦ᠎ᠳᠦ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ᠎ᠶᠢ ᠬᠠᠮᠠᠭᠠᠯᠠᠬᠤ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠭᠤᠷᠪᠠᠨ ᠰᠠᠯᠠᠭ᠎ᠠ ᠮᠥᠴᠢᠷ᠎ᠦᠨ ᠬᠢᠨᠠᠨ ᠵᠥᠪᠰᠢᠶᠡᠷᠡᠬᠦ ᠡᠷᠬᠡ ᠮᠡᠳᠡᠯ᠎ᠦᠨ ᠬᠡᠪᠴᠢᠶ᠎ᠡ᠎ᠶᠢ ᠨᠡᠢᠳᠬᠡᠵᠦ᠂ ᠰᠦᠯᠵᠢᠶᠡᠨ ᠳᠡᠭᠡᠷᠡᠬᠢ ᠨᠢᠭᠡᠳᠦᠯᠲᠡᠢ ᠭᠥᠯᠢᠶᠡᠨ ᠠᠪᠴᠤ ᠭᠦᠢᠴᠡᠳᠬᠡᠬᠦ ᠦᠵᠦᠭᠦᠷ᠎ᠢᠶᠡᠷ 《ᠨᠢᠭᠡ ᠯᠡ ᠤᠳᠠᠭ᠎ᠠ᠎ᠳᠤ ᠲᠤᠰᠢᠶᠠᠵᠤ᠂ ᠣᠷᠣᠨ ᠪᠦᠰᠡ ᠠᠯᠤᠰᠯᠠᠨ ᠭᠦᠢᠴᠡᠳᠬᠡᠵᠦ ᠳᠠᠭᠤᠰᠬᠠᠬᠤ》᠎ᠶᠢ ᠪᠡᠶᠡᠯᠡᠭᠦᠯᠵᠦ᠂ ᠭᠦᠢᠴᠡᠳᠬᠡᠬᠦ ᠴᠠᠭ ᠨᠢ 40 ᠠᠵᠢᠯ᠎ᠤᠨ ᠡᠳᠦᠷ ᠪᠠᠢᠭᠰᠠᠨ᠎ᠠᠴᠠ 10 ᠠᠵᠢᠯ᠎ᠤᠨ ᠡᠳᠦᠷ ᠪᠣᠯᠵᠤ᠂ ᠮᠠᠲᠧᠷᠢᠶᠠᠯ᠎ᠢ 17% ᠪᠠᠷ ᠴᠣᠮᠬᠠᠳᠬᠠᠪᠠ᠃ 2024 ᠣᠨ᠎ᠤ 11 ᠳ᠋ᠦ᠍ᠭᠡᠷ ᠰᠠᠷ᠎ᠠ᠎ᠳᠤ ᠰᠦᠯᠵᠢᠶᠡᠨ᠎ᠳᠦ ᠭᠠᠷᠭᠠᠨ ᠠᠵᠢᠯᠯᠠᠭᠤᠯᠤᠭᠰᠠᠨ᠎ᠠᠴᠠ ᠨᠠᠭᠠᠰᠢ᠂ 956 ᠵᠦᠢᠯ᠎ᠦᠨ ᠲᠤᠬᠠᠢᠯᠠᠭᠰᠠᠨ ᠠᠵᠢᠯ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠭᠰᠡᠨ ᠪᠠᠢᠨ᠎ᠠ᠃