ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠬᠦᠮᠦᠨ ᠠᠮᠠ᠎ᠶᠢᠨ ᠬᠡᠪ ᠪᠤᠯᠪᠠᠰᠤᠷᠠᠯ᠎ᠢ ᠳᠡᠬᠡᠭᠰᠢᠯᠡᠬᠦᠯᠵᠦ ᠬᠦᠮᠦᠨ᠎ᠤ ᠪᠦᠬᠦ ᠳᠠᠯ᠎ᠠ᠎ᠶᠢᠨ ᠬᠦᠭᠵᠢᠯᠳᠡ᠎ᠶᠢ ᠠᠬᠢᠭᠤᠯᠪᠠ
ᠨᠡᠶ᠋ᠢᠲᠡᠯᠡᠭᠰᠡᠨ ᠴᠠᠭ᠄ 2025-12-12

12 ᠰᠠᠷ᠎ᠠ᠎ᠶᠢᠨ 11᠎ᠤ ᠡᠳᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠲᠡᠭᠡᠨ᠎ᠤ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉᠎ᠤᠨ ᠲᠦᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ᠎ᠤᠨ 《ᠬᠦᠮᠦᠨ ᠠᠮᠠ᠎ᠶᠢᠨ ᠬᠡᠪ ᠪᠤᠯᠪᠠᠰᠤᠷᠠᠯ᠎ᠢ ᠳᠡᠬᠡᠭᠰᠢᠯᠡᠬᠦᠯᠵᠦ ᠬᠦᠮᠦᠨ᠎ᠤ ᠪᠦᠬᠦ ᠳᠠᠯ᠎ᠠ᠎ᠶᠢᠨ ᠬᠦᠭᠵᠢᠯᠳᠡ᠎ᠶᠢ ᠠᠬᠢᠭᠤᠯᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ᠎ᠡᠷᠡᠬᠦᠯ ᠮᠡᠨᠳᠤ᠎ᠶᠢᠨ ᠵᠦᠪᠯᠡᠯ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠦᠮᠦᠵᠢᠯ᠎ᠤᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ᠂ ᠦᠪᠡᠷᠳᠡᠬᠡᠨ ᠵᠠᠰᠠᠬᠤ ᠤᠷᠤᠨ᠎ᠤ ᠡᠮᠡᠭᠳᠡᠢᠴᠤᠳ᠎ᠤᠨ ᠬᠤᠯᠪᠤᠭ᠎ᠠ᠂ ᠦᠪᠡᠷᠳᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠡᠷᠭᠡ ᠰᠠᠯᠠᠭ᠎ᠠ ᠮᠥᠴᠢᠷ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠢ ᠤᠷᠢᠵᠤ᠂ 《ᠠᠷᠪᠠᠨ ᠲᠦᠷᠪᠡᠲᠦᠭᠡᠷ ᠲᠠᠪᠤᠨ ᠵᠢᠯ》᠎ᠤᠨ ᠬᠤᠭᠤᠴᠠᠭᠠᠨ ᠳ᠋ᠡᠬᠢ ᠦᠪᠦᠷ ᠮᠤᠡᠭᠭᠤᠯ᠎ᠤᠨ ᠬᠦᠮᠦᠨ ᠠᠮᠠ᠎ᠶᠢᠨ ᠴᠢᠨᠠᠷ ᠰᠠᠢᠳᠠᠢ ᠬᠦᠭᠵᠢᠯᠳᠡ᠎ᠶᠢ ᠠᠬᠢᠭᠤᠯᠤᠭᠰᠠᠨ ᠲᠤᠬᠠᠢ ᠬᠠᠮᠢᠶ᠎ᠠ ᠪᠦᠬᠦᠢ ᠠᠵᠢᠯ᠎ᠤᠨ ᠠᠬᠢᠴᠠ ᠪᠠ ᠠᠮᠵᠢᠯᠲᠠ ᠪᠦᠲᠦᠮᠵᠢ᠎ᠶᠢ ᠲᠠᠨᠢᠯᠴᠠᠭᠤᠯᠪᠠ᠃

ᠦᠷᠡᠵᠢᠯ᠎ᠤᠨ ᠳᠡᠮᠵᠢᠯᠭᠡ᠎ᠶᠢᠨ ᠰᠢᠰᠲᠧᠮ᠎ᠢ ᠲᠡᠭᠦᠯᠳᠡᠷᠵᠢᠭᠦᠯᠵᠦ ᠵᠡᠷᠡᠮᠳᠡᠭ ᠲᠦᠷᠦᠭᠦ ᠰᠡᠷᠭᠡᠢᠯᠡᠯᠲᠡ᠎ᠵᠢ ᠪᠠᠲᠤᠳᠬᠠᠪᠠ

《〈ᠠᠷᠪᠠᠨ ᠲᠦᠷᠪᠡᠳᠦᠬᠡᠷ ᠳᠠᠪᠤᠨ ᠵᠢᠯ 〉᠎ᠡᠴᠡ ᠨᠠᠭᠠᠰᠢ᠂ ᠦᠷᠡᠵᠢᠯ᠎ᠦᠨ ᠳᠡᠮᠵᠢᠯᠭᠡ᠎ᠶᠢᠨ ᠰᠢᠰᠲᠧᠮ᠎ᠢ ᠳᠡᠬᠦᠯᠳᠡᠷᠵᠢᠬᠦᠯᠵᠦ᠂ ᠥᠪᠡᠷᠲᠡᠭᠡᠨ ᠵᠠᠰᠠᠬᠤ ᠣᠷᠣᠨ᠎ᠡᠴᠡ ᠣᠯᠠᠨ ᠵᠦᠢᠯ᠎ᠦᠨ ᠬᠡᠷᠡᠭᠵᠢᠭᠦᠯᠬᠦ ᠲᠥᠰᠥᠯ ᠨᠡᠢᠲᠡᠯᠡᠵᠦ᠂ ᠡᠯ᠎ᠡ ᠠᠢᠮᠠᠭ ᠬᠣᠲᠠ᠎ᠶᠢᠨ ᠬᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠪᠠ᠃ ᠬᠡᠦᠬᠡᠳ ᠪᠤᠢᠵᠢᠭᠤᠯᠬᠤ ᠨᠦᠬᠦᠪᠦᠷᠢ᠎ᠶᠢᠨ ᠲᠦᠷᠢᠮ᠎ᠢ ᠬᠡᠷᠡᠭᠵᠢᠬᠦᠯᠵᠦ᠂ 45.3 ᠲᠦᠮᠡᠨ ᠭᠤᠶᠤᠴᠢᠯᠠᠭᠰᠠᠳ᠎ᠲᠤ ᠨᠦᠬᠦᠪᠦᠷᠢ ᠤᠯᠭᠤᠪᠠ᠃ ᠬᠦᠩᠬᠡᠵᠢᠯᠳᠡ᠂ ᠪᠠᠷ᠎ᠠ ᠪᠤᠯᠵᠤ ᠰᠤᠪᠢᠯᠠᠬᠤ᠂ ᠬᠡᠦᠬᠡᠳ ᠠᠰᠠᠷᠠᠬᠤ ᠠᠮᠠᠷᠠᠯᠳᠠ᠎ᠶᠢᠨ ᠳᠦᠷᠢᠮ᠎ᠢ ᠨᠠᠢᠳᠠᠪᠤᠷᠢᠵᠢᠭᠤᠯᠪᠠ᠃ 8 ᠲᠦᠷᠦᠯ ᠵᠦᠢᠯ᠎ᠢ ᠡᠮ ᠡᠮᠨᠡᠯᠬᠡ᠎ᠶᠢᠨ ᠳᠠᠭᠠᠳᠬᠠᠯ᠎ᠳᠤ ᠤᠷᠤᠭᠤᠯᠵᠤ᠂ ᠬᠡᠦᠬᠡᠳ ᠲᠦᠷᠦᠵᠦ ᠦᠰᠬᠡᠬᠦ ᠦᠪᠡᠷ᠎ᠤᠨ ᠦᠷᠳᠡᠭ᠎ᠢ ᠪᠠᠭᠤᠷᠠᠭᠤᠯᠪᠠ》 ᠬᠡᠵᠦ ᠦᠪᠡᠷᠳᠡᠬᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠤ᠎ᠶᠢᠨ ᠵᠦᠪᠯᠡᠯ᠎ᠤᠨ ᠬᠤᠶᠠᠳᠤᠭᠠᠷ ᠳᠡᠰ᠎ᠤᠨ ᠳᠤᠭᠤᠷᠢᠨ ᠪᠠᠢᠴᠠᠭᠠᠭᠴᠢ ᠹᠧᠩ ᠯᠧᠢ ᠳᠠᠨᠢᠯᠴᠠᠭᠤᠯᠪᠠ᠃ ᠮᠠᠨ᠎ᠤ ᠤᠷᠤᠨ ᠲᠦᠬᠡᠮᠡᠯ ᠬᠠᠷᠠᠭᠠᠯᠵᠠᠯᠳᠤ ᠬᠡᠦᠬᠡᠳ ᠰᠠᠭᠠᠲᠠᠭᠤᠯᠬᠤ ᠦᠢᠯᠡᠴᠢᠯᠡᠭᠡ᠎ᠶᠢ ᠦᠷᠭᠦᠯᠵᠢᠯᠡᠨ ᠥᠷᠭᠡᠳᠬᠡᠵᠦ᠂ ᠰᠣᠷᠣᠭ᠍ᠴᠢ᠎ᠪᠦᠷᠢ᠎ᠳᠤ ᠳᠤᠮᠳᠠᠴᠢ ᠲᠣᠭᠲᠠᠭᠰᠠᠨ ᠨᠥᠬᠥᠪᠦᠷᠢ᠎ᠶᠢ ᠬᠡᠷᠡᠭᠵᠢᠭᠦᠯᠦᠨ 7.4 ᠲᠦᠮᠡᠨ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠦ᠂ ᠡᠯ᠎ᠡ ᠲᠥᠷᠥᠯ᠎ᠦᠨ ᠬᠡᠦᠬᠡᠳ ᠰᠠᠭᠠᠲᠠᠭᠤᠯᠬᠤ ᠪᠠᠢᠭᠤᠯᠤᠮᠵᠢ᠎ᠶᠢ 2100 ᠭᠠᠷᠤᠢ ᠪᠠᠢᠭᠤᠯᠪᠠ᠃ ᠦᠷᠡᠵᠢᠯ᠎ᠤᠨ ᠲᠦᠷᠦ᠎ᠶᠢᠨ ᠪᠤᠳᠤᠯᠭ᠎ᠠ᠎ᠶᠢᠨ ᠤᠬᠠᠭᠤᠯᠭ᠎ᠠ᠎ᠶᠢ ᠦᠨᠳᠦᠰᠦᠨ ᠤᠯᠠᠨ ᠨᠡᠢᠳᠡ᠎ᠶᠢᠨ ᠡᠷᠡᠬᠦᠯ ᠬᠠᠮᠠᠭᠠᠯᠠᠯ᠎ᠤᠨ ᠦᠢᠯᠡᠴᠢᠯᠡᠬᠡ᠎ᠶᠢᠨ ᠬᠦᠷᠢᠶᠡᠨ᠎ᠳᠤ ᠤᠷᠤᠭᠤᠯᠵᠦ᠂ ᠵᠠᠯᠠᠭᠤᠴᠤᠳ ᠪᠠᠭᠠᠴᠤᠳ᠎ᠤᠨ ᠦᠷᠡᠵᠢᠯ᠎ᠡᠷᠡᠬᠦᠯ ᠮᠡᠨᠳᠤ᠎ᠶᠢᠨ ᠬᠦᠮᠦᠵᠢᠯ᠎ᠢ ᠴᠢᠩᠭᠠᠳᠬᠠᠵᠤ᠂ 《ᠤᠷᠢ ᠵᠠᠯᠠᠭᠤ ᠨᠠᠰᠤ ᠡᠷᠡᠬᠦᠯ ᠰᠠᠷᠠᠭᠤᠯ ᠢᠷᠡᠬᠡᠳᠦᠢ》ᠵᠢᠨ ᠲᠦᠷᠦᠯ ᠵᠦᠢᠯ᠎ᠢ ᠡᠬᠢᠯᠡᠬᠦᠯᠪᠡ; 《ᠨᠠᠷᠠᠨ ᠬᠤᠸᠠᠷ ᠡᠴᠢᠬᠡ ᠡᠬᠡ ᠦᠷ᠎ᠡ ᠬᠡᠦᠬᠡᠳ᠎ᠤᠨ ᠦᠷᠦᠬᠡ》ᠵᠢᠨ ᠲᠦᠷᠦᠯ ᠵᠦᠢᠯ᠎ᠡᠴᠡ 4.5 ᠲᠦᠮᠡᠨ ᠬᠡᠷ ᠪᠦᠯᠢ᠎ᠳᠤ ᠳᠤᠰᠬᠠᠢ ᠮᠠᠷᠬᠡᠵᠢᠯ᠎ᠤᠨ ᠵᠢᠯᠤᠭᠤᠳᠤᠯᠭ᠎ᠠ ᠬᠢᠵᠦ᠂ ᠦᠷᠡᠵᠢᠯ᠎ᠤᠨ ᠨᠦᠬᠦᠷᠰᠡᠭ ᠨᠡᠢᠬᠡᠮ᠎ᠤᠨ ᠤᠷᠴᠢᠨ ᠠᠬᠤᠢ᠎ᠶᠢ ᠪᠤᠢ ᠪᠤᠯᠭᠠᠪᠠ᠃

ᠮᠠᠨ᠎ᠤ ᠤᠷᠤᠨ ᠪᠠᠰᠠ ᠪᠦᠬᠦ ᠤᠯᠤᠰ᠎ᠲᠤ ᠲᠦᠷᠦᠭᠦᠯᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠷᠡᠮᠳᠡᠭ ᠲᠦᠷᠦᠭᠦ᠎ᠶᠢ ᠰᠡᠷᠭᠡᠢᠯᠡᠨ ᠵᠠᠰᠠᠬᠤ ᠳᠦᠷᠢᠮ》᠎ᠢ ᠨᠠᠢᠳᠠᠪᠤᠷᠢᠵᠢᠭᠤᠯᠵᠤ᠂ 12 ᠠᠢᠮᠠᠭ ᠬᠣᠲᠠ ᠰᠦᠢᠳᠬᠡᠯ ᠬᠤᠷᠢᠶᠠᠬᠤ ᠦᠭᠡᠢ᠎ᠪᠡᠷ ᠤᠷᠤᠭᠯᠠᠬᠤ᠎ᠠᠴᠠ ᠡᠮᠦᠨᠡᠬᠢ ᠠᠨᠠᠭᠠᠬᠤ ᠤᠬᠠᠭᠠᠨ᠎ᠤ ᠪᠠᠢᠴᠠᠭᠠᠯᠲᠠ᠎ᠬᠢᠬᠦ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ 56% ᠬᠣᠰᠢᠭᠤ ᠰᠢᠶᠠᠨ᠎ᠳᠤ ᠣᠷᠣᠭ᠎ᠤᠨ ᠳᠠᠩᠰᠠᠯᠠᠯᠳᠠ ᠪᠠ ᠤᠷᠤᠭᠯᠠᠬᠤ ᠪᠠᠢᠴᠠᠭᠠᠯᠲᠠ᠎ᠶᠢᠨ ᠲᠠᠯᠠᠪᠤᠷ᠎ᠢ ᠤᠢᠷ᠎ᠠ ᠬᠠᠪᠢ ᠎ᠳᠤᠨᠢ ᠪᠠᠢᠷᠢᠯᠠᠭᠤᠯᠬᠤ᠎ᠶᠢ ᠪᠡᠶᠡᠯᠡᠭᠦᠯᠪᠡ᠃ ᠪᠥᠬᠥ ᠣᠷᠣᠨ᠎ᠤ ᠤᠷᠤᠭᠯᠠᠬᠤ᠎ᠡᠴᠡ ᠡᠮᠦᠨᠡᠬᠢ ᠠᠨᠠᠭᠠᠬᠤ ᠤᠬᠠᠭᠠᠨ᠎ᠤ ᠪᠠᠢᠴᠠᠭᠠᠯᠲᠠ᠎ᠶᠢᠨ ᠨᠣᠷᠮ᠎ᠠ 84.4%᠎ᠳᠤ ᠬᠦᠷᠴᠦ᠂ ᠵᠢᠷᠮᠦᠰᠦᠯᠡᠬᠦ᠎ᠡᠴᠡ ᠡᠮᠦᠨᠡᠬᠢ ᠪᠠᠢᠴᠠᠭᠠᠯᠲᠠ᠂ ᠬᠥᠩᠭᠡᠵᠢᠬᠦ᠎ᠡᠴᠡ ᠡᠮᠦᠨᠡᠬᠢ ᠰᠢᠭ᠌ᠰᠢᠨ ᠪᠠᠢᠴᠠᠭᠠᠯᠲᠠ᠂ ᠨᠢᠷᠠᠢ ᠬᠡᠦᠬᠡᠳ᠎ᠦᠨ ᠡᠪᠡᠳᠴᠢᠨ ᠡᠮᠭᠡᠭ᠎ᠦᠨ ᠰᠢᠭ᠌ᠰᠢᠨ ᠪᠠᠢᠴᠠᠭᠠᠯᠲᠠ᠎ᠶᠢᠨ ᠨᠣᠷᠮ᠎ᠠ ᠴᠥᠮ 90%᠎ᠶᠢ ᠳᠠᠪᠠᠪᠠ᠃

ᠰᠠᠭᠤᠷᠢ ᠰᠤᠷᠭᠠᠨ ᠬᠦᠮᠦᠵᠢᠯ᠎ᠤᠨ ᠦᠬᠡᠷᠡᠴᠢᠯᠡᠯᠳᠡ᠎ᠪᠠᠷ ᠬᠦᠮᠦᠨ ᠠᠮᠠ᠎ᠶᠢᠨ ᠴᠢᠨᠠᠷ ᠰᠠᠢᠳᠠᠢ ᠬᠦᠭᠵᠢᠯᠳᠡ᠎ᠳᠤ ᠦᠢᠯᠡᠴᠢᠯᠡᠪᠡ

《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠰᠠᠭᠤᠷᠢ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠰᠠᠭᠤᠷᠢ ᠢᠨᠵᠧᠨᠧᠷᠢᠩ ᠪᠣᠯᠭᠠᠵᠤ᠂ 《ᠲᠠᠪᠤᠨ ᠬᠥᠮᠦᠵᠢᠯ᠎ᠢ ᠵᠡᠷᠭᠡ᠎ᠪᠡᠷ ᠠᠳᠬᠤᠬᠤ》᠎ᠶᠢ ᠠᠬᠢᠭᠤᠯᠵᠤ ᠢᠯᠡᠳᠲᠡ ᠦᠷ᠎ᠡ ᠪᠦᠲᠦᠮᠵᠢ ᠣᠯᠪᠠ᠃

ᠳᠦᠷᠢᠮ᠎ᠦᠨ ᠪᠠᠲᠤᠯᠠᠭ᠎ᠠ᠎ᠪᠠᠷ 《ᠬᠥᠳᠡᠯᠭᠡᠭᠦᠷ》 ᠪᠣᠯᠭᠠᠵᠤ᠂ ᠬᠥᠮᠥᠨ᠎ᠢ ᠬᠥᠮᠥᠵᠢᠭᠦᠯᠬᠦ ᠦᠨᠡᠯᠡᠯᠲᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠤᠷᠢᠳ ᠬᠣᠵᠢᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠂ ᠪᠡᠶ᠎ᠡ᠎ᠶᠢᠨ ᠲᠠᠮᠢᠷ᠂ ᠭᠤᠸ᠎ᠠ ᠰᠠᠢᠬᠠᠨ᠂ ᠬᠥᠳᠡᠯᠮᠦᠷᠢ᠎ᠶᠢᠨ ᠬᠥᠮᠦᠵᠢᠯ᠂ ᠰᠢᠨᠵᠢᠯᠡᠬᠦ ᠤᠬᠠᠭᠠᠨ᠎ᠤ ᠬᠥᠮᠦᠵᠢᠯ ᠵᠡᠷᠭᠡ ᠰᠢᠷᠢᠰ ᠵᠠᠩᠭᠢᠯᠠᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠵᠦ᠂ ᠪᠠᠲᠤ ᠪᠡᠬᠢ ᠳᠦᠷᠢᠮ᠎ᠦᠨ ᠲᠤᠯᠭᠠᠭᠤᠷᠢᠯᠠᠯ᠎ᠬᠠᠩᠭᠠᠪᠠ᠃ ᠦᠨᠡᠯᠡᠯᠲᠡ᠎ᠶᠢᠨ ᠥᠭᠡᠷᠡᠴᠢᠯᠡᠯᠲᠡ᠎ᠪᠡᠷ ᠬᠥᠲᠥᠯᠥᠮᠵᠢ ᠪᠣᠯᠭᠠᠵᠤ᠂ ᠪᠡᠶ᠎ᠡ᠎ᠶᠢᠨ ᠲᠠᠮᠢᠷ᠎ᠢ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠬᠤᠪᠢ ᠪᠤᠳᠤᠬᠤ ᠬᠢᠴᠢᠶᠡᠯ ᠲᠥᠷᠥᠯ᠎ᠳᠦ ᠣᠷᠣᠭᠤᠯᠵᠤ᠂ ᠶᠡᠷᠦᠩᠬᠡᠢᠯᠡᠭᠰᠡᠨ ᠬᠡᠪ ᠪᠤᠯᠪᠠᠰᠤᠷᠠᠯ᠎ᠤᠨ ᠦᠨᠡᠯᠡᠯᠲᠡ᠎ᠶᠢ ᠪᠥᠬᠥ ᠲᠠᠯ᠎ᠠ᠎ᠪᠠᠷ ᠬᠡᠷᠡᠭᠵᠢᠭᠦᠯᠦᠨ᠂ 《ᠳᠦᠷᠢᠮ᠎ᠦᠨ ᠪᠠᠲᠤᠯᠠᠭ᠎ᠠ + ᠦᠨᠡᠯᠡᠯᠲᠡ᠎ᠶᠢᠨ ᠬᠥᠲᠥᠯᠥᠮᠵᠢ》᠎ᠶᠢᠨ ᠬᠠᠮ ᠠᠷᠭ᠎ᠠ ᠪᠠᠷᠢᠯ᠎ᠢᠶᠠᠷ ᠰᠢᠨᠵᠢᠯᠡᠬᠦ ᠤᠬᠠᠭᠠᠨᠴᠢ᠎ᠪᠠᠷ ᠬᠥᠮᠥᠨ᠎ᠢ ᠬᠦᠮᠦᠵᠢᠬᠦᠯᠪᠡ᠃

ᠰᠤᠷᠭᠠᠭᠤᠯᠢ᠎ᠶᠢᠨ ᠰᠤᠷᠭᠠᠨ ᠬᠥᠮᠦᠵᠢᠯ᠎ᠢᠶᠡᠷ《ᠭᠣᠣᠯ ᠵᠢᠭ᠍ᠰᠠᠭᠠᠯ᠎ᠤᠨ ᠭᠠᠵᠠᠷ》ᠪᠣᠯᠭᠠᠵᠤ᠂ ᠶᠡᠷᠦᠩᠬᠡᠢᠯᠡᠭᠰᠡᠨ ᠬᠡᠪ ᠪᠣᠯᠪᠠᠰᠤᠷᠠᠯ᠎ᠤᠨ ᠬᠥᠮᠦᠵᠢᠯ᠎ᠢ ᠪᠣᠳᠠᠲᠠᠢ ᠠᠳᠬᠤᠪᠠ᠃ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢ ᠨᠢᠭᠡ ᠴᠣᠭᠴᠠᠵᠢᠭᠤᠯᠬᠤ ᠪᠠᠢᠷᠢᠰᠢᠯ᠎ᠢ ᠪᠣᠶ ᠪᠤᠯᠭᠠᠵᠤ᠂ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠢ ᠴᠢᠩᠭᠠᠳᠬᠠᠵᠤ᠂ 8 ᠪᠥᠬᠥ ᠤᠯᠤᠰ᠎ᠤᠨ ᠲᠤᠷᠰᠢᠯᠲᠠ᠎ᠶᠢᠨ ᠤᠷᠤᠨ᠂ 68 ᠲᠤᠷᠰᠢᠯᠲᠠ᠎ᠶᠢᠨ ᠰᠤᠷᠭᠠᠭᠤᠯᠢ ᠵᠢᠴᠢ 16 ᠵᠣᠬᠢᠶᠠᠮᠠᠯ ᠤᠶᠤᠨ ᠴᠢᠳᠠᠪᠤᠷᠢ᠎ᠶᠢᠨ ᠰᠤᠷᠭᠠᠨ ᠬᠥᠮᠦᠵᠢᠯ᠎ᠦᠨ ᠰᠠᠭᠤᠷᠢᠨ᠎ᠢ ᠪᠠᠢᠭᠤᠯᠪᠠ᠃ ᠡᠳᠦᠷ ᠪᠦᠷᠢ᠎ᠶᠢᠨ 2 ᠴᠠᠭ᠎ᠡᠴᠡ ᠳᠤᠤᠷ᠎ᠠ ᠦᠬᠡᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠳ᠋ᠤ ᠤᠷᠤᠯᠴᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠪᠠ᠃ ᠭᠤᠸ᠎ᠠ ᠰᠠᠢᠬᠠᠨ᠎ᠤ ᠬᠥᠮᠦᠵᠢᠯ᠎ᠢᠶᠠᠷ ᠤᠮᠳᠠᠯᠠᠬᠤ ᠠᠵᠢᠯᠯᠠᠭ᠎ᠠ ᠦᠷᠨᠢᠬᠦᠯᠵᠦ᠂ 189 ᠬᠥᠳᠡᠯᠮᠦᠷᠢ᠎ᠶᠢᠨ ᠬᠥᠮᠦᠵᠢᠯ᠎ᠦᠨ ᠲᠤᠷᠰᠢᠯᠲᠠ᠎ᠶᠢᠨ ᠰᠤᠷᠭᠠᠭᠤᠯᠢ᠎ᠶᠢ ᠪᠠᠢᠭᠤᠯᠤᠨ᠂ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠪᠣᠯᠪᠠᠰᠤᠷᠠᠯ᠎ᠢ ᠪᠥᠬᠥ ᠲᠠᠯ᠎ᠠ᠎ᠪᠠᠷ ᠳᠡᠬᠡᠭᠰᠢᠯᠡᠬᠦᠯᠪᠡ᠃

ᠦᠢᠯᠡᠳᠦᠯᠭᠡ᠎ᠪᠡᠷ ᠲᠠᠪᠤᠨ ᠬᠥᠮᠦᠵᠢᠯ᠎ᠢ ᠠᠭᠤᠰᠤᠯᠴᠠᠭᠤᠯᠬᠤ ᠠᠷᠭ᠎ᠠ ᠵᠠᠮ᠎ᠢ ᠦᠷᠬᠡᠳᠬᠡᠵᠦ᠂ 《ᠨᠠᠮ᠎ᠤᠨ ᠠᠴᠢ᠎ᠳ᠋ᠤ ᠳᠠᠯᠠᠷᠬᠠᠵᠤ ᠨᠠᠮ᠎ᠤᠨ ᠦᠭᠡ᠎ᠶᠢ ᠰᠣᠨᠣᠰᠴᠤ ᠨᠠᠮ᠎ᠢᠶᠠᠨ ᠳᠠᠭᠠᠨ ᠤᠷᠤᠬᠰᠢᠯᠠᠬᠤ》᠂ 《ᠪᠢᠴᠢᠬᠠᠨ ᠠᠨᠠᠷ᠎ᠤᠨ ᠬᠢᠯᠢ᠎ᠶᠢᠨ ᠠᠶᠠᠯᠠᠯ》ᠵᠡᠷᠭᠡ ᠲᠦᠷᠦᠯ ᠲᠡᠮᠳᠡᠭᠳᠤ ᠠᠵᠢᠯᠯᠠᠭ᠎ᠠ᠎ᠶᠢ ᠦᠷᠨᠢᠬᠦᠯᠵᠦ᠂ 《ᠦᠵᠡᠯ ᠰᠠᠨᠠᠭ᠎ᠠ ᠤᠯᠤᠰ ᠲᠦᠷᠦ᠎ᠶᠢᠨ ᠬᠠᠮ ᠬᠢᠴᠢᠶᠡᠯ》ᠤ᠋ᠨ ᠦᠢᠯᠡᠳᠦᠯᠭᠡ᠎ᠶᠢᠨ ᠰᠠᠭᠤᠷᠢᠨ᠎ᠢ 123 ᠪᠠᠢᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ᠂ 《ᠰᠢᠨᠵᠢᠯᠡᠬᠦ ᠤᠬᠠᠭᠠᠨ᠎ᠤ ᠪᠢᠴᠢᠬᠠᠨ ᠠᠺᠠᠳᠧᠮᠢᠴᠢ》᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠬᠥᠳᠡᠯᠮᠦᠷᠢ᠎ᠶᠢᠨ ᠦᠢᠯᠡᠳᠦᠯᠭᠡ᠎ᠪᠡᠷ ᠬᠥᠮᠥᠵᠢᠭᠦᠯᠬᠦ ᠲᠥᠯᠥᠪᠯᠡᠭᠡ᠎ᠵᠡᠷᠬᠡ ᠤᠷᠤᠯᠳᠤᠭᠠᠨ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠪᠣᠰᠣᠭ᠎ᠠ ᠴᠣᠭᠴᠠᠲᠤ ᠬᠥᠮᠥᠨ᠎ᠢ ᠬᠥᠮᠥᠵᠢᠭᠦᠯᠬᠦ ᠲᠠᠪᠴᠠᠩ᠎ᠢ ᠪᠠᠢᠭᠤᠯᠪᠠ᠃

ᠡᠮᠡᠭᠳᠡᠢᠴᠤᠳ ᠬᠡᠦᠬᠡᠳ᠎ᠤᠨ ᠡᠷᠬᠡ ᠠᠰᠢᠭ᠎ᠢ ᠬᠠᠮᠠᠭᠠᠯᠠᠬᠤ ᠠᠵᠢᠯ᠎ᠢ ᠰᠡᠳᠬᠢᠯ ᠳᠠᠯᠪᠢᠨ ᠰᠠᠢᠳᠤᠷ ᠬᠢᠪᠡ

《〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠬᠤᠭᠤᠴᠠᠭᠠᠨ᠎ᠳᠤ᠂ ᠬᠦᠢᠰᠦ᠎ᠶᠢᠨ ᠢᠯᠭᠠᠯ᠎ᠤᠨ ᠭᠠᠳᠠᠭᠤᠷᠴᠢᠯᠠᠯ᠎ᠢ ᠠᠷᠢᠯᠭᠠᠬᠤ᠂ ᠭᠡᠷ ᠪᠦᠯᠢ᠎ᠶᠢᠨ ᠳᠠᠷᠤᠭᠠᠰᠤ᠎ᠶᠢ ᠬᠥᠩᠭᠡᠷᠡᠭᠦᠯᠬᠦ᠂ ᠪᠠᠲᠤᠯᠠᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠶᠢᠨ ᠠᠯᠢ ᠣᠯᠠᠨ ᠠᠷᠭ᠎ᠠ ᠬᠡᠮᠵᠢᠶ᠎ᠡ᠎ᠠᠪᠴᠤ᠂ ᠡᠮᠡᠭᠲᠡᠢᠴᠦᠳ᠎ᠦᠨ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠵᠡᠢ》 ᠬᠡᠵᠦ ᠦᠪᠡᠷᠳᠡᠬᠡᠨ ᠵᠠᠰᠠᠬᠤ ᠤᠷᠤᠨ᠎ᠤ ᠡᠮᠡᠭᠳᠡᠢᠴᠤᠳ᠎ᠤᠨ ᠬᠤᠯᠪᠤᠭ᠎ᠠ᠎ᠶᠢᠨ ᠳᠡᠳ᠋ ᠱᠦᠵᠢ ᠱᠧᠦ ᠯᠠᠨ ᠯᠠᠨ ᠳᠠᠨᠢᠯᠴᠠᠭᠤᠯᠪᠠ᠃

ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠢ ᠪᠠᠲᠤᠯᠠᠬᠤ ᠬᠠᠤᠯᠢ ᠲᠣᠭᠲᠠᠭᠠᠯ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠴᠢᠩᠭᠠᠳᠬᠠᠵᠤ᠂ ᠰᠢᠨ᠎ᠡ ᠨᠢᠭᠡᠨ ᠦᠶᠡᠯᠡᠯ᠎ᠦᠨ ᠡᠮᠡᠭᠲᠡᠢᠴᠦᠳ ᠬᠡᠦᠬᠡᠳ᠎ᠦᠨ ᠬᠥᠭᠵᠢᠯᠲᠡ᠎ᠶᠢᠨ ᠬᠦᠳᠦᠯᠪᠦᠷᠢ(2021 — 2030 ᠣᠨ)ᠢ᠋ ᠨᠡᠢᠲᠡᠯᠡᠨ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠬᠦᠯᠪᠡ᠃ ᠡᠮᠡᠭᠲᠡᠢᠴᠦᠳ᠎ᠦᠨ ᠡᠷᠬᠡ ᠠᠰᠢᠭ᠋᠎ᠢ ᠪᠠᠲᠤᠯᠠᠬᠤ ᠬᠠᠤᠯᠢ᠎ᠶᠢ ᠬᠡᠷᠡᠭᠵᠢᠭᠦᠯᠬᠦ ᠠᠷᠭ᠎ᠠ᠂ ᠨᠠᠰᠤᠨ᠎ᠳᠤ ᠦᠯᠤ ᠬᠥᠷᠦᠭᠰᠡᠳ᠎ᠢ ᠬᠠᠮᠠᠭᠠᠯᠠᠬᠤ ᠳᠦᠷᠢᠮ᠎ᠳᠦ ᠵᠠᠰᠠᠪᠤᠷᠢ ᠣᠷᠣᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠣᠯᠪᠤᠭᠠᠯᠠᠨ ᠢᠵᠢ ᠪᠦᠷᠢᠳᠦᠭᠦᠯᠬᠦ ᠳᠦᠷᠢᠮ᠎ᠦᠨ ᠲᠣᠭᠲᠠᠴᠠ᠎ᠶᠢ ᠪᠠᠢᠭᠤᠯᠵᠤ᠂ ᠪᠦᠬᠥ ᠲᠠᠯ᠎ᠠ᠎ᠶᠢᠨ᠂ ᠤᠯᠠᠨ ᠲᠡᠰ ᠳᠠᠪᠬᠤᠷᠭ᠎ᠠ᠎ᠶᠢᠨ ᠬᠠᠤᠯᠢ᠎ᠪᠠᠷ ᠵᠠᠰᠠᠬᠤ ᠪᠠᠲᠤᠯᠠᠭ᠎ᠠ᠎ᠶᠢᠨ ᠲᠣᠣᠷ᠎ᠢ ᠪᠠᠢᠭᠤᠯᠪᠠ᠃

ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠢ ᠪᠠᠲᠤᠯᠠᠬᠤ ᠨᠡᠢᠬᠡᠮ᠎ᠤᠨ ᠬᠦᠭᠵᠢᠯᠳᠡ᠎ᠶᠢᠨ ᠤᠷᠴᠢᠨ᠎ᠢ ᠪᠤᠢ ᠪᠤᠯᠭᠠᠠ᠂ 《ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠠᠢᠭᠤᠯᠤᠯᠳᠠ᠎ᠳᠤ ᠤᠮᠠᠷᠠᠲᠤ ᠬᠢᠯᠢ᠎ᠶᠢᠨ ᠡᠮᠡᠭᠲᠡᠢᠴᠦᠳ ᠎ᠬᠦᠳᠡᠯᠦᠯᠴᠡᠬᠦ》ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠲᠠᠪᠤᠨ ᠵᠢᠯ᠎ᠦᠨ ᠲᠤᠷᠰᠢ《ᠵᠠᠭᠤᠨ ᠡᠮᠡᠭᠲᠡᠢ ᠬᠠᠤᠯᠢᠴᠢ᠎ᠶᠢᠨ ᠵᠠᠭᠤᠨ ᠲᠠᠯᠠᠪᠠᠢ ᠬᠠᠤᠯᠢ᠎ᠪᠠᠷ ᠵᠠᠰᠠᠬᠤ ᠨᠡᠶ᠋ᠢᠲᠡ᠎ᠶᠢᠨ ᠠᠰᠠᠷᠠᠮᠵᠢ᠎ᠶᠢᠨ ᠲᠣᠭᠣᠷᠢᠨ ᠲᠠᠢᠯᠪᠤᠷᠢᠯᠠᠯᠲᠠ》ᠶ᠋ᠢ 1290 ᠲᠠᠯᠠᠪᠠᠢ ᠡᠷᠬᠢᠯᠡᠵᠦ᠂ ᠨᠡᠢᠭᠡᠮ ᠲᠣᠭᠣᠷᠢᠭ᠋᠂ ᠬᠥᠳᠡᠭᠡ ᠲᠣᠰᠬᠣᠨ᠂ ᠠᠯᠪᠠᠨ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢ᠂ ᠬᠡᠷ ᠪᠦᠯᠢ᠎ᠳᠤ ᠤᠷᠤᠭᠤᠯᠵᠤ᠂ 15.8 ᠲᠦᠮᠡᠨ ᠡᠮᠡᠭᠲᠡᠢᠴᠦᠳ ᠬᠡᠦᠬᠡᠳ᠎ᠲᠦ ᠠᠰᠢᠭ᠋ ᠬᠦᠷᠲᠡᠭᠡᠪᠡ᠃ 2.3 ᠲᠦᠮᠡᠨ ᠨᠡᠷᠡᠰ ᠭᠠᠴᠠᠭ᠎ᠠ ᠲᠣᠰᠬᠣᠨ(ᠨᠡᠢᠭᠡᠮ ᠲᠣᠭᠣᠷᠢᠭ᠋)ᠤ᠋ ᠡᠮᠡᠭᠲᠡᠢᠴᠦᠳ᠎ᠦᠨ ᠬᠤᠯᠪᠤᠭ᠎ᠠ᠎ᠶᠢᠨ ᠳᠡᠷᠢᠬᠦᠯᠡᠭᠴᠢ ᠪᠠ ᠬᠦᠢᠴᠡᠳᠬᠡᠬᠦ ᠵᠦᠪᠯᠡᠯ᠎ᠤᠨ ᠪᠦᠷᠢᠯᠳᠦᠬᠦᠨ᠎ᠤ《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠥᠨ》᠎ᠤ ᠡᠩᠨᠡᠭᠡ᠎ᠶᠢ ᠪᠦᠷᠢᠯᠳᠦᠭᠦᠯᠵᠦ᠂ 1.5 ᠲᠦᠮᠡᠨ ᠭᠠᠴᠠᠭ᠎ᠠ ᠲᠣᠰᠬᠣᠨ (ᠨᠡᠢᠭᠡᠮ ᠲᠣᠭᠣᠷᠢᠭ᠋)ᠳ᠋ᠤ ᠬᠠᠤᠯᠢ ᠴᠠᠭᠠᠵᠠ᠎ᠶᠢ ᠲᠦᠬᠡᠮᠡᠯᠵᠢᠬᠦᠯᠵᠦ᠂ ᠡᠮᠡᠭᠲᠡᠢᠴᠦᠳ᠎ᠢ ᠬᠦᠨᠳᠦᠳᠬᠡᠬᠦ᠂ ᠬᠡᠦᠬᠡᠳ᠎ᠢ ᠬᠠᠯᠠᠮᠵᠢᠯᠠᠨ ᠬᠠᠢᠷᠠᠯᠠᠬᠤ ᠨᠡᠢᠭᠡᠮ᠎ᠦᠨ ᠤᠷᠴᠢᠨ ᠠᠬᠤᠢ᠎ᠶᠢ ᠪᠣᠶ ᠪᠤᠯᠭᠠᠪᠠ᠃

ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠢ ᠬᠠᠮᠠᠭᠠᠯᠠᠬᠤ ᠠᠵᠢᠯ᠎ᠢ ᠪᠠᠢᠩᠭᠤᠵᠢᠭᠤᠯᠵᠤ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠪᠡ᠃ 12338 ᠡᠮᠡᠭᠲᠡᠢᠴᠦᠳ᠎ᠦᠨ ᠡᠷᠬᠡ ᠠᠰᠢᠭ᠋᠎ᠢ ᠬᠠᠮᠠᠭᠠᠯᠠᠬᠤ ᠬᠠᠯᠠᠮᠰᠢᠯ ᠤᠲᠠᠰᠤ᠎ᠶᠢ ᠪᠦᠳᠦᠮᠵᠢᠳᠡᠢ ᠠᠰᠢᠬᠯᠠᠵᠦ᠂ ᠲᠠᠪᠤᠨ ᠵᠢᠯ᠎ᠳᠦ ᠨᠡᠢ᠍ᠢᠲᠡ 1 ᠲᠦᠮᠡ ᠭᠠᠷᠤᠢ ᠬᠤᠪᠢ ᠲᠤᠰᠠᠯᠠᠮᠵᠢ ᠭᠤᠶᠤᠴᠢᠯᠠᠭᠰᠠᠨ ᠠᠰᠠᠭᠤᠳᠠᠯ᠎ᠢ ᠰᠢᠢᠳᠪᠦᠷᠢᠯᠡᠬᠦ᠎ᠪᠡᠷ ᠬᠠᠷᠢᠭᠤ ᠲᠤᠰᠬᠠᠪᠠ᠃ ᠭᠤᠷᠪᠠᠨ ᠱᠠᠲᠤᠨ᠎ᠤ ᠤᠷᠤᠭ ᠭᠡᠷ ᠪᠦᠯᠢ᠎ᠶᠢᠨ ᠵᠠᠭᠤᠷᠠᠯᠳᠤᠭᠠᠨ᠎ᠤ ᠠᠷᠠᠳ᠎ᠤᠨ ᠡᠶᠡᠳᠡᠭᠦᠯᠭᠡ᠎ᠶᠢᠨ ᠲᠣᠣᠷ᠎ᠢ ᠪᠠᠢᠭᠤᠯᠵᠤ᠂ 4.5 ᠲᠦᠮᠡ ᠭᠠᠷᠤᠢ ᠬᠤᠪᠢ ᠵᠠᠭᠤᠷᠠᠯᠳᠤᠭᠠᠨ᠎ᠢ ᠡᠶᠡᠳᠡᠬᠦᠯᠪᠡ᠃ 《ᠪᠠᠭᠪᠠᠭᠠᠢ ᠴᠡᠴᠡᠭ》ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠤᠨ ᠦᠢᠯᠡᠴᠢᠯᠡᠭᠡ᠎ᠶᠢᠨ 471 ᠲᠦᠷᠦᠯ ᠵᠦᠢᠯ᠎ᠢ ᠬᠡᠷᠡᠭᠵᠢᠬᠦᠯᠪᠡ᠃

ᠵᠠᠯᠠᠭᠤᠴᠤᠳ᠎ᠤᠨ ᠬᠦᠭᠵᠢᠯᠳᠡ᠎ᠶᠢ ᠪᠦᠬᠦ ᠳᠠᠯ᠎ᠠ᠎ᠪᠠᠷ ᠠᠬᠢᠭᠤᠯᠬᠤ ᠠᠵᠢᠯ᠎ᠤᠨ ᠰᠢᠰᠲᠧᠮ᠎ᠢ ᠪᠠᠢᠭᠤᠯᠪᠠ

《〈ᠠᠷᠪᠠᠨ ᠳᠥᠷᠪᠡᠳᠦᠭᠡᠷ ᠲᠠᠪᠤᠨ ᠵᠢᠯ〉ᠳ᠋ᠤ᠂ ᠵᠠᠯᠠᠭᠤᠴᠤᠳ᠎ᠤᠨ ᠬᠥᠭᠵᠢᠯᠲᠡ᠎ᠶᠢ ᠪᠦᠬᠦ ᠲᠠᠯ᠎ᠠ᠎ᠪᠡᠷ ᠠᠬᠢᠭᠤᠯᠬᠤ ᠠᠵᠢᠯ᠎ᠤᠨ ᠰᠢᠰᠲ᠋ᠧᠮ᠎ᠢ ᠪᠠᠢᠭᠤᠯᠵᠤ᠂ ᠲᠥᠯᠦᠪᠵᠢᠭᠦᠯᠭᠡ᠎ᠶᠢ ᠨᠠᠢᠳᠠᠪᠤᠷᠢᠵᠢᠭᠤᠯᠬᠤ ᠪᠠ ᠵᠠᠯᠠᠭᠤᠴᠤᠳ᠎ᠤᠨ ᠬᠡᠷᠡᠭᠴᠡᠭᠡ ᠱᠠᠭᠠᠷᠳᠠᠯᠭ᠎ᠠ᠎ᠶᠢ ᠵᠣᠯᠭᠠᠭᠤᠯᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢ ᠨᠢᠭ᠍ᠲᠠᠷᠠᠭᠤᠯᠪᠠ》ᠬᠡᠵᠦ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ᠎ᠶᠢᠨ ᠳᠡᠳ᠋ ᠱᠦᠵᠢ ᠯᠢᠦ ᠵᠢᠶᠠᠨ ᠬᠤᠢ ᠳᠠᠨᠢᠯᠴᠠᠭᠤᠯᠤᠯ᠎ᠠ᠃

ᠵᠠᠯᠠᠭᠤᠴᠤᠳ᠎ᠤᠨ ᠬᠦᠭᠵᠢᠯᠳᠡ᠎ᠶᠢᠨ ᠲᠦᠷᠦ᠎ᠶᠢᠨ ᠪᠤᠳᠤᠯᠭ᠎ᠠ᠎ᠶᠢ ᠳᠡᠬᠦᠯᠳᠡᠷᠵᠢᠬᠦᠯᠪᠡ᠃ ᠵᠠᠯᠠᠭᠤᠴᠤᠳ᠎ᠤᠨ ᠰᠤᠷᠭᠠᠨ ᠬᠥᠮᠦᠵᠢᠯ᠂ ᠠᠵᠢᠯ ᠣᠯᠭᠣᠯᠲᠠ᠂ ᠣᠷᠣᠨ ᠰᠠᠭᠤᠴᠠ᠂ ᠤᠷᠤᠭ ᠬᠤᠷᠢᠮ᠂ ᠡᠷᠡᠬᠦᠯ ᠮᠡᠨᠳᠤ ᠵᠡᠷᠭᠡ ᠵᠠᠩᠭᠢᠯᠠᠭ᠎ᠠ᠎ᠶᠢᠨ ᠬᠦᠷᠢᠶ᠎ᠡ᠎ᠳ᠋ᠤ ᠠᠩᠬᠠᠷᠤᠯ᠎ᠢᠶᠠᠨ ᠲᠦᠪᠯᠡᠷᠡᠬᠦᠯᠵᠦ᠂ 《ᠨᠠᠮ᠎ᠤᠨ ᠬᠣᠷᠢᠶ᠎ᠠ ᠤᠳᠤᠷᠢᠳᠬᠤ᠂ ᠡᠪᠯᠡᠯ᠎ᠦᠨ ᠬᠣᠷᠢᠶ᠎ᠠ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠬᠠᠮᠵᠢᠯᠴᠠᠬᠤ》 ᠪᠠᠢᠷᠢᠰᠢᠯ᠎ᠢ ᠪᠦᠷᠢᠯᠳᠦᠭᠦᠯᠪᠡ᠃ ᠦᠢᠯᠡᠴᠢᠯᠡᠭᠡ᠎ᠶᠢ ᠰᠠᠢᠵᠢᠷᠠᠭᠤᠯᠵᠤ᠂ ᠵᠠᠯᠠᠭᠤᠴᠤᠳ᠎ᠤᠨ ᠤᠯᠠᠨ ᠳᠠᠯ᠎ᠠ᠎ᠶᠢᠨ ᠱᠠᠭᠠᠷᠳᠠᠯᠭ᠎ᠠ᠎ᠳᠤ ᠤᠨᠢᠨ ᠳᠡᠬᠡᠷ᠎ᠡ ᠨᠢ ᠬᠦᠴᠦᠯᠡᠪᠡ᠃ ᠬᠥᠬᠡᠬᠣᠲᠠ ᠪᠦᠬᠦ ᠤᠯᠤᠰ᠎ᠤᠨ ᠵᠠᠯᠠᠭᠤᠴᠤᠳ᠎ᠤᠨ ᠬᠥᠭᠵᠢᠯᠲᠡ᠎ᠶᠢᠨ ᠬᠡᠯᠪᠡᠷᠢ᠎ᠶᠢᠨ ᠬᠤᠳᠠ᠎ᠶᠢᠨ ᠲᠤᠷᠰᠢᠯᠲᠠ᠎ᠶᠢᠨ ᠴᠡᠭ᠎ᠲᠦ ᠰᠣᠩᠭᠣᠭᠳᠠᠵᠤ᠂ ᠪᠤᠭᠤᠳᠤ ᠬᠤᠳᠠ᠎ᠶᠢᠨ ᠴᠢᠩ ᠱᠠᠨ ᠳᠤᠭᠤᠷᠢᠭ ᠵᠡᠷᠬᠡ13 ᠬᠣᠰᠢᠭᠤ ᠰᠢᠶᠠᠨ᠎ᠢ ᠪᠦᠬᠦ ᠤᠷᠤᠨ᠎ᠤ ᠵᠠᠯᠠᠭᠤᠴᠤᠳ᠎ᠤᠨ ᠬᠦᠭᠵᠢᠯᠳᠡ᠎ᠶᠢᠨ ᠬᠡᠯᠪᠡᠷᠢ ᠰᠢᠶᠠᠨ᠎ᠤ ᠬᠡᠪᠴᠢᠶᠡᠨ᠎ᠤ ᠳᠤᠷᠰᠢᠯᠳᠠ᠎ᠶᠢᠨ ᠴᠡᠭ᠎ᠢᠶᠠᠷ ᠳᠤᠭᠳᠠᠭᠠᠪᠠ᠃ ᠲᠠᠪᠤᠨ ᠵᠢᠯ᠎ᠦᠨ ᠲᠤᠷᠰᠢ᠂ ᠡᠯ᠎ᠡ ᠱᠠᠳᠤᠨ᠎ᠤ ᠡᠪᠯᠡᠯ᠎ᠤᠨ ᠵᠤᠬᠢᠶᠠᠨ ᠪᠠᠢᠭᠤᠯᠤᠯᠳᠠ 1300 ᠭᠠᠷᠤᠢ ᠤᠳᠠᠭ᠎ᠠ᠎ᠶᠢᠨ ᠢᠨᠠᠭ ᠬᠠᠢᠷ᠎ᠠ ᠨᠦᠬᠦᠷᠯᠡᠯ᠎ᠤᠨ ᠠᠵᠢᠯᠯᠠᠭ᠎ᠠ᠎ᠶᠢ ᠥᠷᠨᠢᠭᠦᠯᠵᠦ᠂ 13 ᠲᠦᠮᠡᠨ ᠵᠠᠯᠠᠭᠤᠴᠤᠳ᠎ᠲᠤ ᠦᠢᠯᠡᠴᠢᠯᠡᠪᠡ᠃ ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ᠂ 1700 ᠭᠠᠷᠤᠢ ᠵᠠᠯᠠᠭᠤᠴᠤᠳ᠎ᠤᠨ ᠭᠠᠪᠰᠢᠭᠠᠢ ᠠᠩᠭᠢ᠎ᠶᠢ ᠵᠣᠬᠢᠶᠠᠨ ᠪᠠᠢᠭᠤᠯᠵᠤ᠂ 《ᠬᠦᠭᠵᠢᠬᠦᠯᠦᠨ ᠮᠠᠨᠳᠤᠭᠤᠯᠬᠤ ᠬᠤᠨᠳᠠᠭᠠᠲᠤ》 ᠵᠡᠷᠭᠡ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠲᠥᠷᠥᠯ ᠳᠡᠮᠳᠡᠭ᠎ᠢ ᠡᠬᠦᠳᠪᠡ᠃ 2025 ᠣᠨ᠎ᠳᠤ ᠨᠡᠶ᠋ᠢᠲᠡ 1000 ᠭᠠᠷᠤᠢ ᠵᠠᠯᠠᠭᠤ ᠰᠦᠯᠵᠢᠶᠡᠨ᠎ᠤ ᠨᠡᠪᠳᠡᠷᠡᠬᠦᠯᠦᠭᠴᠢ᠎ᠶᠢ ᠬᠦᠮᠦᠵᠢᠬᠦᠯᠵᠦ᠂ ᠰᠢᠭᠤᠳ ᠨᠡᠪᠲᠡᠷᠡᠬᠦᠯᠬᠡ᠎ᠪᠠᠷ ᠲᠠᠷᠢᠶᠠᠯᠠᠩ᠎ᠢ ᠲᠤᠰᠠᠯᠠᠬᠤ ᠪᠣᠷᠤᠯᠠᠭᠤᠯᠭ᠎ᠠ 1.2 ᠳ᠋ᠦᠩᠰᠢᠭᠤᠷ ᠲᠥᠭᠥᠷᠢᠭ᠎ᠲᠦ ᠬᠦᠷᠴᠡᠢ᠃ 6000 ᠭᠠᠷᠤᠢ ᠵᠠᠯᠠᠭᠤ ᠮᠠᠯᠴᠢᠨ ᠲᠠᠷᠢᠶᠠᠴᠢᠨ ᠪᠣᠯᠪᠠᠰᠤᠷᠠᠯ᠎ᠬᠦᠷᠳᠡᠬᠡᠪᠡ᠃

《ᠠᠵᠢᠯ ᠣᠯᠭᠣᠯᠲᠠ᠎ᠶᠢᠨ ᠦᠢᠯᠡᠴᠢᠯᠡᠭᠡ + ᠦᠢᠯᠡᠰ ᠪᠣᠰᠬᠠᠬᠤ᠎ᠶᠢ ᠲᠡᠳᠬᠦᠬᠦ + ᠡᠬᠢ ᠪᠠᠶᠠᠯᠢᠭ᠋᠎ᠢ ᠵᠣᠯᠭᠠᠭᠤᠯᠬᠤ》ᠬᠠᠮ ᠠᠷᠭ᠎ᠠ᠎ᠪᠠᠷ ᠵᠠᠯᠠᠭᠤᠴᠤᠳ᠎ᠤᠨ ᠦᠢᠯᠡᠰ ᠪᠣᠰᠬᠠᠬᠤ ᠠᠵᠢᠯ ᠣᠯᠭᠣᠯᠲᠠ᠎ᠶᠢ ᠠᠬᠢᠭᠤᠯᠪᠠ᠃ 《ᠳᠠᠷᠪᠠᠭᠤᠯ ᠬᠡᠢᠰᠬᠡᠬᠦ ᠲᠥᠯᠥᠪᠯᠡᠭᠡ》᠎ᠶᠢ ᠬᠡᠷᠡᠭᠵᠢᠭᠦᠯᠦᠨ 9 ᠲᠦᠮᠡ ᠰᠢᠬᠠᠮ ᠳᠠᠳᠤᠯᠭ᠎ᠠ᠎ᠶᠢᠨ ᠠᠵᠢᠯ᠎ᠤᠨ ᠪᠠᠢᠷᠢ ᠴᠤᠭᠯᠠᠭᠤᠯᠵᠤ᠂ 4 ᠲᠦᠮᠡ ᠭᠠᠷᠤᠢ ᠬᠥᠮᠥᠨ᠎ᠢ ᠡᠯᠰᠡᠨ ᠬᠡᠷᠡᠭᠯᠡᠪᠡ᠃ ᠪᠦᠬᠦ ᠤᠷᠤᠨ᠎ᠤ ᠲᠣᠮᠣ᠌ ᠬᠡᠯᠪᠡᠷᠢ᠎ᠶᠢᠨ ᠠᠵᠢᠯᠳᠠᠨ ᠤᠷᠢᠵᠤ ᠡᠯᠰᠡᠬᠦ ᠴᠤᠭᠯᠠᠭᠠᠨ᠂ ᠰᠤᠷᠭᠠᠭᠤᠯᠢ᠎ᠶᠢᠨ ᠬᠦᠷᠢᠶᠡᠨ᠎ᠦ ᠲᠤᠰᠬᠠᠢ ᠲᠠᠯᠠᠪᠤᠷ ᠵᠢᠴᠢ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ᠎ᠵᠡᠷᠬᠡ᠎ᠶᠢ 70 ᠭᠠᠷᠤᠢ ᠲᠠᠯᠠᠪᠤᠷ ᠡᠷᠭᠢᠯᠡᠵᠦ᠂ 6 ᠲᠦᠮᠡ ᠭᠠᠷᠤᠢ ᠠᠵᠢᠯ᠎ᠤᠨ ᠪᠠᠢᠷᠢ᠎ᠶᠢ ᠨᠡᠢᠳᠡᠯᠡᠵᠦ᠂ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢ ᠳᠠᠶ᠋ᠢᠴᠢᠯᠠᠨ 297 ᠲᠠᠯᠠᠪᠤᠷ ᠠᠵᠢᠯᠯᠠᠭ᠎ᠠ ᠥᠷᠨᠢᠭᠦᠯᠵᠦ᠂ 40 ᠲᠦᠮᠡ ᠰᠢᠬᠠᠮ ᠠᠵᠢᠯ᠎ᠤᠨ ᠪᠠᠢᠷᠢ ᠬᠠᠩᠭᠠᠪᠠ᠃ ᠡᠪᠯᠡᠯ᠎ᠤᠨ ᠬᠤᠷᠢᠶ᠎ᠠ᠂ ᠪᠠᠩᠬᠢ᠂ ᠠᠵᠤ ᠠᠬᠤᠢᠯᠠᠯ᠎ᠤᠨ ᠬᠠᠮᠵᠢᠯᠴᠠᠭ᠎ᠠ᠎ᠶᠢ ᠠᠬᠢᠭᠤᠯᠤᠨ᠂ 45 ᠮᠥᠩᠭᠥᠨ ᠭᠦᠢᠯᠭᠡᠭᠡᠨ᠎ᠦ ᠪᠠᠢᠭᠤᠯᠤᠮᠵᠢ᠎ᠲᠠᠢ ᠬᠠᠮᠲᠤᠷᠠᠨ《ᠵᠠᠯᠠᠭᠤᠴᠤᠳ᠎ᠤᠨ ᠦᠢᠯᠡᠰ ᠪᠤᠰᠬᠠᠬᠤ ᠵᠢᠭᠡᠯᠡᠯᠭᠡ》᠎ᠶᠢ ᠬᠡᠷᠡᠭᠵᠢᠭᠦᠯᠵᠦ᠂ 2023 ᠣᠨ᠎ᠡᠴᠡ ᠣᠲᠣ᠌ ᠪᠣᠯᠲᠠᠯ᠎ᠠ 1.32 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠳᠠᠯᠪᠢᠪᠠ᠃

ᠵᠡᠮᠳᠡᠭ ᠬᠡᠦᠬᠡᠳ᠎ᠢ ᠬᠠᠯᠠᠮᠵᠢᠯᠠᠵᠤ ᠵᠡᠮᠳᠡᠭᠴᠤᠳ᠎ᠤᠨ ᠠᠵᠢᠯ ᠤᠯᠭᠤᠯᠳᠠ᠎ᠳᠤ ᠬᠦᠴᠦᠨ ᠨᠡᠮᠡᠷᠢᠯᠡᠪᠡ

《〈ᠠᠷᠪᠠᠨ ᠳᠥᠷᠪᠡᠳᠦᠭᠡᠷ ᠲᠠᠪᠤᠨ ᠵᠢᠯ〉ᠳ᠋ᠤ᠂ ᠥᠪᠥᠷ ᠮᠣᠩᠭᠣᠯ ᠵᠡᠮᠳᠡᠭ ᠬᠡᠦᠬᠡᠳ᠎ᠤᠨ ᠡᠷᠡᠭᠦᠯᠵᠢᠯ᠎ᠦᠨ ᠠᠪᠤᠷᠠᠨ ᠲᠤᠰᠠᠯᠠᠯᠲᠠ᠎ᠶᠢᠨ ᠲᠣᠭᠣᠷᠢᠨ᠎ᠳᠤ᠂ ᠵᠡᠮᠳᠡᠭ ᠬᠡᠦᠬᠡᠳ᠎ᠦᠨ ᠭᠡᠷ ᠪᠦᠯᠢ᠎ᠵᠢᠨ ᠠᠪᠤᠷᠠᠨ ᠳᠤᠰᠠᠯᠠᠬᠤ ᠬᠡᠪᠴᠢᠶ᠎ᠠ᠎ᠶᠢ ᠦᠷᠬᠡᠳᠬᠡᠵᠦ᠂ ᠳᠠᠷᠤᠭᠠᠰᠤ᠎ᠶᠢ ᠨᠢ ᠬᠦᠩᠬᠡᠯᠡᠵᠤ᠂ ᠦᠢᠯᠡᠴᠢᠯᠡᠬᠡ᠎ᠪᠠᠨ ᠰᠠᠢᠵᠢᠷᠠᠭᠤᠯᠪᠠ》 ᠭᠡᠵᠦ ᠦᠪᠡᠷᠳᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠬᠦᠨ᠂ ᠳᠡᠳ᠋ ᠬᠡᠷᠡᠭ ᠡᠷᠬᠢᠯᠡᠭᠴᠢ ᠵᠢᠶᠠ ᠫᠧᠩ ᠳᠠᠨᠢᠯᠴᠠᠭᠤᠯᠤᠯ᠎ᠠ᠃

《ᠠᠷᠪᠠᠨ ᠳᠥᠷᠪᠡᠳᠦᠭᠡᠷ ᠲᠠᠪᠤᠨ ᠵᠢᠯ》᠎ᠳᠤ ᠮᠠᠨ᠎ᠤ ᠤᠷᠤᠨ ᠠᠪᠤᠷᠠᠨ ᠲᠤᠰᠠᠯᠠᠬᠤ ᠪᠦᠷᠬᠦᠴᠡ᠎ᠶᠢ ᠦᠷᠭᠦᠯᠵᠢᠯᠡᠨ ᠥᠷᠭᠡᠳᠬᠡᠵᠦ᠂ ᠤᠯᠤᠰ᠎ᠡᠴᠡ ᠲᠣᠭᠲᠠᠭᠠᠭᠰᠠᠨ 0 — 6 ᠨᠠᠰᠤᠨ᠎ᠤ ᠠᠪᠤᠷᠠᠨ ᠲᠤᠰᠠᠯᠠᠬᠤ ᠬᠡᠪᠴᠢᠶ᠎ᠡ᠎ᠶᠢ 0 — 7 ᠨᠠᠰᠤ ᠬᠦᠷᠲᠡᠯ᠎ᠡ ᠤᠷᠳᠤᠳᠬᠠᠵᠤ᠂ ᠬᠥᠬᠡᠬᠣᠲᠠ᠂ ᠪᠤᠭᠤᠲᠤ ᠵᠡᠷᠭᠡ ᠭᠠᠵᠠᠷ᠎ᠤᠨ ᠬᠢᠨ 0 — 10 ᠨᠠᠰᠤ ᠬᠦᠷᠲᠡᠯ᠎ᠡ ᠤᠷᠲᠤᠳᠬᠠᠵᠤ᠂ ᠬᠡᠰᠡᠭ ᠭᠠᠵᠠᠷ ᠣᠷᠣᠨ᠎ᠤ ᠠᠪᠤᠷᠠᠨ ᠲᠤᠰᠠᠯᠠᠬᠤ ᠪᠠᠷᠢᠮᠵᠢᠶ᠎ᠠ᠎ᠶᠢ ᠬᠥᠮᠥᠨ ᠳᠤᠮᠳᠠᠴᠢ᠎ᠪᠡᠷ ᠵᠢᠯ᠎ᠳᠤ 2 ᠲᠦᠮᠡᠨ ᠲᠥᠭᠥᠷᠢᠭ ᠬᠦᠷᠳᠡᠯ᠎ᠠ ᠳᠡᠭᠡᠭᠰᠢᠯᠡᠭᠦᠯᠵᠦ᠂ ᠪᠠᠰᠠ ᠬᠠᠷᠠᠭᠠᠯᠵᠠᠨ ᠬᠠᠮᠠᠭᠠᠯᠠᠭ᠍ᠴᠢ᠎ᠳᠦ ᠠᠰᠠᠷᠠᠨ ᠰᠤᠪᠢᠯᠠᠬᠤ ᠨᠥᠬᠥᠪᠦᠷᠢ ᠤᠯᠭᠤᠪᠠ᠃ ᠪᠦᠬᠦ ᠤᠷᠤᠨ᠎ᠤ ᠨᠡᠢᠳᠡ 23237 ᠵᠡᠮᠳᠡᠭ ᠬᠡᠦᠬᠡᠳ ᠦᠨᠳᠦᠰᠦᠨ ᠡᠷᠡᠬᠦᠯᠵᠢᠯ᠎ᠤᠨ ᠠᠪᠤᠷᠠᠨ ᠳᠤᠰᠠᠯᠠᠯᠳᠠ᠎ᠶᠢ ᠬᠦᠷᠳᠡᠪᠡ᠃ ᠵᠡᠮᠳᠡᠭ ᠬᠡᠦᠬᠡᠳ᠎ᠤᠨ ᠬᠡᠷ ᠪᠦᠯᠢ᠎ᠶᠢᠨ ᠳᠠᠷᠤᠭᠠᠰᠤ᠎ᠶᠢ ᠲᠠᠰᠤᠷᠠᠯᠲᠠ ᠦᠭᠡᠢ ᠬᠥᠩᠭᠡᠷᠡᠭᠦᠯᠵᠦ᠂ ᠡᠮ ᠡᠮᠨᠡᠯᠭᠡ᠎ᠶᠢᠨ ᠳᠠᠭᠠᠳᠬᠠᠯ᠎ᠤᠨ ᠲᠣᠭᠠᠴᠠᠭ᠎ᠠ ᠪᠠ ᠡᠷᠡᠭᠦᠯᠵᠢᠯ᠎ᠤᠨ ᠨᠥᠬᠥᠪᠦᠷᠢ᠎ᠶᠢ ᠤᠶᠠᠯᠳᠤᠭᠤᠯᠬᠤ ᠵᠠᠭᠪᠤᠷ᠎ᠤᠨ ᠰᠢᠨ᠎ᠡ᠎ᠶᠢ ᠡᠭᠦᠳᠴᠦ᠂ 0 — 14 ᠪᠦᠬᠦᠯᠢ ᠨᠠᠰᠤᠨ᠎ᠤ ᠳᠠᠭᠠᠳᠬᠠᠯ᠎ᠳᠤ ᠣᠷᠣᠯᠴᠠᠭᠰᠠᠨ ᠵᠡᠮᠳᠡᠭ ᠬᠡᠦᠬᠡᠳ᠎ᠦᠨ ᠡᠮᠨᠡᠯᠭᠡ᠎ᠳᠦ ᠰᠠᠭᠤᠵᠤ ᠡᠷᠡᠭᠦᠯᠵᠢᠭᠦᠯᠬᠦ ᠡᠮᠴᠢᠯᠡᠭᠡ᠎ᠳᠦ《ᠡᠳᠦᠷ᠎ᠢᠶᠡᠷ ᠳᠤᠭᠠᠴᠠᠭ᠎ᠠ ᠬᠢᠬᠦ》ᠵᠢ ᠬᠡᠷᠡᠭᠵᠢᠭᠦᠯᠵᠦ᠂ ᠥᠪᠡᠰᠦᠪᠡᠨ ᠲᠥᠯᠥᠬᠦ ᠬᠠᠷᠢᠴᠠᠯ᠎ᠢ ᠶᠡᠬᠡ᠎ᠪᠡᠷ ᠪᠠᠭᠤᠷᠠᠭᠤᠯᠪᠠ᠃ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠵᠡᠮᠳᠡᠭ ᠬᠡᠦᠬᠡᠳ᠎ᠤᠨ ᠡᠯ᠎ᠡ ᠲᠥᠷᠥᠯ᠎ᠦᠨ ᠴᠡᠭ ᠲᠣᠭᠲᠠᠭᠠᠭᠰᠠᠨ ᠡᠷᠡᠭᠦᠯᠵᠢᠭᠦᠯᠬᠦ ᠪᠠᠢᠭᠤᠯᠤᠮᠵᠢ᠎ᠵᠢ ᠵᠦᠪᠰᠢᠶᠡᠷᠡᠬᠦ ᠪᠠᠷᠢᠮᠵᠢᠶ᠎ᠠ᠎ᠶᠢ ᠲᠣᠳᠣᠷᠬᠠᠢᠯᠠᠨ᠂ 242 ᠴᠡᠭ ᠲᠣᠭᠲᠠᠭᠠᠭᠰᠠᠨ ᠪᠠᠢᠭᠤᠯᠤᠮᠵᠢ103 ᠬᠣᠰᠢᠭᠤ ᠰᠢᠶᠠᠨ (ᠬᠣᠲᠠ᠂ ᠲᠣᠭᠣᠷᠢᠭ᠋)ᠢ᠋ ᠬᠠᠮᠤᠷᠴᠤ᠂ 《ᠡᠮᠴᠢᠯᠡᠭᠡ + ᠡᠷᠡᠭᠦᠯᠵᠢᠯ》᠎ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ᠎ᠶᠢ ᠪᠡᠶᠡᠯᠡᠭᠦᠯᠦᠨ᠂ ᠡᠯ᠎ᠡ ᠲᠥᠷᠥᠯ᠎ᠦᠨ ᠥᠪᠡᠷ᠎ᠦᠨ ᠥᠷᠲᠡᠭ᠎ᠢ ᠠᠷᠪᠢᠯᠠᠬᠤ᠎ᠶᠢᠨ ᠬᠠᠮᠲᠤ ᠡᠷᠡᠭᠦᠯᠵᠢᠯ᠎ᠤᠨ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠵᠡᠮᠳᠡᠭᠴᠤᠳ᠎ᠤᠨ ᠠᠵᠢᠯ ᠮᠡᠷᠬᠡᠵᠢᠯ᠎ᠤᠨ ᠴᠢᠳᠠᠪᠤᠷᠢ᠎ᠶᠢ ᠳᠡᠬᠡᠭᠰᠢᠯᠡᠬᠦᠯᠵᠦ᠂ 59152 ᠵᠡᠮᠳᠡᠭᠴᠦᠳ᠎ᠲᠦ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ ᠬᠦᠷᠳᠡᠬᠡᠵᠦ᠂ 51351 ᠬᠥᠮᠥᠨ᠎ᠳᠦ ᠰᠢᠨ᠎ᠡ᠎ᠪᠠᠷ ᠠᠵᠢᠯ ᠣᠯᠭᠤᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ