ᠰᠤᠷᠪᠤᠯᠵᠢᠯᠠᠭ᠍ᠴᠢ 12 ᠳ᠋ᠤᠭᠠᠷ ᠰᠠᠷ᠎ᠠ᠎ᠶᠢᠨ 11 ᠦ ᠡᠳᠦᠷ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠡᠷ᠂ ᠡᠯ᠎ᠡ ᠠᠢᠮᠠᠭ ᠬᠣᠲᠠ᠎ᠶᠢᠨ ᠲᠠᠨᠢᠯᠴᠠᠭᠤᠯᠤᠨ ᠳᠡᠭᠡᠭᠰᠢ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠥᠪᠳᠡᠯᠴᠡᠨ ᠰᠣᠩᠭᠣᠬᠤ᠂ ᠰᠦᠯᠵᠢᠶᠡᠨ ᠳᠡᠭᠡᠷ᠎ᠡ ᠵᠠᠷᠯᠠᠨ ᠨᠡᠢᠲᠡᠯᠡᠵᠦ ᠰᠠᠨᠠᠯ ᠬᠤᠷᠢᠶᠠᠬᠤ ᠵᠡᠷᠭᠡ ᠠᠷᠭ᠎ᠠ ᠮᠠᠶᠢᠭ᠋᠎ᠢᠶᠠᠷ ᠳᠡᠮᠵᠢᠨ᠂ ᠰᠢᠨ᠎ᠡ᠎ᠪᠡᠷ ᠮᠠᠨᠳᠤᠵᠤ ᠪᠠᠢᠭ᠎ᠠ ᠠᠵᠦ ᠦᠢᠯᠡᠰ᠎ᠦᠨ ᠬᠦᠷᠢᠶᠡᠨ᠎ᠳᠦ ᠨᠢᠭᠡᠨᠲᠡ ᠪᠠᠢᠭ᠎ᠠ ᠠᠵᠤ ᠠᠬᠤᠢᠯᠠᠯ᠎ᠤᠨ ᠨᠡᠷᠡᠰ᠎ᠦᠨ ᠰᠠᠭᠤᠷᠢᠨ ᠳᠡᠭᠡᠷ᠎ᠡ ᠂ ᠮᠠᠨ᠎ᠤ ᠣᠷᠣᠨ᠎ᠤ ᠬᠣᠶᠠᠳᠠᠭᠢ ᠪᠦᠯᠦᠭ᠎ᠦᠨ ᠰᠢᠨ᠎ᠡ ᠪᠡᠷ ᠮᠠᠨᠳᠤᠵᠤ ᠪᠠᠢᠭ᠎ᠠ ᠠᠵᠤ ᠦᠢᠯᠡᠰ᠎ᠦᠨ ᠬᠦᠷᠢᠶᠡᠨ᠎ᠳᠡᠬᠢ ᠠᠵᠤ ᠠᠬᠤᠢᠯᠠᠯ ᠰᠢᠨ᠎ᠡ᠎ᠪᠡᠷ 189 ᠨᠡᠮᠡᠭᠳᠡᠪᠡ᠃
ᠣᠢᠯᠠᠭᠠᠭᠰᠠᠨ᠎ᠢᠶᠠᠷ᠂ ᠲᠣᠰ ᠤᠳᠠᠭᠠᠨ᠎ᠤ ᠰᠢᠨ᠎ᠡ᠎ᠪᠡᠷ ᠨᠡᠮᠡᠭᠳᠡᠭᠰᠡᠨ ᠰᠢᠨ᠎ᠡ᠎ᠪᠡᠷ ᠮᠠᠨᠳᠤᠵᠤ ᠪᠠᠢᠭ᠎ᠠ ᠠᠵᠦ ᠦᠢᠯᠡᠰ᠎ᠦᠨ ᠬᠦᠷᠢᠶᠡᠨ᠎ᠳᠡᠬᠢ ᠠᠵᠤ ᠠᠬᠤᠢᠯᠠᠯ᠎ᠤᠨ ᠨᠡᠷᠡᠰ᠎ᠢ ᠪᠣᠯ ᠤᠯᠤᠰ᠎ᠤᠨ 《ᠠᠵᠤ ᠦᠢᠯᠡᠳᠪᠦᠷᠢ᠎ᠶᠢᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠵᠤ ᠪᠠᠢᠭ᠎ᠠ ᠠᠵᠦ ᠦᠢᠯᠡᠰ᠎ᠦᠨ ᠲᠥᠷᠥᠯ ᠬᠤᠪᠢᠶᠠᠭᠰᠠᠨ ᠭᠠᠷᠴᠠᠭ (2023 ᠣᠨ)》᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠭᠣᠣᠯᠳᠠᠯᠭ᠎ᠠ ᠪᠣᠯᠬᠤ ᠠᠵᠤ ᠦᠢᠯᠡᠰ᠎ᠦᠨ ᠪᠠᠢᠷᠢᠰᠢᠭᠤᠯᠤᠯᠲᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠤᠭᠣᠳᠬᠤ ᠰᠠᠨᠠᠯ》 ᠬᠢᠭᠡᠳ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠡᠷ ᠮᠠᠨᠳᠤᠵᠤ ᠪᠠᠢᠭ᠎ᠠ ᠠᠵᠦ ᠦᠢᠯᠡᠰ᠎ᠦᠨ ᠬᠦᠷᠢᠶᠡᠨ᠎ᠳᠡᠬᠢ ᠠᠵᠤ ᠠᠬᠤᠢᠯᠠᠯ᠎ᠤᠨ ᠬᠥᠭᠵᠢᠯᠲᠡ᠎ᠶᠢᠨ ᠰᠢᠨ᠎ᠡ ᠬᠤᠪᠢᠷᠠᠯᠲᠠ᠎ᠶᠢᠨ ᠲᠣᠭᠣᠷᠢᠨ᠎ᠳᠤ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠣᠷᠣᠨ᠎ᠤ ᠰᠢᠨ᠎ᠡ᠎ᠪᠡᠷ ᠮᠠᠨᠳᠤᠵᠤ ᠪᠠᠢᠭ᠎ᠠ ᠠᠵᠦ ᠦᠢᠯᠡᠰ᠎ᠦᠨ ᠬᠦᠷᠢᠶᠡᠨ᠎ᠦ ᠪᠠᠢᠳᠠᠯ᠎ᠢ ᠤᠯᠠᠮ ᠨᠢᠭᠡ ᠠᠯᠬᠤᠮ ᠣᠢᠯᠠᠭᠠᠵᠤ᠂ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠪᠡᠷ ᠵᠣᠷᠢᠯᠭ᠎ᠠ ᠪᠠᠨ ᠪᠣᠯᠭᠠᠪᠠ᠃ ᠰᠣᠩᠭᠣᠭᠳᠠᠭᠰᠠᠨ ᠠᠵᠤ ᠠᠬᠤᠢᠯᠠᠯ᠎ᠤᠳ᠎ᠢ ᠦᠵᠡᠪᠡᠯ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠢᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠳᠣᠣᠷ᠎ᠠ ᠠᠭᠠᠷ᠎ᠤᠨ ᠠᠵᠤ ᠠᠬᠤᠢ᠂ ᠵᠣᠬᠢᠶᠠᠮᠠᠯ ᠣᠶᠤᠨ᠂ ᠳ᠋ᠢᠭᠢᠲ ᠠᠵᠤ ᠠᠬᠤᠢ ᠵᠡᠷᠭᠡ ᠰᠢᠨ᠎ᠡ᠎ᠪᠡᠷ ᠮᠠᠨᠳᠤᠵᠤ ᠪᠠᠢᠭ᠎ᠠ ᠠᠵᠦ ᠦᠢᠯᠡᠰ᠎ᠦᠨ ᠬᠦᠷᠢᠶᠡᠨ᠎ᠳᠦ ᠬᠣᠯᠪᠣᠭᠳᠠᠨ᠎ᠠ ᠃
ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ᠎ᠪᠠᠷ ᠤᠳᠤᠷᠢᠳᠤᠮᠵᠢ ᠪᠣᠯᠭᠠᠵᠤ᠂ ᠰᠢᠨ᠎ᠡ᠎ᠪᠡᠷ ᠮᠠᠨᠳᠤᠵᠦ ᠪᠠᠢᠭ᠎ᠠ ᠠᠵᠤ ᠦᠢᠯᠡᠰ ᠪᠠ ᠢᠷᠡᠭᠡᠳᠦᠢ᠎ᠶᠢᠨ ᠠᠵᠤ ᠦᠢᠯᠡᠰ᠎ᠢ ᠦᠷᠭᠦᠯᠵᠢᠯᠡᠨ ᠰᠢᠯᠢᠳᠡᠭᠵᠢᠭᠦᠯᠦᠨ ᠪᠤᠵᠠᠭᠠᠢᠷᠠᠭᠤᠯᠵᠤ᠂ ᠠᠵᠤ ᠦᠢᠯᠡᠰ᠎ᠢ 《ᠰᠢᠨ᠎ᠡ》 ᠪᠥᠭᠡᠳ 《ᠨᠣᠭᠣᠭᠠᠨ》 ᠲᠡᠢᠰᠢ᠂ ᠴᠢᠨᠠᠷ ᠰᠠᠢᠲᠠᠢ ᠬᠥᠭᠵᠢᠭᠦᠯᠬᠦ᠎ᠪᠡᠷ ᠬᠥᠲᠥᠯᠥᠨ ᠳᠠᠭᠠᠭᠤᠯᠵᠤ᠂ ᠥᠪᠥᠷ ᠮᠣᠩᠭᠣᠯ᠎ᠤᠨ ᠣᠨᠴᠠᠯᠢᠭ᠋᠎ᠲᠠᠢ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠲᠦᠷᠭᠡᠨ ᠪᠠᠢᠭᠤᠯᠵᠤ᠂ ᠪᠦᠬᠦ ᠣᠷᠣᠨ᠎ᠤ ᠠᠵᠤ ᠠᠬᠤᠢ᠎ᠶᠢᠨ ᠦᠷᠭᠦᠯᠵᠢᠯᠡᠨ ᠰᠠᠢᠵᠢᠷᠠᠨ ᠬᠥᠭᠵᠢᠬᠦ᠎ᠶᠢ ᠠᠬᠢᠭᠤᠯᠬᠤ᠎ᠳᠤ ᠤᠳᠠᠭᠠᠨ ᠳᠠᠭᠠᠭᠠᠮᠠᠭᠠᠢ ᠬᠥᠳᠡᠯᠭᠡᠭᠴᠢ ᠡᠨᠧᠷᠭᠢ᠎ᠶᠢ ᠨᠡᠮᠡᠷᠢᠯᠡᠨ᠎ᠡ᠃