12 ᠳ᠋ᠤᠭᠠᠷ ᠰᠠᠷ᠎ᠠ᠎ᠶᠢᠨ 17᠎ᠤ ᠣᠷᠣᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠵᠣᠬᠢᠶᠠᠯ ᠤᠷᠠᠯᠢᠭ᠋᠎ᠤᠨ ᠬᠢᠨ᠎ᠦ ᠬᠣᠯᠪᠣᠭ᠎ᠠ᠎ᠠᠴᠠ ᠭᠣᠣᠯᠴᠢᠯᠠᠨ ᠡᠷᠭᠢᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠥᠵᠢᠭ᠎ᠦᠨ ᠪᠦᠲᠦᠭᠡᠯ᠎ᠦᠨ ᠲᠣᠭᠯᠠᠯᠲᠠ》 ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠳᠠᠭᠤᠤ ᠬᠥᠭᠵᠢᠮ᠎ᠦᠨ ᠲᠢᠩᠬᠢᠮ᠎ᠳᠦ ᠶᠠᠪᠤᠭᠳᠠᠪᠠ᠃ ᠡᠨᠡ ᠬᠦ᠌ ᠤᠳᠠᠭᠠᠨ᠎ᠤ ᠲᠣᠭᠯᠠᠯᠲᠠ᠎ᠳᠤ ᠣᠢᠷ᠎ᠠ᠎ᠶᠢᠨ ᠵᠢᠯᠦᠳᠲᠡᠬᠢ ᠮᠠᠨ᠎ᠤ ᠣᠷᠣᠨ᠎ᠤ ᠪᠥᠵᠢᠭ᠎ᠦᠨ ᠤᠷᠠᠯᠢᠭ᠋᠎ᠤᠨ ᠬᠢᠨ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ ᠣᠯᠣᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ᠎ᠤᠳ᠎ᠢ ᠲᠥᠪᠯᠡᠷᠡᠭᠦᠯᠦᠨ ᠦᠵᠡᠭᠦᠯᠪᠡ᠃
ᠲᠣᠭᠯᠠᠯᠲᠠ ᠨᠢ ᠪᠠᠶᠠᠰᠬᠤᠯᠠᠩ ᠲᠠᠢ ᠰᠠᠢᠬᠠᠨ 《ᠵᠢᠷᠭᠠᠯᠲᠤ ᠠᠮᠢᠳᠤᠷᠠᠯ᠎ᠢᠶᠠᠨ ᠪᠠᠬᠠᠳᠤᠨ ᠳᠠᠭᠤᠯᠠᠶ᠎ᠠ》 ᠭᠡᠬᠦ ᠪᠥᠵᠢᠭ᠎ᠦᠨ ᠳᠤᠮᠳᠠ ᠬᠥᠰᠢᠭᠡ᠎ᠪᠡᠨ ᠰᠡᠬᠦᠵᠡᠢ᠂ ᠡᠵᠡᠨ ᠬᠣᠷᠣᠭ᠎ᠠ ᠬᠣᠰᠢᠭᠤᠨ᠎ᠤ ᠤᠯᠠᠭᠠᠨᠮᠥ᠋ᠴᠢᠷ᠎ᠦᠨ ᠬᠢᠨ ᠠᠮᠢᠳᠤ ᠴᠣᠪᠣᠭᠣᠯᠢᠭ᠋ ᠪᠥᠵᠢᠭ᠎ᠦᠨ ᠠᠯᠬᠤᠭ᠎ᠠ᠎ᠪᠠᠷ᠎ᠢᠶᠡᠨ ᠮᠠᠯᠴᠢᠨ ᠪᠠ ᠮᠣᠷᠢᠨ᠎ᠤ ᠬᠣᠭᠣᠷᠣᠨᠳᠤᠬᠢ ᠭᠦᠨ ᠵᠤᠵᠠᠭᠠᠨ ᠬᠠᠢᠷ᠎ᠠ ᠰᠡᠳᠬᠢᠯᠭᠡ ᠵᠢᠴᠢ ᠲᠠᠯ᠎ᠠ ᠨᠤᠲᠤᠭ᠎ᠤᠨ ᠠᠮᠢᠳᠤᠷᠠᠯ᠎ᠤᠨ ᠡᠶ᠎ᠡ ᠵᠣᠬᠢᠴᠠᠩᠭᠤᠢ ᠪᠠᠢᠳᠠᠯ᠎ᠢ ᠤᠷᠠᠯᠢᠭ᠍ᠵᠢᠭᠤᠯᠤᠨ ᠢᠯᠡᠳᠬᠡᠵᠡᠢ᠃ ᠳᠠᠷᠠᠭ᠎ᠠ᠎ᠪᠠᠷ ᠨᠢ᠂ 《ᠤᠳᠠ ᠮᠣᠳᠣᠨ᠎ᠤ ᠨᠠᠮᠢᠷᠠᠭᠠᠨ》 ᠭᠡᠬᠦ ᠪᠥᠵᠢᠭ ᠨᠢ ᠬᠥᠳᠡᠭᠡ ᠨᠤᠲᠤᠭ᠎ᠤᠨ ᠬᠠᠢᠷ᠎ᠠ ᠰᠡᠳᠬᠢᠯᠭᠡ᠎ᠪᠠᠨ ᠰᠢᠯᠦᠭᠯᠢᠭ᠎ᠢᠶᠠᠷ ᠳᠡᠯᠭᠡᠨ᠂ 《ᠵᠠᠯᠠᠭᠤ ᠨᠠᠰᠤᠨ᠎ᠤ ᠳᠠᠭᠤᠯᠠᠯ》 ᠨᠢ ᠴᠤᠭ ᠵᠣᠯᠢ ᠪᠠᠳᠠᠷᠠᠭᠠᠨ᠂ 《ᠬᠥᠯᠥᠭ᠎ᠦᠨ ᠨᠢᠷᠤᠭᠤᠨ ᠳᠡᠭᠡᠷᠡᠬᠢ ᠮᠣᠷᠢᠲᠠᠨ ᠵᠠᠶᠠᠭ᠎ᠠ》᠎ᠨᠢ ᠬᠥᠮᠥᠨ ᠬᠢᠭᠡᠳ ᠬᠥᠯᠥᠭ ᠬᠣᠶᠠᠷ᠎ᠤᠨ ᠭᠦᠨ ᠰᠡᠳᠬᠢᠯᠭᠡ᠎ᠶᠢᠨ ᠨᠠᠢᠷᠠᠯᠢ ᠢᠯᠡᠷᠡᠭᠦᠯᠵᠡᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬ᠍ᠸ᠎ᠠ ᠱᠠᠩᠨᠠᠯ》᠎ᠤᠨ ᠣᠲᠣ᠌ ᠦᠶ᠎ᠡ᠎ᠶᠢᠨ ᠪᠥᠵᠢᠭ᠎ᠦᠨ ᠱᠠᠩᠨᠠᠯ ᠭᠥᠷᠳᠡᠭᠰᠡᠨ 《ᠰᠡᠬᠡᠭᠡᠷᠡᠯᠲᠡ》 ᠨᠢ ᠪᠥᠬᠥ ᠲᠠᠯᠠᠪᠡᠢ᠎ᠶᠢᠨ ᠲᠣᠭᠯᠠᠯᠲᠠ᠎ᠶᠢ ᠣᠷᠭᠢᠯ᠎ᠳᠦ ᠨᠢ ᠬᠦᠷᠭᠡᠵᠡᠢ᠂ ᠤᠷᠠᠨ ᠪᠦᠲᠦᠭᠡᠯ ᠨᠢ ᠬᠦᠴᠦᠨ ᠲᠡᠭᠦᠯᠳᠡᠷ ᠪᠡᠶ᠎ᠡ᠎ᠶᠢᠨ ᠬᠥᠳᠡᠯᠦᠯ ᠪᠠ ᠭᠦᠨ ᠭᠦᠨᠵᠡᠭᠡᠢ ᠵᠣᠷᠢᠭ ᠰᠠᠨᠠᠭᠠᠨ᠎ᠤ ᠢᠯᠡᠷᠡᠯ᠎ᠢᠶᠡᠷ ᠲᠠᠯᠠᠪᠠᠢ ᠳᠠᠶᠠᠭᠠᠷ᠎ᠤᠨ ᠦᠵᠡᠭᠴᠢᠳ᠎ᠲᠦ ᠲᠠᠭᠠᠰᠢᠶᠠᠭᠳᠠᠵᠤ ᠬᠠᠯᠠᠭᠤᠨ᠎ᠢᠶᠠᠷ ᠠᠯᠠᠭ᠎ᠠ ᠲᠠᠰᠢᠵᠠᠭᠠᠵᠤ ᠪᠠᠢᠪᠠ᠃
ᠣᠢᠯᠠᠭᠠᠭᠰᠠᠨ᠎ᠢᠶᠠᠷ᠂ 2017 ᠣᠨ᠎ᠠᠴᠠ 2025 ᠣᠨ ᠪᠣᠯᠲᠠᠯ᠎ᠠ᠂ ᠥᠪᠥᠷ ᠮᠣᠩᠭᠣᠯ ᠨᠢ ᠳᠤᠮᠳᠠᠳᠤ ᠤᠯᠤᠰ᠎ᠤᠨ ᠪᠥᠵᠢᠭ᠎ᠦᠨ 《ᠯᠢᠩᠬ᠍ᠸ᠎ᠠ ᠱᠠᠩᠨᠠᠯ》᠎ᠤᠨ ᠰᠢᠷᠢᠰ ᠲᠣᠮᠣ᠌ ᠱᠠᠩᠨᠠᠯ᠎ᠢ ᠲᠠᠪᠤ ᠤᠳᠠᠭ᠎ᠠ ᠳᠠᠷᠠᠭᠠᠯᠠᠨ ᠭᠠᠷᠳᠠᠪᠠ᠃ ᠡᠨᠡ ᠵᠢᠯ᠂ ᠪᠥᠵᠢᠭ 《ᠰᠡᠬᠡᠭᠡᠷᠡᠯᠲᠡ》 ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠦᠨ 《ᠯᠢᠩᠬ᠍ᠸ᠎ᠠ ᠱᠠᠩᠨᠠᠯ》᠎ᠤᠨ ᠣᠲᠣ᠌ ᠦᠶ᠎ᠡ᠎ᠶᠢᠨ ᠪᠥᠵᠢᠭ᠎ᠦᠨ ᠱᠠᠩᠨᠠᠯ᠎ᠢ ᠭᠥᠷᠳᠡᠵᠦ᠂ ᠮᠠᠨ᠎ᠤ ᠣᠷᠣᠨ ᠣᠲᠣ᠌ ᠦᠶ᠎ᠡ᠎ᠶᠢᠨ ᠪᠥᠵᠢᠭ᠎ᠦᠨ ᠯᠢᠩᠬ᠍ᠸ᠎ᠠ ᠱᠠᠩᠨᠠᠯ ᠭᠠᠷᠳᠠᠵᠤ ᠥᠩᠭᠡᠷᠡᠭᠰᠡᠨ ᠦᠭᠡᠢ ᠪᠠᠢᠭ᠍ᠰᠠᠨ᠎ᠡᠴᠡ ᠡᠨᠡ ᠬᠦ᠌ ᠱᠠᠩᠨᠠᠯ᠎ᠢ ᠭᠠᠷᠳᠠᠵᠤ ᠰᠢᠨ᠎ᠡ ᠲᠡᠮᠳᠡᠭᠯᠡᠯ ᠡᠭᠦᠳᠴᠡᠢ; ᠪᠥᠵᠢᠭ 《ᠲᠡᠮᠦᠷ ᠬᠡᠦᠬᠡᠨ》 ᠨᠢ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬ᠍ᠸ᠎ᠠ ᠱᠠᠩᠨᠠᠯ》᠎ᠤᠨ ᠦᠨᠳᠦᠰᠦᠲᠡᠨ᠎ᠦ ᠠᠷᠠᠳ᠎ᠤᠨ ᠪᠥᠵᠢᠭ᠎ᠦᠨ ᠱᠠᠩᠨᠠᠯ ᠪᠠ ᠬᠠᠮᠲᠤ᠎ᠶᠢᠨ ᠪᠥᠵᠢᠭ 《ᠬᠡᠷᠡᠯ ᠭᠢᠯᠪᠠᠭᠠᠳᠤ ᠠᠯᠬᠤᠨ ᠣᠷᠣᠨᠠᠮ》 ᠨᠢ ᠠᠷᠪᠠᠨ ᠨᠠᠢ᠍ᠮᠠᠳᠤᠭᠠᠷ ᠬᠤᠭᠤᠴᠠᠭᠠᠨ᠎ᠤ ᠸᠸᠨ ᠬᠤᠸᠠ ᠲᠣᠭᠯᠠᠯᠲᠠ᠎ᠶᠢᠨ ᠱᠠᠩᠨᠠᠯ᠎ᠢ ᠭᠠᠷᠳᠠᠪᠠ᠃