ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ᠎ᠤᠨ ᠠᠵᠤ ᠠᠬᠤᠢ ᠠᠷᠠᠯᠵᠢᠶᠠᠨ᠎ᠤ ᠬᠡᠯᠡᠯᠴᠡᠭᠡ ᠬᠢᠬᠦ ᠠᠵᠢᠯᠯᠠᠭ᠎ᠠ ᠭᠤᠸᠠᠩᠵᠧᠦ᠎ᠳᠤ ᠶᠠᠪᠤᠭᠳᠠᠪᠠ  ᠥᠪᠥᠷ ᠮᠣᠩᠭᠣᠯ ᠭᠤᠸᠠᠩᠳᠦ᠋ᠩ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ ᠨᠡᠭᠡᠭᠡᠯᠲᠡ᠎ᠶᠢᠨ ᠰᠢᠨ᠎ᠡ ᠪᠠᠢᠳᠠᠯ᠎ᠢ ᠬᠠᠮᠲᠤ᠎ᠪᠠᠷ ᠦᠷᠭᠡᠳᠭᠡᠪᠡ
ᠨᠡᠶ᠋ᠢᠲᠡᠯᠡᠭᠰᠡᠨ ᠴᠠᠭ᠄ 2025-12-18

ᠲᠣᠰ ᠤᠳᠠᠭᠠᠨ᠎ᠤ ᠠᠵᠤ ᠠᠬᠤᠢ ᠠᠷᠠᠯᠵᠢᠶᠠᠨ᠎ᠤ ᠬᠡᠯᠡᠯᠴᠡᠭᠡ ᠬᠢᠬᠦ ᠠᠵᠢᠯᠯᠠᠭ᠎ᠠ᠎ᠶᠢ ᠳᠤᠮᠳᠠᠳᠤ ᠤᠯᠤᠰ᠎ᠤᠨ ᠣᠯᠠᠨ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠵᠥᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠧᠨᠵᠧᠨ᠎ᠳᠦ ᠰᠠᠭᠤᠭ᠎ᠠ ᠬᠡᠷᠡᠭ ᠡᠷᠭᠢᠯᠡᠭᠦ ᠭᠠᠵᠠᠷ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠣᠯᠠᠨ ᠤᠯᠤᠰ᠎ᠤᠨ ᠬᠤᠳᠠᠯᠳᠤᠭᠠᠴᠢᠳ᠎ᠤᠨ ᠡᠪᠯᠡᠯ ᠳᠠᠭᠠᠭᠠᠴᠢᠯᠠᠨ ᠡᠷᠬᠢᠯᠡᠵᠡᠢ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠤᠳᠤ ᠦᠶ᠎ᠡ᠎ᠶᠢᠨ ᠲᠣᠨᠣᠭ ᠲᠥᠬᠥᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ  ᠮᠡᠲᠸᠷᠢᠶᠠᠯ᠂ ᠮᠠᠯ ᠲᠠᠷᠢᠶᠠᠯᠠᠩ᠎ᠤᠨ ᠨᠣᠭᠣᠭᠠᠨ ᠭᠠᠷᠤᠯᠲᠠ᠎ᠶᠢ ᠡᠳ᠋ᠰᠢᠭᠦᠯᠬᠦ᠂ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ᠂ ᠳ᠋ᠢᠭᠢᠲ ᠠᠵᠤ ᠠᠬᠤᠢ ᠵᠡᠷᠭᠡ ᠠᠵᠤ ᠦᠢᠯᠡᠰ᠎ᠦᠨ ᠪᠦᠯᠦᠭᠵᠢᠯ᠎ᠦᠨ 20 ᠭᠠᠷᠤᠢ ᠠᠵᠤ ᠠᠬᠤᠢᠯᠠᠯ ᠨᠢ ᠪᠦᠬᠦ ᠪᠥᠮᠪᠥᠷᠴᠡᠭ᠎ᠦᠨ 200 ᠭᠠᠷᠤᠢ ᠠᠵᠢᠯ ᠲᠦᠷᠦᠯ᠎ᠦᠨ ᠲᠤᠰᠬᠠᠢ ᠮᠡᠷᠭᠡᠵᠢᠯᠲᠡᠳ᠂ ᠬᠤᠳᠠᠯᠳᠤᠭᠠᠨ᠎ᠤ ᠨᠡᠢᠭᠡᠮᠯᠢᠭ᠎ᠦᠨ ᠤᠳᠤᠷᠢᠳᠤᠭ᠍ᠴᠢ ᠨᠠᠷ᠂ ᠠᠷᠠᠯᠵᠢᠶ᠎ᠠ᠎ᠶᠢ ᠠᠬᠢᠭᠤᠯᠬᠤ ᠪᠠᠢᠭᠤᠯᠤᠮᠵᠢ᠎ᠶᠢᠨ ᠲᠥᠯᠥᠭᠡᠯᠡᠭᠴᠢᠳ ᠵᠢᠴᠢ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠣᠣᠷᠠᠳᠤ ᠬᠡᠯᠬᠢᠶᠡᠨ᠎ᠦ ᠠᠵᠤ ᠠᠬᠤᠢᠯᠠᠯ᠎ᠦᠳ᠎ᠤᠨ ᠲᠥᠯᠥᠭᠡᠯᠡᠭᠴᠢᠳ᠎ᠲᠠᠢ ᠨᠢᠭᠡ ᠲᠠᠩᠬᠢᠮ᠎ᠳᠤ ᠴᠤᠭᠯᠠᠷᠠᠨ᠂ 《ᠥᠪᠥᠷ ᠮᠣᠩᠭᠣᠯ ᠭᠤᠸᠠᠩᠳᠦ᠋ᠩ᠎ᠦᠨ ᠠᠵᠤ ᠦᠢᠯᠡᠰ᠎ᠦᠨ ᠬᠠᠮᠵᠢᠯᠴᠠᠭ᠎ᠠ᠎ᠶᠢ ᠭᠦᠨᠵᠡᠭᠡᠢᠷᠡᠭᠦᠯᠬᠦ᠂ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠬᠤ᠂ ᠭᠠᠳᠠᠭᠠᠳᠤ᠎ᠳᠠᠬᠢ ᠵᠠᠬ᠎ᠠ ᠳᠡᠯᠭᠡᠭᠦᠷ᠎ᠦᠨ ᠰᠢᠨ᠎ᠡ ᠣᠷᠣᠨ ᠵᠠᠢ᠎ᠶᠢ ᠥᠷᠭᠡᠳᠬᠡᠬᠦ》 3 ᠶᠡᠬᠡ ᠵᠥᠪᠯᠡᠬᠦ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠠᠭᠠᠪᠠ᠃

ᠣᠢᠯᠠᠭᠠᠭᠰᠠᠨ᠎ᠢᠶᠠᠷ᠂ ᠡᠨᠡ ᠬᠦ᠌ ᠠᠵᠢᠯᠯᠠᠭ᠎ᠠ᠎ᠶᠢᠨ ᠵᠣᠷᠢᠯᠭ᠎ᠠ ᠨᠢ ᠣᠷᠣᠨ ᠪᠦᠰᠡ ᠠᠯᠤᠰᠯᠠᠭᠰᠠᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠥᠷ ᠮᠣᠩᠭᠣᠯ ᠬᠢᠭᠡᠳ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ ᠵᠢᠴᠢ ᠭᠠᠳᠠᠭᠠᠳᠤ ᠤᠯᠤᠰ᠎ᠤᠳ᠎ᠤᠨ ᠠᠵᠤ ᠦᠢᠯᠡᠰ᠎ᠦᠨ ᠬᠠᠮᠵᠢᠯᠴᠠᠭ᠎ᠠ᠂ ᠡᠬᠢ ᠪᠠᠶᠠᠯᠢᠭ᠋᠎ᠢ ᠡᠮᠬᠢᠯᠡᠨ ᠨᠡᠢᠳᠭᠡᠬᠦ᠂ ᠵᠠᠬ᠎ᠠ ᠳᠡᠯᠭᠡᠭᠦᠷ᠎ᠢ ᠥᠷᠭᠡᠳᠬᠡᠬᠦ ᠬᠦᠷᠢᠶᠡᠨ᠎ᠳᠡᠬᠢ ᠭᠦᠨᠵᠡᠭᠡᠢ ᠵᠣᠯᠭᠠᠯᠴᠠᠭ᠎ᠠ᠎ᠪᠠᠨ ᠠᠬᠢᠭᠤᠯᠵᠤ᠂ ᠠᠵᠤ ᠦᠢᠯᠡᠰ᠎ᠦᠨ ᠬᠡᠯᠬᠢᠶᠡᠨ᠎ᠦ ᠳᠡᠭᠡᠳᠦ ᠳᠣᠣᠷᠠᠳᠤ ᠬᠡᠯᠬᠢᠶᠡᠨ᠎ᠦ ᠠᠵᠤ ᠠᠬᠤᠢᠯᠠᠯ᠎ᠤᠳ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠷᠢᠯᠴᠠᠨ ᠠᠰᠢᠭ᠋ ᠣᠯᠭᠣᠵᠤ ᠬᠠᠮᠲᠤ᠎ᠪᠠᠷ ᠠᠰᠢᠭ᠋ ᠭᠥᠷᠳᠡᠬᠦ᠎ᠶᠢ ᠠᠬᠢᠭᠤᠯᠤᠨ᠂ ᠣᠷᠣᠨ ᠪᠦᠰᠡ᠎ᠶᠢᠨ ᠨᠡᠭᠡᠭᠡᠯᠲᠡ ᠬᠢᠬᠦ ᠴᠢᠳᠠᠮᠵᠢ᠎ᠶᠢ ᠳᠡᠭᠡᠭᠰᠢᠯᠡᠭᠦᠯᠬᠦ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠲᠠᠨ ᠴᠢᠨᠠᠷ᠎ᠢ ᠴᠢᠩᠭᠠᠳᠬᠠᠬᠤ᠎ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ᠎ᠶᠢᠨ ᠲᠥᠯᠥᠭᠡ ᠶᠤᠮ ᠄ 

ᠠᠵᠤ ᠦᠢᠯᠡᠰ᠎ᠦᠨ ᠲᠠᠯ᠎ᠠ᠎ᠪᠠᠷ᠂ 《ᠥᠪᠥᠷ ᠮᠣᠩᠭᠣᠯ᠎ᠤᠨ ᠬᠤᠳᠠᠯᠳᠤᠭ᠎ᠠ᠎ᠶᠢ ᠬᠡᠯᠬᠢᠶᠡᠨ᠎ᠳᠦ ᠣᠷᠣᠭᠤᠯᠵᠤ᠂ ᠥᠪᠥᠷ ᠮᠣᠩᠭᠣᠯ᠎ᠤᠨ ᠪᠦᠲᠦᠭᠡᠭᠳᠡᠬᠦᠨ᠎ᠢ ᠭᠠᠳᠠᠭᠠᠳᠤ᠎ᠳᠤ ᠭᠠᠷᠭᠠᠬᠤ》᠎ᠶᠢ ᠠᠬᠢᠭᠤᠯᠤᠨ᠎ᠠ᠃ ᠥᠪᠥᠷ ᠮᠣᠩᠭᠣᠯ᠎ᠤᠨ ᠴᠢᠨᠠᠷ ᠰᠠᠢᠲᠠᠢ ᠮᠠᠯ ᠲᠠᠷᠢᠶᠠᠯᠠᠩ᠎ᠤᠨ ᠨᠣᠭᠣᠭᠠᠨ ᠭᠠᠷᠤᠯᠲᠠ᠂ ᠴᠡᠪᠡᠷ ᠡᠨᠧᠷᠭᠢ᠎ᠶᠢ ᠶᠡᠬᠡ ᠪᠤᠯᠤᠩ᠎ᠤᠨ ᠣᠷᠣᠨ᠎ᠤ ᠵᠠᠬ᠎ᠠ ᠳᠡᠯᠭᠡᠭᠦᠷ᠎ᠲᠦ ᠣᠷᠣᠭᠤᠯᠬᠤ᠎ᠪᠠᠷ ᠪᠠᠷᠠᠬᠤ ᠦᠭᠡᠢ᠂ ᠨᠡᠩ ᠴᠤ᠌ ᠶᠡᠬᠡ ᠪᠤᠯᠤᠩ᠎ᠤᠨ ᠣᠷᠣᠨ᠎ᠤ ᠲᠡᠷᠢᠭᠦᠨ᠎ᠦ ᠮᠡᠷᠭᠡᠵᠢᠯ᠂ ᠬᠠᠮᠢᠶᠠᠷᠤᠯᠲᠠ᠎ᠶᠢᠨ ᠲᠤᠷᠰᠢᠯᠭ᠎ᠠ ᠪᠠ ᠤᠯᠠᠨ ᠤᠯᠤᠰ᠎ᠤᠨ ᠲᠣᠣᠷ ᠰᠦᠯᠵᠢᠶ᠎ᠡ᠎ᠶᠢ ᠣᠷᠣᠭᠤᠯᠤᠨ ᠠᠪᠴᠢᠷᠠᠵᠤ᠂ ᠥᠪᠥᠷ ᠮᠣᠩᠭᠣᠯ᠎ᠤᠨ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠳ᠋ᠢᠭᠢᠲ ᠠᠵᠤ ᠠᠬᠤᠢ ᠵᠡᠷᠭᠡ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠦᠨ ᠬᠡᠯᠬᠢᠶ᠎ᠡ᠎ᠶᠢ ᠬᠠᠮᠲᠤ᠎ᠪᠠᠷ ᠪᠣᠢᠵᠢᠭᠤᠯᠬᠤ᠎ᠳᠤ ᠡᠨ᠋ᠸᠷᠭᠢ ᠨᠡᠮᠡᠷᠢᠯᠡᠨ᠎ᠡ᠃ 

ᠨᠡᠭᠡᠭᠡᠯᠲᠡ ᠬᠢᠬᠦ ᠲᠠᠯ᠎ᠠ᠎ᠪᠠᠷ᠂ 《ᠳᠣᠲᠣᠭᠠᠳᠤ᠎ᠶᠢᠨ ᠪᠠ ᠭᠠᠳᠠᠭᠠᠳᠤ ᠡᠷᠭᠢᠯᠲᠡ᠎ᠶᠢᠨ ᠬᠣᠯᠪᠤᠭᠠᠯᠠᠨ ᠬᠦᠳᠡᠯᠦᠯᠴᠡᠭᠰᠡᠨ》 ᠬᠣᠣᠰ ᠡᠷᠭᠢᠯᠲᠡ᠎ᠶᠢᠨ ᠬᠦᠢᠰᠦ᠎ᠶᠢ ᠪᠠᠢᠭᠤᠯᠤᠨ᠎ᠠ᠃ ᠥᠪᠥᠷ ᠮᠣᠩᠭᠣᠯ 《ᠤᠮᠠᠷᠠᠰᠢ ᠨᠡᠭᠡᠭᠡᠯᠲᠡ ᠬᠢᠬᠦ》 ᠪᠡᠬᠢᠯᠡᠯᠲᠡ ᠪᠣᠯᠬᠤ᠎ᠪᠠᠷ ᠪᠠᠷᠠᠬᠤ ᠦᠭᠡᠢ᠂ ᠤᠯᠤᠰ᠎ᠤᠨ ᠳᠣᠲᠣᠭᠠᠳᠤ᠎ᠶᠢᠨ ᠪᠠ ᠣᠯᠠᠨ ᠤᠯᠤᠰ ᠯᠤᠭ᠎ᠠ᠎ᠶᠢᠨ ᠬᠣᠣᠰ ᠡᠷᠭᠢᠯᠲᠡ᠎ᠶᠢ ᠬᠣᠯᠪᠣᠭᠰᠠᠨ ᠪᠠᠢᠯᠳᠤᠬᠤ ᠪᠣᠳᠣᠯᠭ᠎ᠠ᠎ᠶᠢᠨ ᠲᠤᠯᠬᠤ ᠴᠡᠭ ᠪᠣᠯᠬᠤ᠎ᠪᠠᠷ ᠴᠢᠷᠮᠠᠢᠵᠤ ᠪᠠᠢᠨ᠎ᠠ᠃ ᠶᠡᠬᠡ ᠪᠤᠯᠤᠩ᠎ᠤᠨ ᠣᠷᠣᠨ ᠯᠤᠭ᠎ᠠ᠎ᠶᠢᠨ ᠬᠠᠮᠲᠤᠷᠠᠯᠴᠠᠭ᠎ᠠ᠎ᠶᠢᠨ ᠲᠠᠯ᠎ᠠ᠎ᠳᠤ᠂ 《ᠭᠤᠸᠠᠩᠵᠧᠦ ᠱᠧᠨᠵᠧᠨ ᠰᠢᠶᠠᠩᠭᠠᠩ ᠣᠣᠮᠧᠨ》᠎ᠤ ᠣᠯᠠᠨ ᠤᠯᠤᠰ᠎ᠤᠨ ᠠᠷᠠᠯᠵᠢᠶ᠎ᠠ ᠬᠤᠳᠠᠯᠳᠤᠭᠠᠨ᠎ᠤ ᠠᠷᠭ᠎ᠠ ᠵᠠᠮ᠎ᠢ ᠥᠪᠥᠷ ᠮᠣᠩᠭᠣᠯ᠎ᠤᠨ ᠣᠷᠣᠰ ᠮᠣᠩᠭᠣᠯ᠂ ᠡᠸᠦ᠋ᠷᠦᠫᠡ ᠲᠢᠪ᠎ᠲᠦ ᠬᠠᠨᠳᠤᠭᠤᠯᠤᠭᠰᠠᠨ ᠬᠠᠭᠤᠷᠠᠢ ᠵᠠᠮ᠎ᠤᠨ ᠳᠠᠪᠠᠭᠤᠯᠢᠭ᠋ ᠯᠤᠭ᠎ᠠ᠎ᠪᠠᠨ ᠤᠶᠠᠯᠳᠤᠭᠤᠯᠵᠤ᠂ ᠠᠵᠤ ᠠᠬᠤᠢᠯᠠᠯ᠎ᠤᠳ᠎ᠲᠤ ᠨᠠᠩ ᠥᠷᠭᠡᠨ ᠠᠭᠤᠳᠠᠮ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠵᠦ ᠥᠭᠬᠦ᠎ᠳᠦ ᠨᠢ ᠲᠤᠰᠠ ᠳᠡᠮᠵᠢᠯᠭᠡ ᠪᠣᠯᠵᠤ ᠴᠢᠳᠠᠨ᠎ᠠ᠃

ᠣᠷᠴᠢᠨ ᠨᠥᠭᠦᠴᠡᠯ᠎ᠦᠨ ᠲᠠᠯ᠎ᠠ᠎ᠪᠠᠷ᠂ ᠥᠪᠥᠷ ᠮᠣᠩᠭᠣᠯ᠎ᠤᠨ ᠡᠵᠡᠩᠨᠡᠨ ᠬᠤᠳᠠᠯᠳᠤᠭᠠᠯᠠᠬᠤ ᠰᠠᠢᠨ ᠰᠠᠢᠬᠠᠨ ᠣᠷᠴᠢᠨ ᠨᠥᠭᠦᠴᠡᠯ᠎ᠢ ᠳᠡᠯᠭᠡᠨ ᠦᠵᠡᠭᠦᠯᠬᠦ ᠪᠥᠭᠡᠳ ᠰᠢᠯᠢᠳᠡᠭᠵᠢᠭᠦᠯᠦᠨ᠎ᠡ᠃ ᠬᠤᠸᠠᠨᠠᠨ ᠣᠷᠣᠨ᠎ᠤ ᠠᠮᠧᠷᠢᠺᠠ᠎ᠶᠢᠨ ᠬᠤᠳᠠᠯᠳᠤᠭᠠᠴᠢᠳ᠎ᠤᠨ ᠡᠪᠯᠡᠯ᠂ ᠳᠤᠮᠳᠠᠳᠤ ᠤᠯᠤᠰ᠎ᠲᠤ ᠰᠠᠭᠤᠭ᠎ᠠ ᠡᠯ᠎ᠡ ᠤᠯᠤᠰ᠎ᠤᠨ ᠺᠣᠨᠰᠦ᠋ᠯ ᠵᠢᠴᠢ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠳ ᠯᠤᠭ᠎ᠠ ᠰᠢᠭᠤᠳ ᠶᠠᠷᠢᠯᠴᠠᠬᠤ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠭᠠᠳᠠᠭᠠᠳᠤ ᠪᠡᠯᠡ᠎ᠳᠤ ᠳᠦᠬᠦᠮᠯᠡᠬᠦ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢ ᠦᠷᠭᠦᠯᠵᠢᠯᠡᠨ ᠨᠡᠮᠡᠭᠳᠡᠭᠦᠯᠬᠦ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠬᠦ ᠡᠷᠡᠰ ᠵᠣᠷᠢᠭ᠋ ᠲᠠᠢ ᠪᠠᠢᠬᠤ᠎ᠪᠠᠨ ᠳᠠᠮᠵᠢᠭᠤᠯᠵᠤ ᠢᠯᠡᠳᠬᠡᠪᠡ᠃

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ