ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠷᠭᠡᠵᠢᠯ᠎ᠦᠨ ᠢᠨᠵᠧᠨᠧᠷᠢᠩᠵᠢᠭᠦᠯᠬᠦ ᠲᠥᠪ ᠫᠠᠢᠰᠠ ᠰᠡᠬᠦᠪᠡ
ᠨᠡᠶ᠋ᠢᠲᠡᠯᠡᠭᠰᠡᠨ ᠴᠠᠭ᠄ 2025-12-02

ᠰᠤᠷᠪᠤᠯᠵᠢᠯᠠᠭ᠍ᠴᠢ ᠪᠤᠭᠤᠲᠤ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ᠎ᠠᠴᠠ ᠣᠢᠯᠠᠭᠠᠭᠰᠠᠨ᠎ᠢᠶᠠᠷ᠂ ᠣᠢᠷ᠎ᠠ᠎ᠳᠤ᠂ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠷᠭᠡᠵᠢᠯ᠎ᠦᠨ ᠢᠨᠵᠧᠨᠧᠷᠢᠩᠵᠢᠭᠦᠯᠬᠦ ᠲᠥᠪ᠎ᠦᠨ ᠫᠠᠢᠰᠠ ᠰᠡᠬᠦᠬᠦ ᠶᠣᠰᠣᠯᠠᠯ ᠵᠢᠴᠢ ᠠᠩᠬᠠᠳᠠᠭ᠍ᠴᠢ ᠬᠤᠭᠤᠴᠠᠭᠠᠨ᠎ᠤ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠪᠤᠭᠤᠲᠤ᠎ᠳᠤ ᠶᠠᠪᠤᠭᠳᠠᠪᠠ᠃ ᠡᠨᠡ ᠪᠣᠯ ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ ᠪᠠ ᠨᠡᠭᠦᠷᠡᠰᠦᠲᠥ᠋ᠷᠥᠭᠴᠢ᠎ᠶᠢᠨ ᠬᠠᠮᠢᠶᠠᠷᠤᠯᠲᠠ᠎ᠶᠢᠨ ᠬᠦᠷᠢᠶᠡᠨ᠎ᠳᠦ ᠪᠠᠢᠷᠢᠰᠢᠭᠤᠯᠤᠭᠰᠠᠨ ᠠᠩᠬᠠᠳᠠᠭ᠍ᠴᠢ ᠠᠵᠤ ᠦᠢᠯᠡᠰ᠎ᠦᠨ ᠮᠡᠷᠭᠡᠵᠢᠯ᠎ᠦᠨ ᠢᠨᠵᠧᠨᠧᠷᠢᠩ᠎ᠦᠨ ᠲᠥᠪ ᠪᠣᠯᠣᠨ᠎ᠠ᠃

ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠷᠭᠡᠵᠢᠯ᠎ᠦᠨ ᠢᠨᠵᠧᠨᠧᠷᠢᠩᠵᠢᠭᠦᠯᠬᠦ ᠲᠥᠪ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ 2025 ᠣᠨ᠎ᠤ 9 ᠳ᠋ᠦ᠍ᠭᠡᠷ ᠰᠠᠷ᠎ᠠ᠎ᠳᠤ ᠴᠣᠬᠣᠯᠠᠪᠤᠷᠢᠯᠠᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠤᠯᠤᠰ᠎ᠤᠨ 《ᠬᠣᠣᠰ ᠨᠡᠭᠦᠷᠡᠰᠦᠲᠥ᠋ᠷᠥᠭᠴᠢ》᠎ᠶᠢᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠂ ᠣᠷᠣᠨ ᠪᠦᠰᠡ᠎ᠶᠢᠨ ᠨᠣᠭᠣᠭᠠᠨ᠂ ᠳᠣᠣᠷ᠎ᠠ ᠨᠡᠭᠦᠷᠡᠰᠦᠲᠥ᠋ᠷᠥᠭᠴᠢᠲᠦ ᠰᠢᠯᠵᠢᠯᠲᠡ᠎ᠶᠢᠨ ᠬᠥᠭᠵᠢᠯᠲᠡ᠎ᠶᠢ ᠠᠬᠢᠭᠤᠯᠬᠤ ᠴᠢᠬᠤᠯᠠ ᠪᠠᠢᠯᠳᠤᠬᠤ ᠪᠣᠳᠣᠯᠭ᠎ᠠ᠎ᠶᠢᠨ ᠲᠠᠪᠴᠠᠩ ᠪᠠᠢᠵᠤ᠂ ᠤᠯᠤᠰ᠎ᠤᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠲᠥᠪ᠎ᠤᠨ ᠰᠠᠭᠤᠷᠢ ᠰᠤᠳᠤᠯᠤᠨ ᠨᠡᠬᠡᠬᠡᠯᠲᠡ᠎ᠶᠢᠨ ᠦᠷ᠎ᠡ ᠪᠦᠲᠦᠭᠡᠯ᠎ᠤᠨ ᠤᠯᠠᠷᠢᠭᠤᠯᠤᠯᠲᠠ᠎ᠶᠢ ᠵᠠᠯᠭᠠᠬᠤ᠂ ᠰᠢᠨᠵᠢᠯᠡᠬᠦ ᠤᠬᠠᠭᠠᠨ᠎ᠤ ᠰᠤᠳᠤᠯᠤᠯ ᠬᠢᠭᠡᠳ ᠠᠵᠤ ᠦᠢᠯᠡᠰ᠎ᠤᠨ ᠭᠦᠨᠵᠡᠭᠡᠢ ᠵᠣᠯᠭᠠᠯᠴᠠᠭ᠎ᠠ᠎ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠣᠨ᠎ᠠ᠃ 

ᠣᠳᠣᠬᠠᠨ᠎ᠳᠤ᠂ ᠲᠣᠰ ᠲᠥᠪ ᠨᠢ ᠰᠠᠭᠤᠷᠢ᠎ᠪᠠᠷ ᠪᠦᠷᠢᠨ ᠲᠡᠭᠦᠯᠳᠡᠷ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠲᠤᠷᠰᠢᠯᠲᠠ᠎ᠶᠢᠨ ᠲᠠᠰᠤᠭ᠎ᠤᠨ ᠲᠠᠪᠴᠠᠩ᠎ᠢ ᠪᠠᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠢ 77 ᠴᠤᠭᠯᠠᠭᠤᠯᠤᠭᠠᠳ᠂ ᠲᠥᠷᠥᠯ ᠵᠦᠢᠯ᠎ᠢᠶᠡᠷ ᠲᠠᠲᠠᠭᠰᠠᠨ᠂ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠭᠣᠣᠯ ᠰᠢᠵᠢᠮ ᠪᠣᠯᠭᠠᠭᠰᠠᠨ ᠠᠵᠤ ᠦᠢᠯᠡᠰᠵᠢᠭᠦᠯᠦᠨ ᠤᠯᠠᠷᠢᠭᠤᠯᠬᠤ ᠲᠣᠭᠲᠠᠯᠴᠠᠭ᠎ᠠ᠎ᠶᠢ ᠠᠩᠬ᠎ᠠ ᠠᠯᠬᠤᠮ ᠪᠦᠷᠢᠯᠳᠦᠭᠦᠯᠪᠡ᠃ ᠬᠠᠲᠤᠨ ᠭᠣᠣᠯ᠎ᠤᠨ ᠶᠡᠬᠡ ᠲᠣᠬᠣᠢ᠎ᠶᠢᠨ ᠣᠷᠣᠨ ᠪᠦᠰᠡ᠎ᠶᠢᠨ ᠲᠣᠭᠣᠷᠢᠨ᠎ᠳᠤ᠂ ᠲᠣᠰ ᠲᠥᠪ ᠨᠢ ᠦᠢᠯᠡᠳᠪᠦᠷᠢᠯᠡᠯ᠂ ᠠᠮᠢ ᠠᠬᠤᠢ᠂ ᠡᠨᠧᠷᠭᠢ ᠵᠡᠷᠭᠡ ᠣᠯᠠᠨ ᠬᠦᠷᠢᠶᠡᠨ᠎ᠳᠡᠬᠢ ᠨᠡᠭᠦᠷᠡᠰᠦᠲᠥ᠋ᠷᠥᠭᠴᠢ᠎ᠶᠢᠨ ᠳ᠋ᠢᠭᠢᠲ ᠬᠠᠮᠢᠶᠠᠷᠤᠯᠲᠠ ᠪᠠ ᠲᠣᠬᠢᠷᠠᠭᠤᠯᠤᠯᠲᠠ᠎ᠶᠢᠨ ᠲᠠᠪᠴᠠᠩ᠎ᠢ ᠲᠦᠷᠭᠡᠳᠬᠡᠨ ᠪᠠᠢᠭᠤᠯᠵᠤ᠂ ᠨᠡᠭᠦᠷᠡᠰᠦᠲᠥ᠋ᠷᠥᠭᠴᠢ᠎ᠶᠢᠨ ᠠᠷᠠᠯᠵᠢᠶ᠎ᠠ᠂ ᠠᠮᠢ ᠠᠬᠤᠢ᠎ᠶᠢᠨ ᠨᠥᠬᠥᠪᠦᠷᠢ ᠪᠠ ᠣᠷᠣᠨ ᠪᠦᠰᠡ᠎ᠶᠢᠨ ᠨᠣᠭᠣᠭᠠᠨ ᠬᠥᠭᠵᠢᠯᠲᠡ᠎ᠳᠦ ᠭᠣᠣᠯᠯᠠᠬᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ ᠪᠠᠢᠨ᠎ᠠ᠃

ᠢᠷᠡᠯᠲᠡ᠄    