ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6.5%᠎ᠪᠠᠷ ᠨᠡᠮᠡᠭᠳᠡᠵᠦ 1 – 11 ᠳ᠋ᠦ᠍ᠭᠡᠷ ᠰᠠᠷ᠎ᠠ᠎ᠳᠤ ᠥᠪᠥᠷ ᠮᠣᠩᠭᠣᠯ᠎ᠤᠨ ᠠᠵᠤ ᠠᠬᠤᠢ ᠲᠣᠭᠲᠠᠭᠤᠨ ᠪᠠᠢᠬᠤ᠎ᠶᠢᠨ ᠳᠠᠭᠠᠤ ᠠᠬᠢᠯᠲᠠ᠎ᠲᠠᠢ ᠪᠣᠯᠪᠠ
ᠨᠡᠶ᠋ᠢᠲᠡᠯᠡᠭᠰᠡᠨ ᠴᠠᠭ᠄ 2025-12-22

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠡᠷ᠄ ᠡᠨᠡ ᠵᠢᠯ᠎ᠦᠨ 1 – 11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠠᠵᠤ ᠦᠢᠯᠡᠳᠪᠦᠷᠢ ᠲᠠᠷᠢᠶᠠᠯᠠᠩ᠎ᠤᠨ ᠦᠢᠯᠡᠳᠪᠦᠷᠢᠯᠡᠯ ᠪᠠ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ ᠲᠣᠭᠲᠠᠭᠤᠨ᠎ᠤ ᠳᠤᠮᠳᠠ ᠨᠡᠮᠡᠭᠳᠡᠵᠦ᠂ ᠵᠠᠬ᠎ᠠ ᠳᠡᠯᠭᠡᠭᠦᠷ᠎ᠦᠨ ᠬᠡᠷᠡᠭᠯᠡᠭᠡ᠎ᠶᠢᠨ ᠨᠡᠮᠡᠭᠳᠡᠯ ᠰᠠᠢᠵᠢᠷᠠᠨ᠂ ᠪᠦᠬᠦᠯᠢ ᠴᠣᠭᠴᠠ᠎ᠶᠢᠨ ᠠᠵᠤ ᠠᠬᠤᠢ᠎ᠶᠢᠨ ᠠᠵᠢᠯᠯᠠᠭᠠᠨ ᠲᠣᠭᠲᠠᠭᠤᠨ ᠪᠠᠢᠬᠤ᠎ᠶᠢᠨ ᠳᠠᠭᠠᠤ ᠠᠬᠢᠯᠲᠠ᠎ᠲᠠᠢ ᠪᠣᠯᠣᠭᠰᠠᠨ ᠪᠠᠢᠨ᠎ᠠ᠃ 

ᠡᠨᠡ ᠵᠢᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠣᠷᠣᠨ ᠳᠠᠶᠠᠭᠠᠷ᠎ᠢᠶᠠᠨ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠪᠥᠬᠥ ᠬᠦᠴᠦᠨ᠎ᠢᠶᠡᠷ᠎ᠢᠶᠡᠨ ᠴᠢᠷᠮᠠᠢᠵᠤ ᠪᠠᠢᠭᠠᠳ ᠨᠡᠮᠡᠭᠳᠡᠯ᠎ᠢ ᠲᠣᠭᠲᠠᠪᠤᠷᠢᠵᠢᠭᠤᠯᠤᠨ ᠬᠥᠭᠵᠢᠯᠲᠡ᠎ᠶᠢ ᠠᠬᠢᠭᠤᠯᠵᠤ᠂ ᠠᠵᠤ ᠠᠬᠤᠢ᠎ᠶᠢᠨ ᠠᠵᠢᠯᠯᠠᠭᠠᠨ᠎ᠤ ᠲᠣᠭᠲᠠᠭᠤᠨ ᠪᠠᠢᠬᠤ᠎ᠶᠢᠨ ᠳᠠᠭᠠᠤ ᠠᠬᠢᠯᠲᠠ ᠲᠠᠢ ᠪᠣᠯᠬᠤ᠎ᠶᠢ ᠠᠬᠢᠭᠤᠯᠬᠤ᠎ᠳᠤ ᠴᠢᠬᠤᠯᠠ ᠰᠠᠭᠤᠷᠢ᠎ᠶᠢ ᠲᠠᠯᠪᠢᠵᠤ ᠥᠭᠴᠡᠢ᠃ 

ᠠᠮᠤ ᠪᠤᠳᠠᠭᠠᠨ᠎ᠤ ᠦᠢᠯᠡᠳᠪᠦᠷᠢᠯᠡᠯ᠎ᠡᠴᠡ ᠦᠵᠡᠪᠡᠯ᠂ ᠡᠨᠡ ᠵᠢᠯ᠎ᠡᠴᠡ ᠨᠠᠭᠠᠰᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠲᠣᠭᠲᠠᠭᠤᠨ᠎ᠢᠶᠠᠷ ᠠᠬᠢᠬᠤ᠎ᠶᠢ ᠳᠠᠭᠠᠯᠳᠤᠨ᠂ ᠪᠦᠬᠦ ᠣᠷᠣᠨ᠎ᠤ ᠠᠮᠤ ᠪᠤᠳᠠᠭ᠎ᠠ ᠲᠠᠷᠢᠭ᠍ᠰᠠᠨ ᠲᠠᠯᠠᠪᠠᠢ 10567.0 ᠲᠦᠮᠡᠨ ᠮᠦ᠍᠎ᠳᠦ ᠬᠦᠷᠴᠦ᠂ ᠲᠦᠷᠦᠭᠦᠦ ᠵᠢᠯ᠎ᠦᠨ ᠬᠢ᠎ᠡᠴᠡ 49.3 ᠲᠦᠮᠡᠨ ᠮᠦ᠍ ᠨᠡᠮᠡᠭᠳᠡᠵᠦ᠂ 0.5%᠎ᠪᠠᠷ ᠨᠡᠮᠡᠭᠳᠡᠪᠡ; ᠠᠮᠤ ᠪᠤᠳᠠᠭᠠᠨ᠎ᠤ ᠲᠠᠯᠠᠪᠠᠢ ᠨᠢᠭᠡᠴᠢ᠎ᠶᠢᠨ ᠤᠨᠠᠯᠲᠠ 397.8 ᠺᠢᠯᠣᠭ᠌ᠷᠠᠮ / ᠮᠦ᠍᠎ᠳᠦ ᠬᠦᠷᠴᠦ᠂ ᠲᠦᠷᠦᠭᠦᠦ ᠵᠢᠯ᠎ᠦᠨ ᠬᠢ᠎ᠡᠴᠡ 7.9 ᠺᠢᠯᠣᠭ᠌ᠷᠠᠮ / ᠮᠦ᠍ ᠨᠡᠮᠡᠭᠳᠡᠵᠦ᠂ 2.0%᠎ᠢᠶᠡᠷ ᠨᠡᠮᠡᠭᠳᠡᠨ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠮᠵᠢ ᠲᠣᠭᠲᠠᠭᠤᠨ᠎ᠢᠶᠠᠷ ᠳᠡᠭᠡᠭᠰᠢᠯᠡᠪᠡ᠃ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ ᠵᠢᠴᠢ ᠠᠮᠤ ᠪᠤᠳᠠᠭᠠᠨ᠎ᠤ ᠲᠠᠯᠠᠪᠠᠢ ᠨᠢᠭᠡᠴᠢ᠎ᠶᠢᠨ ᠤᠨᠠᠯᠲᠠ᠎ᠶᠢᠨ ᠨᠡᠮᠡᠭᠳᠡᠭᠰᠡᠨ᠎ᠦ ᠠᠴᠢ᠎ᠪᠡᠷ᠂ ᠡᠨᠡ ᠵᠢᠯ ᠪᠦᠬᠦ ᠣᠷᠣᠨ᠎ᠤ ᠠᠮᠤ ᠪᠤᠳᠠᠭᠠᠨ᠎ᠤ ᠶᠡᠷᠦᠩᠬᠡᠢ ᠤᠨᠠᠯᠲᠠ 840.7 ᠳ᠋ᠦᠩᠰᠢᠭᠤᠷ ᠵᠢᠩ᠎ᠳᠦ ᠬᠦᠷᠴᠦ᠂ ᠲᠦᠷᠦᠭᠦᠦ ᠵᠢᠯ᠎ᠦᠨ ᠬᠢ᠎ᠡᠴᠡ 20.6 ᠳ᠋ᠦᠩᠰᠢᠭᠤᠷ ᠵᠢᠩ ᠨᠡᠮᠡᠭᠳᠡᠵᠦ᠂ 2.5%᠎ᠪᠠᠷ ᠨᠡᠮᠡᠭᠳᠡᠨ᠂ ᠠᠮᠤ ᠪᠤᠳᠠᠭᠠᠨ᠎ᠤ ᠦᠢᠯᠡᠳᠪᠦᠷᠢᠯᠡᠯ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠲᠠᠢ》 ᠪᠣᠯᠵᠠᠢ᠃ 

ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠡᠴᠡ ᠦᠵᠡᠪᠡᠯ᠂ ᠡᠨᠡ ᠵᠢᠯ ᠥᠪᠥᠷ ᠮᠣᠩᠭᠣᠯ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠬᠡᠯᠬᠢᠶ᠎ᠡ᠎ᠶᠢᠨ ᠲᠦᠭᠵᠢᠷᠡᠯ᠎ᠢ ᠨᠠᠪᠲᠠᠷᠡᠭᠦᠯᠵᠦ᠂ ᠲᠥᠪᠯᠡᠷᠡᠭᠦᠯᠦᠨ ᠪᠥᠭᠡᠮᠨᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠥᠨᠳᠥᠷ ᠲᠦᠪᠰᠢᠨ ᠪᠦᠬᠦᠢ ᠪᠦᠲᠦᠭᠡᠨ ᠪᠠᠢᠭᠤᠯᠤᠯᠲᠠ ᠵᠢᠴᠢ ᠴᠢᠬᠤᠯᠠ ᠶᠡᠬᠡ ᠲᠦᠷᠦᠯ ᠵᠦᠢᠯ᠎ᠢ ᠪᠤᠲᠠᠲᠠᠢᠵᠢᠭᠤᠯᠤᠨ ᠠᠰᠢᠭ᠍ᠯᠠᠯᠲᠠ᠎ᠳᠤ ᠣᠷᠣᠭᠤᠯᠬᠤ᠎ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠴᠢᠨᠠᠷ ᠰᠠᠢᠲᠠᠢ ᠠᠵᠢᠯᠯᠠᠭᠠᠨ᠎ᠳᠤ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠨᠡᠮᠡᠷᠢᠯᠡᠵᠡᠢ᠃ ᠡᠨᠡ ᠵᠢᠯ᠎ᠦᠨ 1 – 11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6.5%᠎ᠪᠠᠷ ᠨᠡᠮᠡᠭᠳᠡᠪᠡ᠃ ᠡᠭᠦᠨ᠎ᠳᠦ᠂ ᠬᠡᠪᠴᠢᠶᠡᠵᠢᠯ᠎ᠡᠴᠡ ᠳᠡᠭᠡᠭᠰᠢᠬᠢ ᠠᠭᠤᠷᠬᠠᠢ ᠮᠠᠯᠲᠠᠬᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 4.5%᠎ᠪᠠᠷ ᠨᠡᠮᠡᠭᠳᠡᠵᠦ᠂ ᠦᠢᠯᠡᠳᠬᠦ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 8.8%᠎ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠎ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭᠠᠯᠭ᠎ᠠ᠎ᠶᠢᠨ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 7.8%᠎ᠪᠠᠷ ᠨᠡᠮᠡᠭᠳᠡᠵᠦ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 10.2%᠎ᠢᠶᠠᠷ ᠨᠡᠮᠡᠭᠳᠡᠵᠡᠢ᠃ 

ᠪᠡᠯᠡ ᠣᠷᠣᠭᠤᠯᠤᠯᠲᠠ᠎ᠠᠴᠠ ᠦᠵᠡᠪᠡᠯ᠂ ᠥᠪᠥᠷ ᠮᠣᠩᠭᠣᠯ ᠥᠭᠡᠷᠡᠴᠢᠯᠡᠯᠲᠡ᠎ᠶᠢᠨ ᠠᠷᠭ᠎ᠠ᠎ᠪᠠᠷ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠪᠠᠷᠢᠮᠲᠠᠯᠠᠨ᠂ ᠲᠦᠷᠦᠯ ᠵᠦᠢᠯ᠎ᠢ ᠬᠢᠨᠠᠨ ᠵᠥᠪᠰᠢᠶᠡᠷᠡᠬᠦ ᠠᠬᠢᠴᠠ᠎ᠶᠢ ᠲᠦᠷᠭᠡᠳᠬᠡᠭᠰᠡᠨ᠎ᠦ ᠬᠠᠮᠲᠤ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶᠢ ᠨᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠬᠣᠶᠠᠷ ᠲᠠᠯ᠎ᠠ᠎ᠠᠴᠠ ᠪᠡᠯᠡ ᠣᠷᠣᠭᠤᠯᠤᠯᠲᠠ᠎ᠶᠢᠨ ᠪᠦᠲᠦᠮᠵᠢᠲᠡᠢ ᠨᠡᠮᠡᠭᠳᠡᠯ᠎ᠢ ᠳᠠᠢᠴᠢᠯᠠᠪᠠ᠃ 

ᠡᠨᠡ ᠵᠢᠯ᠎ᠦᠨ 1 – 11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭᠠᠨ᠎ᠤ ᠬᠢ᠎ᠡᠴᠡ 3.5%᠎ᠪᠠᠷ ᠨᠡᠮᠡᠭᠳᠡᠪᠡ᠃ ᠡᠭᠦᠨ᠎ᠳᠦ᠂ ᠰᠠᠭᠤᠷᠢ ᠪᠡᠯᠡᠳᠬᠡᠮᠵᠢ᠎ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 8.4%᠎ᠪᠠᠷ ᠨᠡᠮᠡᠭᠳᠡᠵᠦ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 11.8%᠎ᠪᠠᠷ ᠨᠡᠮᠡᠭᠳᠡᠵᠡᠢ᠃ 

ᠬᠡᠷᠡᠭᠯᠡᠭᠡ᠎ᠡᠴᠡ ᠦᠵᠡᠪᠡᠯ᠂ ᠡᠨᠡ ᠵᠢᠯ ᠥᠪᠡᠷᠲᠡᠭᠡᠨ ᠵᠠᠰᠠᠬᠤ ᠣᠷᠣᠨ ᠬᠠᠩᠭᠠᠯᠭ᠎ᠠ ᠪᠠ ᠬᠡᠷᠡᠭᠴᠡᠭᠡᠨ᠎ᠦ ᠬᠣᠶᠠᠷ ᠦᠵᠦᠭᠦᠷ᠎ᠲᠦ ᠬᠠᠮᠵᠢᠯᠴᠠᠨ ᠬᠦᠴᠦᠯᠡᠬᠦ᠎ᠶᠢ ᠪᠠᠷᠢᠮᠲᠠᠯᠠᠵᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠢᠭᠠᠳ ᠬᠡᠷᠡᠭᠯᠡᠭᠡ᠎ᠶᠢ ᠬᠥᠭᠵᠢᠭᠡᠨ᠂ ᠢᠯᠠᠩᠭᠤᠶ᠎ᠠ ᠤᠯᠤᠰ᠎ᠤᠨ 《ᠬᠣᠶᠠᠷ ᠰᠢᠨ᠎ᠡ》᠎ᠶᠢᠨ ᠲᠦᠷᠦ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠶᠢ ᠬᠦᠴᠦᠯᠡᠨ ᠥᠷᠭᠡᠳᠬᠡᠬᠦ ᠠᠵᠠ ᠲᠣᠬᠢᠶᠠᠯ᠎ᠢ ᠵᠠᠪᠳᠤᠨ ᠲᠤᠨᠤᠭ ᠲᠥᠬᠦᠭᠡᠷᠦᠮᠵᠢ᠎ᠶᠢ ᠰᠢᠨᠡᠳᠬᠡᠬᠦ ᠪᠠ ᠬᠡᠷᠡᠭᠯᠡᠭᠡ᠎ᠶᠢᠨ ᠵᠦᠢᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠪᠠᠨ ᠦᠷᠭᠦᠯᠵᠢᠯᠡᠨ ᠠᠬᠢᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠡᠷᠭᠢᠯᠲᠡ᠎ᠶᠢᠨ ᠠᠵᠠ ᠲᠣᠬᠢᠶᠠᠯ᠎ᠢ ᠴᠢᠩᠭ᠎ᠠ ᠠᠳᠬᠤᠨ ᠦᠵᠡᠰᠬᠦᠯᠡᠩ ᠴᠤᠭᠯᠠᠭᠠᠨ᠎ᠤ ᠬᠡᠷᠡᠭᠯᠡᠭᠡ᠂ ᠤᠷᠤᠯᠳᠤᠭᠠᠨ᠎ᠤ ᠶᠠᠪᠤᠳᠠᠯ᠎ᠤᠨ ᠬᠡᠷᠡᠭᠯᠡᠭᠡ᠂ ᠰᠤᠳᠤᠯᠤᠨ ᠰᠤᠷᠤᠯᠴᠠᠬᠤ ᠬᠡᠷᠡᠭᠯᠡᠭᠡ᠂ ᠵᠢᠭᠤᠯᠴᠢᠯᠠᠯ᠎ᠤᠨ ᠬᠡᠷᠡᠭᠯᠡᠭᠡ ᠵᠡᠷᠭᠡ᠎ᠶᠢ ᠦᠷᠭᠦᠯᠵᠢᠯᠡᠨ ᠠᠬᠢᠭᠤᠯᠵᠤ᠂ ᠪᠦᠬᠦ ᠣᠷᠣᠨ᠎ᠤ ᠵᠠᠬ᠎ᠠ ᠳᠡᠯᠭᠡᠭᠦᠷ᠎ᠦᠨ ᠬᠡᠷᠡᠭᠯᠡᠭᠡ᠎ᠶᠢᠨ ᠬᠡᠪᠴᠢᠶ᠎ᠡ᠎ᠪᠠᠨ ᠲᠣᠭᠲᠠᠭᠤᠨ᠎ᠢᠶᠠᠷ ᠥᠷᠭᠡᠳᠬᠡᠪᠡ᠃ ᠡᠨᠡ ᠵᠢᠯ᠎ᠦᠨ 1 – 11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠨᠡᠢᠭᠡᠮ᠎ᠦᠨ ᠬᠡᠷᠡᠭᠯᠡᠭᠡ᠎ᠶᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 4880.6 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.3%᠎ᠪᠠᠷ ᠨᠡᠮᠡᠭᠳᠡᠪᠡ᠃ ᠡᠭᠦᠨ᠎ᠳᠦ᠂ ᠬᠣᠲᠠ ᠪᠠᠯᠭᠠᠰᠤᠨ᠎ᠤ ᠬᠡᠷᠡᠭᠯᠡᠭᠡ᠎ᠶᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 5.3%᠎ᠪᠠᠷ ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡ᠎ᠶᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 5.7%᠎ᠪᠠᠷ ᠨᠡᠮᠡᠭᠳᠡᠪᠡ᠃

《ᠶᠡᠷᠦᠩᠬᠡᠢ᠎ᠳᠦ ᠨᠢ ᠠᠪᠴᠤ ᠦᠵᠡᠪᠡᠯ᠂ 1 – 11 ᠳ᠋ᠦ᠍ᠭᠡᠷ ᠰᠠᠷ᠎ᠠ᠎ᠳᠤ᠂ ᠡᠯ᠎ᠡ ᠵᠦᠢᠯ᠎ᠦᠨ ᠬᠣᠷᠸ᠎ᠠ ᠲᠥᠷᠥ᠎ᠶᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠲᠠᠢ ᠪᠣᠯᠵᠤ᠂ ᠪᠥᠬᠥ ᠣᠷᠣᠨ᠎ᠤ ᠠᠵᠤ ᠠᠬᠤᠢ᠎ᠶᠢᠨ ᠠᠵᠢᠯᠯᠠᠭᠠᠨ ᠲᠣᠭᠲᠠᠭᠤᠨ ᠪᠠᠢᠬᠤ᠎ᠶᠢᠨ ᠳᠠᠭᠠᠤ ᠠᠬᠢᠯᠲᠠ ᠲᠠᠢ ᠪᠠᠢᠬᠤ ᠬᠥᠭᠵᠢᠯᠲᠡ᠎ᠶᠢᠨ ᠬᠠᠨᠳᠤᠰᠢ᠎ᠪᠠᠨ ᠦᠷᠭᠦᠯᠵᠢᠯᠡᠭᠦᠯᠵᠡᠢ᠂ ᠭᠡᠪᠡᠴᠦ ᠭᠠᠳᠠᠨᠠᠬᠢ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠬᠦ᠌ ᠨᠡᠯᠢᠶᠡᠳ ᠣᠯᠠᠨ ᠪᠠᠢᠬᠤ ᠪᠣᠯᠬᠣᠷ᠂ ᠠᠵᠤ ᠠᠬᠤᠢ᠎ᠶᠢᠨ ᠠᠵᠢᠯᠯᠠᠭᠠᠨ᠎ᠤ ᠦᠷᠭᠦᠯᠵᠢᠯᠡᠨ ᠰᠠᠢᠵᠢᠷᠠᠬᠤ᠎ᠶᠢ ᠠᠬᠢᠭᠤᠯᠬᠤ᠎ᠳᠤ ᠮᠥᠨ ᠬᠦ᠌ ᠴᠥᠬᠥᠷᠡᠰᠢ ᠦᠭᠡᠢ ᠴᠢᠷᠮᠠᠢᠬᠤ ᠴᠢᠬᠤᠯᠠᠲᠠᠢ ᠪᠠᠢᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ