ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠦᠷ᠎ᠡ ᠪᠦᠲᠦᠮᠵᠢ᠎ᠶᠢ ᠳᠡᠭᠡᠭᠰᠢᠯᠡᠭᠦᠯᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠪᠡ   ᠥᠪᠥᠷ ᠮᠣᠩᠭᠣᠯ ᠬᠣᠯᠪᠣᠭᠠᠯᠠᠨ ᠬᠢᠨᠠᠵᠤ ᠵᠥᠪᠰᠢᠶᠡᠷᠡᠬᠦ᠎ᠶᠢ ᠬᠡᠷᠡᠭᠵᠢᠭᠦᠯᠵᠦ 《ᠲᠦᠭᠵᠢᠷᠡᠯ》᠎ᠢ ᠠᠷᠢᠯᠭᠠᠨ ᠨᠡᠪᠲᠡᠷᠡᠭᠦᠯᠵᠡᠢ
ᠨᠡᠶ᠋ᠢᠲᠡᠯᠡᠭᠰᠡᠨ ᠴᠠᠭ᠄ 2025-12-23

《12 ᠳ᠋ᠤᠭᠠᠷ ᠰᠠᠷ᠎ᠠ᠎ᠶᠢᠨ 10᠎ᠤ ᠡᠳᠦᠷ᠂ ᠮᠠᠨ᠎ᠤ ᠺᠣᠮᠫᠠᠨᠢ 〈ᠬᠡᠷᠡᠭᠯᠡᠭᠡᠨ᠎ᠡᠴᠡ ᠭᠠᠷᠤᠭᠰᠠᠨ ᠮᠠᠰᠢᠨ ᠲᠡᠷᠭᠡ᠎ᠶᠢ ᠡᠭᠡᠭᠦᠯᠦᠨ ᠬᠤᠷᠢᠶᠠᠵᠤ ᠰᠠᠯᠭᠠᠨ ᠵᠠᠳᠠᠯᠬᠤ ᠠᠵᠤ ᠠᠬᠤᠢᠯᠠᠯ〉᠎ᠤᠨ ᠰᠢᠨ᠎ᠡ ᠨᠢᠭᠡ ᠡᠭᠡᠯᠵᠢ᠎ᠶᠢᠨ ᠬᠢᠷᠢ ᠬᠡᠮ᠎ᠢ ᠣᠯᠵᠤ᠂ ᠠᠵᠢᠯ ᠶᠠᠪᠤᠳᠠᠯ ᠭᠦᠢᠴᠡᠳᠬᠡᠬᠦ ᠶᠡᠬᠡ ᠲᠢᠩᠬᠢᠮ᠎ᠳᠦ ᠣᠴᠢᠬᠤ ᠦᠭᠡᠢ᠎ᠪᠠᠷ ᠲᠤᠬᠠᠢᠯᠠᠭᠰᠠᠨ ᠠᠵᠢᠯ᠎ᠤᠨ ᠪᠥᠬᠥ ᠶᠠᠪᠤᠴᠠ᠎ᠶᠢ ᠴᠥᠮ ᠰᠦᠯᠵᠢᠶᠡᠨ ᠳᠡᠭᠡᠷᠡᠬᠢ ᠲᠠᠪᠴᠠᠩ᠎ᠢᠶᠠᠷ ᠭᠦᠢᠴᠡᠳᠬᠡᠵᠦ ᠪᠣᠢ᠂᠂ ᠭᠤᠶᠤᠴᠢᠯᠠᠬᠤ ᠮᠠᠲᠧᠷᠢᠶᠠᠯ᠎ᠢᠶᠠᠨ ᠲᠤᠰᠢᠶᠠᠭᠰᠠᠨ᠎ᠤ ᠳᠠᠷᠠᠭ᠎ᠠ᠎ᠪᠠᠷ ᠬᠢᠷᠢ ᠭᠡᠮ᠎ᠦᠨ ᠮᠠᠭᠠᠳᠯᠠᠨ ᠲᠣᠭᠲᠠᠭᠠᠯᠲᠠ᠎ᠶᠢ ᠭᠠᠷᠳᠠᠬᠤ ᠬᠦᠷᠲᠡᠯ᠎ᠡ ᠵᠥᠪᠬᠡᠨ 10 ᠠᠵᠢᠯᠯᠠᠬᠤ ᠡᠳᠦᠷ ᠪᠣᠯᠵᠠᠢ᠂ ᠥᠩᠭᠡᠷᠡᠭᠰᠡᠨ᠎ᠳᠠᠬᠢ 2 ᠰᠠᠷ᠎ᠠ ᠭᠠᠷᠤᠢ᠎ᠶᠢᠨ ᠬᠢᠨᠠᠨ ᠵᠥᠪᠰᠢᠶᠡᠷᠡᠯ᠎ᠦᠨ ᠬᠤᠭᠤᠴᠠᠭ᠎ᠠ᠎ᠲᠠᠢ ᠬᠠᠷᠢᠴᠠᠭᠤᠯᠪᠠᠯ᠂ ᠡᠨᠡ ᠬᠦ᠌ ᠤᠳᠠᠭᠠᠨ᠎ᠤ ᠥᠭᠡᠷᠡᠴᠢᠯᠡᠯᠲᠡ᠎ᠪᠡᠷ 〈ᠲᠦᠷᠭᠡᠨ ᠪᠣᠯᠣᠭᠰᠠᠨ〉 ᠨᠢ ᠮᠠᠰᠢ ᠢᠯᠡᠷᠬᠡᠢ ᠪᠠᠢᠨ᠎ᠠ》 ᠭᠡᠵᠦ ᠥᠪᠥᠷ ᠮᠣᠩᠭᠣᠯ᠎ᠤᠨ ᠲᠢᠶᠠᠨ ᠪᠥᠸᠧ ᠾᠧᠩ ᠱᠧᠩ ᠲᠣᠰᠣᠯᠢᠭ᠋ ᠵᠦᠢᠯ᠎ᠢ ᠡᠵᠡᠩᠨᠡᠨ ᠪᠣᠷᠣᠯᠠᠭᠤᠯᠬᠤ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠸᠠᠩ ᠵᠢᠶᠠ ᠲᠧᠩ ᠬᠡᠯᠡᠪᠡ᠃ 

ᠸᠠᠩ ᠵᠢᠶᠠ ᠲᠧᠩ᠎ᠦᠨ ᠳᠤᠷᠠᠳᠤᠭᠰᠠᠨ 《ᠥᠭᠡᠷᠡᠴᠢᠯᠡᠯᠲᠡ》 ᠪᠣᠯ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠡᠷᠡᠭᠵᠢᠭᠦᠯᠦᠭᠰᠡᠨ ᠬᠡᠷᠡᠭᠯᠡᠭᠡᠨ᠎ᠡᠴᠡ ᠭᠠᠷᠤᠭᠰᠠᠨ ᠮᠠᠰᠢᠨ ᠲᠡᠷᠭᠡ᠎ᠶᠢ ᠡᠭᠡᠭᠦᠯᠦᠨ ᠬᠤᠷᠢᠶᠠᠵᠤ ᠰᠠᠯᠭᠠᠨ ᠵᠠᠳᠠᠯᠬᠤ ᠠᠵᠤ ᠠᠬᠤᠢᠯᠠᠯ᠎ᠤᠨ ᠬᠢᠷᠢ ᠬᠡᠮ᠎ᠦᠨ ᠮᠠᠭᠠᠳᠯᠠᠨ ᠲᠣᠭᠲᠠᠭᠠᠯᠲᠠ᠎ᠶᠢ ᠬᠣᠯᠪᠣᠭᠠᠯᠠᠨ ᠬᠢᠨᠠᠵᠤ ᠵᠥᠪᠰᠢᠶᠡᠷᠡᠬᠦ ᠠᠵᠢᠯ᠎ᠤᠨ ᠲᠣᠭᠲᠠᠴᠠ ᠪᠣᠯᠣᠨ᠎ᠠ᠃ 

《ᠣᠳᠣᠬᠠᠨ᠎ᠳᠤ ᠤᠯᠤᠰ᠎ᠠᠴᠠ ᠮᠠᠰᠢᠨ ᠲᠡᠷᠭᠡ᠎ᠶᠢᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠠᠵᠢᠯ᠎ᠢ ᠶᠡᠬᠡ᠎ᠪᠡᠷ ᠠᠬᠢᠭᠤᠯᠵᠤ ᠪᠠᠢᠨ᠎ᠠ᠂ ᠬᠢᠨᠠᠨ ᠵᠥᠪᠰᠢᠶᠡᠷᠡᠯ᠎ᠢ ᠲᠦᠷᠭᠡᠳᠬᠡᠭᠰᠡᠨ ᠨᠢ ᠪᠢᠳᠡᠨ᠎ᠦ ᠬᠡᠷᠡᠭᠯᠡᠭᠡᠨ᠎ᠡᠴᠡ ᠭᠠᠷᠤᠭᠰᠠᠨ ᠮᠠᠰᠢᠨ ᠲᠡᠷᠭᠡ᠎ᠶᠢ ᠡᠬᠡᠭᠦᠯᠦᠨ ᠬᠤᠷᠢᠶᠠᠬᠤ᠂ ᠰᠠᠯᠭᠠᠵᠤ ᠵᠠᠳᠠᠯᠬᠤ ᠲᠤᠬᠠᠢᠯᠠᠭᠰᠠᠨ ᠠᠵᠢᠯ᠎ᠢ ᠨᠡᠩ ᠲᠦᠷᠭᠡᠨ᠎ᠢᠶᠠᠷ ᠬᠦᠯᠢᠶᠡᠨ ᠠᠪᠴᠤ᠂ ᠲᠥᠷᠥ᠎ᠶᠢᠨ ᠪᠣᠳᠣᠯᠭ᠎ᠠ᠎ᠪᠠᠷ ᠳᠠᠢᠴᠢᠯᠠᠭᠰᠠᠨ ᠵᠠᠬ᠎ᠠ ᠳᠡᠯᠭᠡᠭᠦᠷ᠎ᠦᠨ ᠠᠢᠵᠠᠮ᠎ᠢ ᠴᠠᠭ ᠲᠤᠬᠠᠢ᠎ᠳᠦ ᠨᠢ ᠳᠠᠭᠠᠵᠤ ᠴᠢᠳᠠᠬᠤ ᠪᠣᠯᠤᠭᠰᠠᠨ᠎ᠢ ᠬᠠᠷᠠᠭᠤᠯᠵᠤ ᠪᠠᠢᠨ᠎ᠠ᠂ ᠢᠯᠠᠩᠭᠤᠶ᠎ᠠ ᠵᠢᠯ᠎ᠦᠨ ᠡᠴᠦᠰ᠎ᠲᠠᠬᠢ ᠲᠤᠬᠠᠢᠯᠠᠭᠰᠠᠨ ᠠᠵᠢᠯ᠎ᠤᠨ ᠶᠠᠭᠠᠷᠠᠤ ᠤᠯᠠᠷᠢᠯ᠎ᠠᠴᠠ ᠡᠮᠦᠨ᠎ᠡ ᠬᠢᠷᠢ ᠬᠡᠮ᠎ᠢᠶᠡᠨ ᠳᠠᠬᠢᠵᠤ ᠮᠠᠭᠠᠳᠯᠠᠨ ᠲᠣᠭᠲᠠᠭᠠᠯᠭᠠᠬᠤ ᠠᠵᠢᠯ᠎ᠢ ᠪᠡᠶᠡᠯᠡᠭᠦᠯᠦᠭᠰᠡᠨ ᠨᠢ ᠪᠢᠳᠡᠨ᠎ᠦ ᠢᠷᠡᠬᠦ ᠵᠢᠯ᠎ᠦᠨ ᠡᠵᠡᠩᠨᠡᠯᠲᠡ᠎ᠪᠡᠨ ᠥᠷᠭᠡᠳᠬᠡᠬᠦ᠎ᠳᠦ ᠮᠠᠰᠢ ᠶᠡᠬᠡ ᠬᠠᠪᠰᠤᠷᠤᠯᠭ᠎ᠠ ᠪᠣᠯᠬᠤ ᠶᠤᠮ》 ᠭᠡᠵᠦ ᠸᠠᠩ ᠵᠢᠶᠠ ᠲᠧᠩ᠎ᠡᠴᠡ ᠡᠨᠡ ᠬᠦ᠌ ᠠᠵᠢᠯ᠎ᠤᠨ ᠲᠣᠭᠲᠠᠴᠠ᠎ᠶᠢᠨ ᠭᠣᠣᠯ ᠦᠷ᠎ᠡ ᠪᠦᠲᠦᠮᠵᠢ᠎ᠶᠢ ᠬᠡᠯᠡᠪᠡ᠃ 

ᠣᠳᠣᠬᠠᠨ᠎ᠳᠤ᠂ ᠥᠪᠥᠷ ᠮᠣᠩᠭᠣᠯ ᠶᠠᠭ ᠲᠥᠷᠥᠯ ᠵᠦᠢᠯ᠎ᠦᠨ ᠬᠢᠨᠠᠨ ᠵᠥᠪᠰᠢᠶᠡᠷᠡᠯ᠎ᠦᠨ ᠲᠦᠭᠵᠢᠷᠡᠯ ᠴᠡᠭ᠎ᠢ ᠰᠢᠢᠳᠪᠦᠷᠢᠯᠡᠬᠦ ᠲᠤᠰᠬᠠᠢ ᠠᠵᠢᠯᠯᠠᠭᠠᠨ ᠥᠷᠨᠢᠭᠦᠯᠵᠦ ᠪᠠᠢᠨ᠎ᠠ᠃ ᠬᠣᠯᠪᠣᠭᠠᠯᠠᠨ ᠬᠢᠨᠠᠵᠤ ᠵᠥᠪᠰᠢᠶᠡᠷᠡᠬᠦ ᠠᠵᠢᠯ ᠪᠣᠯ ᠲᠥᠷᠥᠯ ᠵᠦᠢᠯ᠎ᠦᠨ ᠬᠢᠨᠠᠨ ᠵᠥᠪᠰᠢᠶᠡᠷᠡᠯ᠎ᠦᠨ ᠲᠦᠭᠵᠢᠷᠡᠯ ᠴᠡᠭ᠎ᠢ ᠰᠢᠢᠳᠪᠦᠷᠢᠯᠡᠬᠦ ᠲᠤᠰᠬᠠᠢ ᠠᠵᠢᠯᠯᠠᠭᠠᠨ᠎ᠤ ᠨᠢᠭᠡ ᠵᠦᠢᠯ᠎ᠦᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠤᠰᠬᠠᠢ ᠠᠵᠢᠯᠯᠠᠭᠠᠨ᠎ᠤ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠢᠨ ᠬᠡᠷᠡᠭᠯᠡᠭᠡᠨ᠎ᠡᠴᠡ ᠭᠠᠷᠤᠭᠰᠠᠨ ᠮᠠᠰᠢᠨ ᠲᠡᠷᠭᠡ᠎ᠶᠢ ᠡᠭᠡᠭᠦᠯᠦᠨ ᠬᠤᠷᠢᠶᠠᠵᠤ ᠰᠠᠯᠭᠠᠨ ᠵᠠᠳᠠᠯᠬᠤ ᠠᠵᠤ ᠠᠬᠤᠢᠯᠠᠯ᠎ᠤᠨ ᠬᠢᠷᠢ ᠬᠡᠮ᠎ᠢ ᠨᠢ ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠬᠦ ᠭᠣᠭᠴᠣᠭ᠎ᠠ ᠣᠯᠠᠨ ᠪᠠᠢᠬᠤ ᠬᠦᠴᠢᠷᠳᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠣᠯᠪᠣᠭᠠᠯᠠᠨ ᠬᠢᠨᠠᠵᠤ ᠵᠥᠪᠰᠢᠶᠡᠷᠡᠬᠦ ᠠᠵᠢᠯ᠎ᠤᠨ ᠲᠣᠭᠲᠠᠴᠠ᠎ᠶᠢ ᠡᠬᠢᠯᠡᠭᠦᠯᠦᠨ᠂ ᠬᠤᠪᠢᠳᠠᠨ ᠬᠠᠮᠢᠶᠠᠷᠴᠤ ᠪᠠᠢᠭ᠎ᠠ ᠲᠢᠩᠬᠢᠮ᠎ᠦᠨ ᠳᠠᠷᠤᠭ᠎ᠠ᠎ᠶᠢᠨ ᠠᠯᠪᠠᠯᠠᠬᠤ ᠬᠤᠷᠠᠯ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠬᠢᠨᠠᠨ ᠵᠥᠪᠯᠡᠬᠦ ᠭᠣᠭᠴᠣᠭ᠎ᠠ᠎ᠶᠢ ᠬᠦᠴᠦᠨ ᠦᠭᠡᠢ ᠪᠣᠯᠭᠠᠵᠤ᠂ ᠠᠢᠮᠠᠭ ᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠦᠨ ᠠᠩᠬ᠎ᠠ ᠬᠢᠨᠠᠬᠤ ᠴᠠᠭ᠎ᠢ 3 ᠠᠵᠢᠯᠯᠠᠬᠤ ᠡᠳᠦᠷ ᠪᠠᠢᠭᠰᠠᠨ᠎ᠠᠴᠠ ᠨᠢ ᠠᠵᠤ ᠠᠬᠤᠢᠯᠠᠯ᠎ᠤᠨ ᠲᠤᠰᠢᠶᠠᠭᠰᠠᠨ ᠨᠥᠬᠥᠴᠡᠯ᠎ᠳᠦ ᠨᠡᠢᠴᠡᠭᠰᠡᠨ ᠮᠠᠲᠧᠷᠢᠶᠠᠯ᠎ᠢ ᠣᠯᠣᠭᠰᠠᠨ ᠡᠳᠦᠷ᠎ᠡᠴᠡ ᠡᠬᠢᠯᠡᠨ 1 ᠠᠵᠢᠯᠯᠠᠬᠤ ᠡᠳᠦᠷ᠎ᠦᠨ ᠳᠣᠲᠣᠷ᠎ᠠ ᠭᠥᠯᠢᠶᠡᠨ ᠠᠪᠴᠤ ᠰᠢᠢᠳᠪᠦᠷᠢᠯᠡᠬᠦ ᠪᠣᠯᠭᠠᠨ ᠥᠭᠡᠷᠡᠴᠢᠯᠡᠵᠦ᠂ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ ᠵᠦᠢᠯᠡᠰ᠎ᠢ ᠭᠦᠢᠴᠡᠳᠬᠡᠬᠦ ᠴᠠᠭ᠎ᠢᠶᠠᠨ ᠴᠦ᠍ 10 ᠠᠵᠢᠯᠯᠠᠬᠤ ᠡᠳᠦᠷ ᠪᠣᠯᠭᠠᠨ ᠬᠠᠰᠤᠵᠤ᠂ ᠬᠢᠨᠠᠨ ᠵᠥᠪᠰᠢᠶᠡᠷᠡᠬᠦ ᠴᠠᠭ᠎ᠤᠨ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ᠃ 

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠬᠣᠯᠪᠣᠭᠠᠯᠠᠨ ᠬᠢᠨᠠᠵᠤ ᠵᠥᠪᠰᠢᠶᠡᠷᠡᠬᠦ ᠠᠵᠢᠯ᠎ᠤᠨ ᠲᠣᠭᠲᠠᠴᠠ᠎ᠪᠠᠷ ᠳᠠᠮᠵᠢᠭᠤᠯᠤᠨ ᠠᠵᠤ ᠠᠬᠤᠢᠯᠠᠯ᠎ᠤᠨ ᠬᠦᠷᠲᠡᠮᠵᠢ᠎ᠶᠢᠨ ᠲᠥᠷᠥᠭᠳᠡᠯ ᠪᠠ ᠬᠠᠨᠤᠮᠵᠢ᠎ᠶᠢᠨ ᠬᠡᠮᠵᠢᠶ᠎ᠡ᠎ᠶᠢ ᠦᠨᠡᠨ ᠬᠦ᠌ ᠴᠢᠩᠭᠠᠷᠠᠭᠤᠯᠤᠭᠰᠠᠨ᠎ᠤ ᠬᠠᠮᠲᠤ ᠬᠡᠷᠡᠭᠯᠡᠭᠡᠨ᠎ᠡᠴᠡ ᠭᠠᠷᠤᠭᠰᠠᠨ ᠮᠠᠰᠢᠨ ᠲᠡᠷᠭᠡ᠎ᠶᠢ ᠡᠭᠡᠭᠦᠯᠦᠨ ᠬᠤᠷᠢᠶᠠᠵᠤ ᠰᠠᠯᠭᠠᠨ ᠵᠠᠳᠠᠯᠬᠤ ᠠᠵᠢᠯ ᠲᠥᠷᠥᠯ᠎ᠳᠤ ᠣᠷᠣᠬᠤ ᠵᠥᠪᠰᠢᠶᠡᠷᠡᠯ ᠪᠠ ᠲᠥᠷᠥᠯ ᠵᠦᠢᠯ᠎ᠦᠨ ᠪᠤᠲᠠᠲᠠᠢᠵᠢᠭᠤᠯᠤᠯᠲᠠ᠎ᠶᠢᠨ ᠠᠬᠢᠴᠠ᠎ᠶᠢ ᠲᠦᠷᠭᠡᠳᠬᠡᠵᠦ᠂ ᠮᠠᠰᠢᠨ ᠲᠡᠷᠭᠡᠨ᠎ᠦ ᠪᠦᠬᠦᠢᠯᠡ ᠦᠶᠡᠯᠡᠯ᠎ᠦᠨ ᠬᠤᠭᠤᠴᠠᠭᠠᠨ᠎ᠳᠡᠬᠢ ᠭᠦᠢᠯᠭᠡᠭᠡ᠎ᠶᠢ ᠰᠠᠭᠠᠳ ᠦᠭᠡᠢ ᠨᠡᠪᠲᠡᠷᠡᠭᠦᠯᠬᠦ᠂ ᠮᠠᠰᠢᠨ ᠲᠡᠷᠭᠡ᠎ᠶᠢᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠠᠬᠢᠭᠤᠯᠬᠤ᠂ ᠨᠣᠭᠣᠭᠠᠨ ᠣᠷᠴᠢᠯᠲᠤ ᠠᠵᠤ ᠠᠬᠤᠢ᠎ᠶᠢᠨ ᠬᠥᠭᠵᠢᠯᠲᠡ᠎ᠶᠢ ᠲᠦᠯᠬᠢᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠡᠢ᠃ 

ᠥᠪᠥᠷ ᠮᠣᠩᠭᠣᠯ᠎ᠳᠤ᠂ ᠬᠤᠳᠠᠯᠳᠤᠭᠠᠨ᠎ᠤ ᠶᠠᠪᠤᠳᠠᠯ᠂ ᠪᠠᠢᠭᠠᠯᠢ᠎ᠶᠢᠨ ᠡᠬᠢ ᠪᠠᠶᠠᠯᠢᠭ᠋᠎ᠤᠨ ᠰᠠᠯᠠᠭ᠎ᠠ ᠮᠥᠴᠢᠷ ᠬᠣᠯᠪᠣᠭᠠᠯᠠᠨ ᠬᠢᠨᠠᠵᠤ ᠵᠥᠪᠰᠢᠶᠡᠷᠡᠬᠦ ᠠᠵᠢᠯ᠎ᠤᠨ 《ᠴᠡᠭ》᠎ᠲᠤ᠎ᠪᠠᠨ ᠰᠢᠪᠲᠤᠯᠤᠯᠲᠠ ᠭᠠᠷᠭᠠᠵᠤ᠂ ᠬᠢᠨᠠᠨ ᠵᠥᠪᠰᠢᠶᠡᠷᠡᠯ᠎ᠦᠨ ᠦᠷ᠎ᠡ ᠪᠦᠲᠦᠮᠵᠢ᠎ᠶᠢᠨ 《ᠨᠡᠢᠳᠡᠮ》᠎ᠦᠨ ᠳᠡᠭᠡᠭᠰᠢᠯᠡᠯᠲᠡ᠎ᠶᠢ ᠳᠠᠢᠴᠢᠯᠠᠪᠠ᠃ 

ᠴᠢᠬᠤᠯᠠ ᠶᠡᠬᠡ ᠲᠦᠷᠦᠯ ᠵᠦᠢᠯ ᠪᠣᠯ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠬᠦ᠂ ᠠᠵᠤ ᠠᠬᠤᠢ᠎ᠶᠢᠨ ᠨᠡᠮᠡᠭᠳᠡᠯ᠎ᠢ ᠲᠣᠭᠲᠠᠪᠤᠷᠢᠵᠢᠭᠤᠯᠬᠤ ᠵᠠᠩᠭᠢᠯᠠᠭ᠎ᠠ᠎ᠶᠢᠨ ᠬᠥᠳᠡᠯᠭᠡᠭᠦᠷ ᠪᠣᠯᠣᠨ᠎ᠠ᠃ ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠤᠨ ᠬᠢᠨ ᠴᠢᠬᠤᠯᠠ ᠶᠡᠬᠡ ᠲᠥᠷᠥᠯ ᠵᠦᠢᠯ᠎ᠦᠨ ᠭᠠᠵᠠᠷ ᠬᠡᠷᠡᠭᠯᠡᠬᠦ᠎ᠳᠦ ᠨᠢ 《ᠭᠤᠷᠪᠠᠨ ᠱᠠᠲᠤ ᠬᠣᠯᠪᠣᠭᠠᠯᠠᠵᠤ ᠬᠢᠨᠠᠨ ᠪᠠᠢᠴᠠᠭᠠᠬᠤ》 (ᠣᠷᠣᠨ᠂ ᠬᠣᠲᠠ᠂ ᠬᠣᠰᠢᠭᠤ ᠭᠤᠷᠪᠠᠨ ᠱᠠᠲᠤ) ᠥᠭᠡᠷᠡᠴᠢᠯᠡᠯᠲᠡ᠎ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠯ᠎ᠦᠨ ᠲᠦᠭᠵᠢᠷᠡᠯ ᠴᠡᠭ᠎ᠢ ᠰᠢᠢᠳᠪᠦᠷᠢᠯᠡᠵᠦ᠂ ᠴᠢᠬᠤᠯᠠ ᠶᠡᠬᠡ ᠲᠥᠷᠥᠯ ᠵᠦᠢᠯ᠎ᠦᠨ ᠡᠷᠲᠡ ᠠᠵᠢᠯ ᠡᠬᠢᠯᠡᠭᠦᠯᠬᠦ᠂ ᠡᠷᠲᠡ ᠠᠰᠢᠭ᠍ᠯᠠᠯᠲᠠ᠎ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ᠎ᠶᠢ ᠠᠬᠢᠭᠤᠯᠪᠠ᠃ 

ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠵᠠᠢ᠎ᠶᠢᠨ ᠬᠦᠴᠦᠨ ᠵᠦᠢᠯ᠎ᠢ ᠪᠠᠢᠴᠠᠭᠠᠨ ᠯᠠᠪᠯᠠᠬᠤ ᠲᠠᠪᠴᠠᠩ》 ᠪᠠ 《ᠪᠠᠢᠭᠠᠯᠢ᠎ᠶᠢᠨ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠳ᠋ᠠᠢᠲ᠋ᠠ᠎ᠶᠢᠨ ᠣᠯᠠᠨ ᠨᠡᠢᠲᠡ᠎ᠶᠢᠨ ᠪᠠᠢᠴᠠᠭᠠᠨ ᠯᠠᠪᠯᠠᠬᠤ》 ᠸᠢᠴᠠᠲ᠎ᠤᠨ ᠪᠢᠴᠢᠯ ᠫᠷᠣᠭ᠌ᠷᠠᠮ᠎ᠢ ᠠᠵᠢᠯᠯᠠᠭᠤᠯᠵᠤ᠂ ᠥᠯᠥ ᠬᠥᠳᠡᠯᠬᠦ ᠬᠥᠷᠥᠩᠭᠡ᠎ᠶᠢᠨ ᠡᠷᠬᠡ᠎ᠶᠢᠨ ᠦᠨᠡᠮᠯᠡᠯ᠂ ᠭᠠᠵᠠᠷ ᠰᠢᠷᠣᠢ᠎ᠶᠢᠨ ᠡᠷᠬᠡ᠎ᠶᠢᠨ ᠬᠠᠷᠢᠶᠠᠯᠠᠯ᠎ᠤᠨ ᠭᠡᠷᠡᠴᠢᠯᠡᠯ ᠵᠡᠷᠭᠡ 6 ᠵᠦᠢᠯ᠎ᠦᠨ ᠬᠢᠨᠠᠨ ᠪᠠᠢᠴᠠᠭᠠᠯᠲᠠ᠎ᠶᠢᠨ ᠮᠠᠲᠧᠷᠢᠶᠠᠯ᠎ᠢ ᠪᠠᠭᠠᠰᠬᠠᠵᠤ᠂ ᠳ᠋ᠠᠢᠲ᠋ᠠ᠎ᠶᠢᠨ ᠲᠤᠯᠭᠠᠭᠤᠷᠢᠯᠠᠯ᠎ᠢ ᠴᠢᠩᠭᠠᠷᠠᠭᠤᠯᠬᠤ᠂ ᠬᠢᠨᠠᠨ ᠪᠠᠢᠴᠠᠭᠠᠯᠲᠠ᠎ᠶᠢᠨ ᠮᠠᠲᠧᠷᠢᠶᠠᠯ᠎ᠢ ᠴᠣᠮᠬᠠᠳᠬᠠᠬᠤ᠂ ᠬᠢᠨᠠᠨ ᠵᠥᠪᠰᠢᠶᠡᠷᠡᠯ᠎ᠦᠨ ᠴᠤᠪᠤᠷᠠᠯ᠎ᠢ ᠰᠢᠯᠢᠳᠡᠭᠵᠢᠭᠦᠯᠬᠦ᠂ ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠯ᠎ᠦᠨ 《ᠲᠦᠭᠵᠢᠷᠡᠯ》᠎ᠢ ᠦᠨᠡᠨ ᠬᠦ᠌ ᠠᠷᠢᠯᠭᠠᠨ ᠨᠠᠪᠲᠠᠷᠡᠭᠦᠯᠵᠦ᠂ ᠪᠥᠬᠥ ᠣᠷᠣᠨ᠎ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠳᠦ ᠪᠠᠢᠭᠠᠯᠢ᠎ᠶᠢᠨ ᠡᠬᠢ ᠪᠠᠶᠠᠯᠢᠭ᠋᠎ᠤᠨ ᠰᠠᠯᠠᠭ᠎ᠠ ᠮᠥᠴᠢᠷ᠎ᠦᠨ ᠬᠥᠳᠡᠯᠭᠡᠭᠴᠢ ᠡᠨᠧᠷᠭᠢ᠎ᠶᠢ ᠦᠷᠭᠦᠯᠵᠢᠯᠡᠨ ᠨᠡᠮᠡᠷᠢᠯᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ