ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠣᠢᠷ᠎ᠠ᠎ᠳᠤ 2025 ᠣᠨ᠎ᠤ ᠬᠤᠳᠠᠯᠳᠤᠭᠠᠨ᠎ᠤ ᠶᠠᠪᠤᠳᠠᠯ ᠪᠠ ᠬᠢᠯᠢ᠎ᠶᠢᠨ ᠪᠣᠭᠣᠮᠲᠠ᠎ᠶᠢᠨ ᠬᠥᠭᠵᠢᠯᠲᠡ᠎ᠶᠢᠨ ᠲᠤᠰᠬᠠᠢ ᠪᠡᠯᠡ ᠮᠥᠩᠭᠥ (ᠬᠡᠷᠡᠭᠯᠡᠭᠡ᠎ᠶᠢ ᠠᠬᠢᠭᠤᠯᠬᠤ ᠴᠢᠭᠯᠡᠯ)᠎ᠶᠢ 5000 ᠲᠦᠮᠡᠨ ᠲᠥᠭᠥᠷᠢᠭ ᠪᠠᠭᠤᠯᠭᠠᠵᠤ᠂ ᠪᠡᠯᠡ ᠮᠥᠩᠭᠥ᠎ᠪᠡᠷ ᠳᠠᠮᠵᠢᠭᠤᠯᠤᠨ ᠨᠠᠷᠢᠯᠢᠭ᠋ ᠣᠨᠣᠴᠠᠲᠠᠢ ᠲᠤᠰᠠᠯᠠᠬᠤ ᠪᠠ ᠭᠣᠣᠯᠳᠠᠯᠭ᠎ᠠ᠎ᠲᠠᠢ ᠬᠥᠰᠢᠭᠦᠷᠳᠡᠨ᠂ ᠪᠥᠬᠥ ᠣᠷᠣᠨ᠎ᠤ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠢ᠎ᠶᠢᠨ ᠲᠣᠭᠲᠠᠭᠤᠨ ᠪᠥᠭᠡᠳ ᠡᠷᠡᠭᠦᠯ᠎ᠢᠶᠡᠷ ᠬᠥᠭᠵᠢᠬᠦ᠎ᠳᠦ ᠬᠦᠴᠦᠲᠡᠢ ᠬᠥᠳᠡᠯᠭᠡᠭᠴᠢ ᠬᠦᠴᠦᠨ ᠨᠡᠮᠡᠷᠢᠯᠡᠬᠦ᠎ᠪᠡᠷ ᠵᠣᠷᠢᠯᠭ᠎ᠠ᠎ᠪᠠᠨ ᠪᠣᠯᠭᠠᠵᠠᠢ᠃
ᠡᠨᠡ ᠬᠦ᠌ ᠤᠳᠠᠭᠠᠨ᠎ᠤ ᠪᠠᠭᠤᠯᠭᠠᠭᠰᠠᠨ ᠲᠤᠰᠬᠠᠢ ᠪᠡᠯᠡ ᠮᠥᠩᠭᠥ᠎ᠶᠢ ᠳᠠᠢᠴᠢᠯᠠᠬᠤ ᠦᠢᠯᠡᠳᠦᠯ᠎ᠢᠶᠡᠷ ᠴᠢᠩᠭ᠎ᠠ᠂ ᠬᠡᠷᠡᠭᠯᠡᠭᠡ᠎ᠶᠢᠨ ᠡᠵᠡᠯᠡᠬᠦ ᠬᠠᠷᠢᠴᠠᠯ᠎ᠢᠶᠠᠷ ᠥᠨᠳᠥᠷ᠂ ᠠᠷᠠᠳ᠎ᠤᠨ ᠠᠮᠢᠳᠤᠷᠠᠯ ᠯᠤᠭ᠎ᠠ ᠨᠢᠭ᠍ᠲᠠ ᠬᠣᠯᠪᠣᠭ᠎ᠠ ᠪᠦᠬᠦᠢ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ ᠪᠠ ᠢᠳᠡᠭᠡᠨ ᠤᠮᠳᠠᠭᠠᠨ᠎ᠤ ᠬᠡᠷᠡᠭᠯᠡᠭᠡ ᠵᠡᠷᠭᠡ ᠬᠦᠷᠢᠶᠡᠨ᠎ᠳᠦ ᠭᠣᠣᠯᠳᠠᠯᠭ᠎ᠠ᠎ᠲᠠᠢ ᠬᠡᠷᠡᠭᠯᠡᠬᠦ ᠪᠣᠯᠣᠨ᠎ᠠ᠃ ᠪᠡᠯᠡ ᠮᠥᠩᠭᠥᠨ᠎ᠦ ᠬᠡᠷᠡᠭᠯᠡᠯᠲᠡ᠎ᠶᠢ 2025 ᠣᠨ᠎ᠤ 12 ᠳ᠋ᠤᠭᠠᠷ ᠰᠠᠷ᠎ᠠ᠎ᠠᠴᠠ 2026 ᠣᠨ᠎ᠤ ᠰᠢᠨ᠎ᠡ ᠵᠢᠯ᠂ ᠴᠠᠭᠠᠨ ᠰᠠᠷ᠎ᠠ᠎ᠶᠢᠨ ᠤᠯᠠᠮᠵᠢᠯᠠᠯᠲᠤ ᠬᠡᠷᠡᠭᠯᠡᠭᠡ᠎ᠶᠢᠨ ᠬᠥᠭᠵᠢᠶᠡᠨᠲᠦ ᠤᠯᠠᠷᠢᠯ ᠯᠤᠭ᠎ᠠ ᠨᠢᠭ᠍ᠲᠠ ᠵᠣᠯᠭᠠᠭᠤᠯᠤᠨ᠂ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠦᠨ ᠣᠨᠴᠠᠯᠢᠭ᠋ ᠯᠤᠭ᠎ᠠ ᠤᠶᠠᠯᠳᠤᠭᠤᠯᠤᠨ ᠪᠣᠷᠤᠯᠠᠭᠤᠯᠭ᠎ᠠ᠎ᠶᠢ ᠠᠬᠢᠭᠤᠯᠬᠤ ᠰᠢᠷᠢᠰ ᠭᠣᠣᠯ ᠰᠡᠳᠦᠪᠲᠦ ᠠᠵᠢᠯᠯᠠᠭ᠎ᠠ ᠥᠷᠨᠢᠭᠦᠯᠬᠦ᠎ᠶᠢ ᠳᠡᠮᠵᠢᠵᠦ᠂ ᠬᠡᠷᠡᠭᠯᠡᠭᠡ᠎ᠶᠢᠨ ᠬᠥᠭᠵᠢᠶᠡᠨᠲᠡᠢ ᠠᠭᠤᠷ ᠠᠮᠢᠰᠬᠤᠯ᠎ᠢ ᠪᠤᠢ ᠪᠣᠯᠭᠠᠨ᠂ ᠲᠦᠷᠦ᠎ᠶᠢᠨ ᠪᠣᠳᠣᠯᠭ᠎ᠠ᠎ᠶᠢᠨ ᠴᠡᠪᠡᠷ ᠠᠰᠢᠭ᠋᠎ᠢ ᠵᠠᠬ᠎ᠠ ᠳᠡᠯᠭᠡᠭᠦᠷ᠎ᠦᠨ ᠡᠵᠡᠩᠨᠡᠯᠲᠡ᠎ᠶᠢᠨ ᠭᠣᠣᠯ ᠴᠣᠭᠴᠠ᠎ᠳᠤ ᠰᠢᠭᠤᠳ ᠬᠦᠷᠭᠡᠵᠦ᠂ ᠥᠷᠭᠡᠨ ᠤᠯᠠᠨ ᠬᠡᠷᠡᠭᠯᠡᠭᠴᠢᠳ᠎ᠲᠦ ᠠᠰᠢᠭ ᠬᠦᠷᠲᠡᠭᠡᠨ᠂ ᠪᠦᠬᠦ ᠣᠷᠣᠨ᠎ᠤ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠲᠣᠭ᠎ᠠ ᠬᠡᠮᠵᠢᠶ᠎ᠡ ᠴᠢᠨᠠᠷ ᠴᠢᠨᠰᠠᠭ᠎ᠠ᠎ᠶᠢ ᠵᠡᠷᠭᠡ᠎ᠪᠡᠷ ᠳᠡᠭᠡᠭᠰᠢᠯᠡᠭᠦᠯᠬᠦ᠎ᠶᠢ ᠠᠬᠢᠭᠤᠯᠤᠨ᠎ᠠ᠃
ᠡᠨᠡ ᠬᠦ᠌ ᠤᠳᠠᠭᠠᠨ᠎ᠤ ᠪᠡᠯᠡ ᠮᠥᠩᠭᠥ ᠪᠠᠭᠤᠯᠭᠠᠭᠰᠠᠨ ᠶᠠᠪᠤᠳᠠᠯ ᠨᠢ ᠭᠣᠣᠯᠳᠠᠭᠤ ᠬᠡᠷᠡᠭᠯᠡᠭᠡ᠎ᠶᠢ ᠠᠬᠢᠭᠤᠯᠬᠤ᠂ ᠨᠡᠮᠡᠭᠳᠡᠯ᠎ᠢ ᠲᠣᠭᠲᠠᠪᠤᠷᠢᠵᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠪᠠᠢᠯᠳᠤᠬᠤ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠬᠡᠷᠡᠭᠯᠡᠭᠡ᠎ᠶᠢᠨ ᠠᠵᠤ ᠠᠬᠤᠢ᠎ᠶᠢᠨ ᠬᠥᠭᠵᠢᠯᠲᠡ᠎ᠳᠦ ᠦᠵᠡᠭᠦᠯᠬᠦ ᠰᠠᠭᠤᠷᠢ ᠴᠢᠨᠠᠷᠲᠠᠢ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠳᠣᠲᠣᠭᠠᠳᠤ ᠬᠡᠷᠡᠭᠴᠡᠭᠡ᠎ᠶᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠵᠠᠬ᠎ᠠ ᠳᠡᠯᠭᠡᠭᠦᠷ᠎ᠦᠨ ᠢᠲᠡᠭᠡᠯ᠎ᠢ ᠨᠡᠮᠡᠭᠳᠡᠭᠦᠯᠬᠦ᠎ᠶᠢᠨ ᠲᠥᠯᠥᠭᠡ ᠶᠤᠮ᠃ 《ᠪᠢᠳᠡ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠬᠥᠳᠡᠯᠦᠩᠭᠦᠢ ᠪᠠᠢᠳᠠᠯ᠎ᠢ ᠦᠷᠭᠦᠯᠵᠢᠯᠡᠨ ᠨᠢᠭ᠍ᠲᠠ ᠠᠩᠬᠠᠷᠴᠤ᠂ ᠪᠡᠯᠡ ᠮᠥᠩᠭᠥᠨ᠎ᠦ ᠣᠷᠣᠭᠤᠯᠤᠯᠲᠠ᠎ᠶᠢᠨ ᠠᠷᠭ᠎ᠠ ᠮᠠᠶᠢᠭ᠋᠎ᠢᠶᠠᠨ ᠰᠢᠯᠢᠳᠡᠭᠵᠢᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠢᠮᠠᠭ ᠬᠣᠲᠠ ᠯᠤᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠬᠡᠷᠡᠭᠯᠡᠭᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢ ᠪᠤᠲᠠᠲᠠᠢᠵᠢᠭᠤᠯᠤᠨ ᠦᠷ᠎ᠡ ᠪᠦᠲᠦᠮᠵᠢ ᠣᠯᠬᠤ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ᠂ ᠪᠥᠬᠥ ᠣᠷᠣᠨ᠎ᠤ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠦᠷᠭᠦᠯᠵᠢᠯᠡᠨ ᠰᠡᠷᠭᠦᠬᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠩᠭ᠎ᠠ ᠬᠦᠴᠦᠲᠡᠢ ᠡᠳ᠋᠎ᠦᠨ ᠵᠠᠰᠠᠭ᠎ᠤᠨ ᠳᠡᠮᠵᠢᠯᠭᠡ ᠬᠠᠩᠭᠠᠨ᠎ᠠ᠃》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃