12 ᠳ᠋ᠤᠭᠠᠷ ᠰᠠᠷ᠎ᠠ᠎ᠶᠢᠨ 1᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠨᠢ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠭᠤᠶᠤᠴᠢᠯᠠᠨ ᠮᠡᠳᠡᠭᠦᠯᠦᠭᠰᠡᠨ 《ᠰᠦᠨ ᠲᠠᠯᠬ᠎ᠠ᠎ᠳᠠᠬᠢ ᠫᠷᠣᠫᠸᠨᠣᠢᠯ ᠠᠮᠢᠳ᠋ ᠵᠠᠳᠠᠯᠤᠯᠲᠠ᠎ᠶᠢᠨ ᠪᠠᠷᠢᠮᠵᠢᠶᠠᠲᠤ ᠪᠣᠳᠠᠰ》᠎ᠲᠤ ᠴᠢᠭᠯᠡᠭᠦᠯᠦᠨ᠂ ᠲᠣᠰ ᠺᠣᠮᠫᠠᠨᠢ᠎ᠳᠦ ᠬᠣᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠲᠠᠰ ᠲᠣᠭᠲᠠᠭᠠᠭᠰᠠᠨ ᠦᠨᠡᠮᠯᠡᠯ ᠭᠠᠷᠳᠠᠭᠤᠯᠪᠠ᠃ ᠡᠨᠡ ᠪᠣᠯ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠥᠨᠥ᠍ ᠵᠢᠯ᠎ᠦᠨ 7 ᠳ᠋ᠤᠭᠠᠷ ᠰᠠᠷ᠎ᠠ᠎ᠳᠤ ᠬᠣᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠡᠷᠬᠡ᠎ᠶᠢ ᠳᠣᠷᠣᠭ᠍ᠰᠢ ᠪᠠᠭᠤᠯᠭᠠᠨ ᠥᠪᠥᠷ ᠮᠣᠩᠭᠣᠯ᠎ᠳᠤ ᠣᠯᠭᠣᠬᠤ᠎ᠶᠢ ᠵᠥᠪᠰᠢᠶᠡᠷᠡᠭᠰᠡᠨ᠎ᠤ ᠳᠠᠷᠠᠭ᠎ᠠ ᠭᠠᠷᠳᠠᠭᠤᠯᠤᠭᠰᠠᠨ ᠠᠩᠬᠠᠳᠠᠭ᠍ᠴᠢ ᠦᠨᠡᠮᠯᠡᠯ ᠪᠣᠯᠣᠨ᠎ᠠ᠃
ᠥᠩᠭᠡᠷᠡᠭᠰᠡᠨ᠎ᠳᠦ᠂ ᠬᠣᠯᠪᠣᠭᠳᠠᠯ ᠪᠦᠬᠦᠢ ᠠᠵᠤ ᠠᠬᠤᠢᠯᠠᠯ ᠨᠢ ᠤᠯᠤᠰ᠎ᠤᠨ ᠬᠣᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠵᠥᠪᠰᠢᠶᠡᠷᠡᠯ᠎ᠢ ᠭᠤᠶᠤᠴᠢᠯᠠᠬᠤ᠎ᠳᠤ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠳᠤ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠠᠢᠭᠰᠠᠨ ᠪᠣᠯᠬᠣᠷ ᠣᠢᠯᠠᠭᠠᠯᠴᠠᠨ ᠨᠡᠪᠲᠡᠷᠡᠯᠴᠡᠬᠦ ᠥᠪᠡᠷ᠎ᠦᠨ ᠥᠷᠲᠡᠭ ᠥᠨᠳᠥᠷ ᠪᠠᠢᠵᠠᠢ᠃ ᠡᠨᠡ ᠤᠳᠠᠭ᠎ᠠ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠡᠷᠬᠡ᠎ᠶᠢ ᠳᠣᠷᠣᠭ᠍ᠰᠢ ᠪᠠᠭᠤᠯᠭᠠᠭᠰᠠᠨ᠎ᠢᠶᠠᠷ᠂ ᠠᠵᠤ ᠠᠬᠤᠢᠯᠠᠯ 《 ᠭᠡᠷ᠎ᠦᠨ ᠡᠭᠦᠳᠡᠨ》ᠡᠴᠡ᠎ᠪᠠᠨ ᠦᠨᠡᠮᠯᠡᠯ ᠠᠪᠴᠤ ᠳᠡᠢᠯᠬᠦ ᠪᠣᠯᠵᠤ᠂ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠪᠠ᠃
ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠨᠢ ᠪᠠᠷᠢᠮᠵᠢᠶᠠᠲᠤ ᠪᠣᠳᠠᠰ᠎ᠤᠨ ᠬᠢᠨᠠᠨ ᠲᠣᠭᠲᠠᠭᠠᠬᠤ ᠲᠣᠭᠲᠠᠴᠠ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨ᠎ᠡ᠎ᠶᠢ ᠡᠭᠦᠳᠦᠨ ᠬᠠᠢᠨ ᠰᠦᠪᠡᠭᠴᠢᠯᠡᠬᠦ᠎ᠶᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠪᠠ ᠠᠵᠤ ᠦᠢᠯᠡᠰ᠎ᠦᠨ ᠬᠥᠭᠵᠢᠯᠲᠡ᠎ᠳᠤ ᠪᠠᠷᠢᠮᠵᠢᠶᠠᠲᠤ ᠪᠣᠳᠠᠰ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ᠎ᠶᠢ ᠴᠠᠭ ᠲᠤᠬᠠᠢ᠎ᠳᠤ ᠨᠢ ᠮᠥᠷᠳᠡᠨ ᠳᠠᠭᠠᠵᠤ᠂ ᠠᠵᠤ ᠠᠬᠤᠢᠯᠠᠯ᠎ᠤᠨ ᠦᠢᠯᠡᠳᠬᠦᠨ᠎ᠦ ᠤᠯᠠᠷᠢᠨ ᠰᠣᠯᠢᠭ᠍ᠳᠠᠬᠤ᠎ᠶᠢ ᠲᠦᠷᠭᠡᠳᠬᠡᠬᠦ᠎ᠳᠦ ᠬᠦᠴᠦᠨ ᠨᠡᠮᠡᠷᠢᠯᠡᠵᠦ᠂ ᠠᠵᠤ ᠠᠬᠤᠢᠯᠠᠯ᠎ᠤᠨ ᠳᠦᠷᠢᠮ᠎ᠦᠨ ᠴᠢᠨᠠᠷᠲᠠᠢ ᠠᠷᠠᠯᠵᠢᠶᠠᠨ᠎ᠤ ᠥᠪᠡᠷ᠎ᠦᠨ ᠥᠷᠲᠡᠭ᠎ᠢ ᠪᠠᠭᠤᠷᠠᠭᠤᠯᠤᠨ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠤᠯᠤᠰ᠎ᠤᠨ ᠬᠣᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠥᠭᠡᠷᠡᠴᠢᠯᠡᠯᠲᠡ᠎ᠶᠢᠨ ᠵᠦᠢᠯᠡᠰ᠎ᠢ ᠥᠪᠥᠷ ᠮᠣᠩᠭᠣᠯ᠎ᠳᠤ ᠴᠢᠯᠦᠭᠡᠲᠡᠢ ᠲᠠᠯᠪᠢᠵᠤ ᠳᠡᠶ᠋ᠢᠯᠬᠦ᠂ ᠭᠥᠯᠢᠶᠡᠨ ᠠᠪᠴᠤ ᠳᠡᠶ᠋ᠢᠯᠬᠦ᠂ ᠰᠠᠢᠲᠤᠷ ᠬᠠᠮᠢᠶᠠᠷᠴᠤ ᠳᠡᠢᠯᠬᠦ᠎ᠶᠢ ᠪᠡᠶᠡᠯᠡᠭᠦᠯᠬᠦ ᠪᠣᠯᠣᠨ᠎ᠠ᠃