ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠳᠤᠮᠳᠠᠳᠤ ᠮᠣᠩᠭᠣᠯ᠎ᠤᠨ ᠰᠦᠯᠵᠢᠶᠡᠨ᠎ᠦ ᠵᠠᠭᠤᠴᠢᠯᠠᠭᠤᠷ᠎ᠤᠨ ᠭᠤᠸᠠᠩᠳᠦ᠋ᠩ ᠥᠪᠥᠷ ᠮᠣᠩᠭᠣᠯ᠎ᠳᠠᠬᠢ ᠠᠶᠠᠯᠠᠯ᠎ᠤᠨ ᠬᠠᠮᠲᠤᠷᠠᠭ᠍ᠰᠠᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠭᠤᠸᠠᠩᠵᠧᠦ᠍᠎ᠳᠦ ᠡᠬᠢᠯᠡᠵᠡᠢ
ᠨᠡᠶ᠋ᠢᠲᠡᠯᠡᠭᠰᠡᠨ ᠴᠠᠭ᠄ 2025-12-03

12 ᠰᠠᠷ᠎ᠠ᠎ᠶ᠋ᠢᠨ 2᠎ᠦᠨ ᠡᠳᠦᠷ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠪᠣᠯᠤᠨ ᠮᠣᠩᠭᠣᠯ ᠤᠯᠤᠰ᠎ᠤᠨ ᠰᠡᠳᠬᠦᠯᠴᠢᠳ᠎ᠤᠨ ᠨᠢᠬᠡᠳᠦᠭᠰᠡᠨ ᠡᠪᠯᠡᠯ᠎ᠡᠴᠡ ᠬᠠᠮᠲᠤᠷᠠᠨ ᠭᠣᠣᠯᠯᠠᠨ ᠡᠷᠬᠢᠯᠡᠵᠦ᠍᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠲᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠭᠡᠷ ᠪᠣᠯᠤᠨ ᠮᠣᠩᠭᠣᠯ᠎ᠤᠨ ᠰᠠᠢᠲ᠎ᠤᠨ ᠬᠣᠯᠪᠣᠭ᠎ᠠ᠂ ᠮᠣᠩᠭᠣᠯ᠎ᠤᠨ ᠦᠨᠳᠦᠰᠦᠨ᠎ᠦ ᠰᠠᠢᠲ᠎ᠤᠨ ᠬᠥᠭᠵᠢᠯ᠎ᠦᠨ ᠨᠢᠭᠡᠳᠦᠭᠰᠡᠨ ᠬᠣᠯᠪᠣᠭ᠎ᠠ᠎ᠡᠴᠡ ᠬᠠᠮᠵᠢᠨ ᠡᠷᠬᠢᠯᠡᠭ᠌ᠰᠡᠨ 《ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠨᠡᠮ · ᠰᠦᠯᠵᠢᠶᠠᠨ᠎ᠤ ᠬᠠᠮᠳᠤ᠎ᠶᠢᠨ ᠠᠶᠠᠯᠠᠯ》 ᠳᠤᠮᠳᠠᠳᠤ ᠮᠣᠩᠭᠣᠯ᠎ᠤᠨ ᠰᠦᠯᠵᠢᠶᠡᠨ᠎ᠦ ᠵᠠᠭᠤᠴᠢᠯᠠᠭᠤᠷ᠎ᠤᠨ ᠭᠤᠸᠠᠩᠳᠦ᠋ᠩ ᠦᠪᠥᠷ ᠮᠣᠩᠭᠣᠯ᠎ᠳ᠋ᠡᠬᠢ ᠠᠶᠠᠯᠠᠯ᠎ᠤᠨ ᠬᠠᠮᠲᠤᠷᠠᠭ᠍ᠰᠠᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠭᠤᠸᠠᠩᠵᠧᠦ ᠬᠤᠳᠠ᠎ᠳᠤ ᠡᠬᠢᠯᠡᠪᠡ᠃

ᠮᠣᠩᠭᠣᠯ ᠤᠯᠤᠰ᠎ᠤᠨ News.mn᠂ Mass.mn᠂ Zuv.mn ᠵᠡᠷᠭᠡ 10 ᠭᠤᠤᠯ ᠰᠦᠯᠵᠢᠶ᠎ᠡ᠂ ᠯᠠᠪᠯᠠᠯᠲᠠ᠎ᠶ᠋ᠢᠨ ᠮᠡᠳᠡᠭᠡ᠂ ᠠᠷᠠᠳ᠎ᠤᠨ ᠰᠦᠯᠵᠢᠶ᠎ᠡ᠂ ᠱᠢᠨᠬᠤᠸᠠ ᠰᠦᠯᠵᠢᠶ᠎ᠡ᠂ ᠳᠤᠮᠳᠠᠳᠤ ᠤᠯᠤᠰ᠎ᠤᠨ ᠰᠦᠯᠵᠢᠶ᠎ᠡ ᠪᠣᠯᠤᠨ ᠭᠤᠸᠠᠩᠳᠦ᠋ᠩ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12 ᠵᠠᠭᠤᠴᠢᠯᠠᠭᠤᠷ᠎ᠤᠨ 30 ᠭᠠᠷᠤᠶ ᠰᠤᠷᠪᠤᠯᠵᠢᠯᠠᠭ᠍ᠴᠢ ᠣᠷᠣᠯᠴᠠᠵᠠᠶ᠃

ᠠᠵᠢᠯᠯᠠᠭ᠎ᠠ ᠨᠢ 12 ᠰᠠᠷ᠎ᠠ᠎ᠶ᠋ᠢᠨ 8 ᠤ᠋ ᠡᠳᠦᠷ ᠪᠣᠯᠲᠠᠯ᠎ᠠ ᠶᠠᠪᠤᠭᠳᠠᠨ᠎ᠠ᠃ ᠡᠨᠡ ᠬᠦ᠌ ᠬᠤᠭᠤᠴᠠᠭᠠᠨ᠎ᠳᠤ᠂ ᠰᠤᠷᠪᠤᠯᠵᠢᠯᠠᠬᠤ ᠪᠦᠯᠬᠦᠮ᠎ᠦᠨ ᠬᠢᠨ ᠭᠤᠸᠠᠩᠳᠦ᠋ᠩ᠎ᠤᠨ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠠᠮᠢ ᠨᠠᠰᠤ ᠡᠷᠡᠭᠦᠯ ᠮᠡᠨᠳᠦ᠍᠎ᠶ᠋ᠢᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠲᠣᠭᠣᠷᠢᠭ᠂ ᠶᠦᠩ ᠴᠢᠩ ᠹᠠᠩ᠂ ᠫᠠ ᠵᠧᠸ᠋᠎ᠶᠢᠨ ᠵᠣᠬᠢᠶᠠᠮᠠᠯ ᠣᠶᠤᠨ ᠴᠢᠳᠠᠪᠤᠷᠢ ᠬᠢᠭᠡᠳ ᠲᠣᠭᠠᠴᠢᠯᠠᠭ᠍ᠰᠠᠨ ᠠᠵᠤ ᠠᠬᠤᠶ᠎ᠶ᠋ᠢᠨ ᠪᠡᠶᠡᠴᠢᠯᠡᠨ ᠣᠢᠯᠠᠭᠠᠵᠤ ᠳᠡᠯᠭᠡᠷᠡᠭᠦᠯᠦᠨ ᠬᠦᠴᠦᠨ ᠣᠯᠭᠣᠬᠤ ᠲᠥᠪ᠂ ᠶᠦᠨ ᠳ᠋ᠢᠶᠸ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠺᠤᠮᠫᠠᠨᠢ᠂ ᠬᠣᠶ ᠲᠢᠶᠠᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠺᠤᠮᠫᠠᠨᠢ᠂ ᠱᠢᠶᠣᠤ ᠮᠠ ᡁᠢ ᠱᠢᠩ ᠺᠤᠮᠫᠠᠨᠢ᠂ ᠪᠢ ᠶᠠ ᠳ᠋ᠢ ᠺᠤᠮᠫᠠᠨᠢ᠂ ᠵᠥᠩ ᠴᠢᠩ ᠪᠣᠯᠤᠨ ᠶᠢᠤ ᠪᠢ ᠰᠢᠤᠸᠠᠨ ᠮᠠᠱᠢᠨ ᠬᠥᠮᠦᠨ᠎ᠦ ᠺᠤᠮᠫᠠᠨᠢ ᠵᠢᠴᠢ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ᠂ ᠮᠸᠩ ᠨᠢᠤ ᠪᠦᠯᠦᠭ᠌ᠯᠡᠯ᠂ ᠴᠠᠬᠢᠯᠭᠠᠨ ᠬᠦᠴᠦᠨ᠎ᠦ ᠪᠦᠯᠦᠭ᠌ᠯᠡᠯ᠂ ᠡᠷᠢᠶᠡᠨ ᠬᠣᠲᠠ ᠬᠢᠯᠢ᠎ᠶᠢᠨ ᠪᠣᠭᠣᠮᠲᠠ ᠵᠡᠷᠭᠡ ᠭᠠᠵᠠᠷ᠎ᠲᠤ ᠬᠦᠷᠴᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠡᠮ᠂ ᠤᠯᠠᠮᠵᠢᠯᠠᠯᠲᠤ ᠰᠣᠶᠣᠯ᠎ᠢ ᠬᠠᠮᠠᠭᠠᠯᠠᠵᠤ ᠤᠯᠠᠮᠵᠢᠯᠠᠬᠤ ᠵᠢᠴᠢ ᠬᠢᠲᠠᠳ ᠮᠣᠩᠭᠣᠯ ᠡᠮ ᠡᠮᠨᠡᠯᠭᠡ᠂ ᠡᠨᠧᠷᠭᠢ᠎ᠶ᠋ᠢᠨ ᠴᠠᠬᠢᠯᠭᠠᠨ ᠭᠠᠷᠭᠠᠯᠳᠠ᠂ ᠰᠦ᠎ᠶᠢᠨ ᠠᠵᠤ ᠦᠢᠯᠡᠰ᠂ ᠬᠢᠯᠢ᠎ᠶᠢᠨ ᠪᠣᠭᠣᠮᠲᠠ᠎ᠶ᠋ᠢᠨ ᠪᠦᠲᠦᠭᠡᠨ ᠪᠠᠢᠭᠤᠯᠤᠯᠲᠠ ᠵᠡᠷᠭᠡ ᠬᠦᠷᠢᠶᠡᠨ᠎ᠳᠦ ᠰᠤᠷᠪᠤᠯᠵᠢᠯᠠᠨ ᠮᠡᠳᠡᠭᠡᠯᠡᠵᠤ᠂ ᠮᠣᠩᠭᠣᠯ ᠤᠯᠤᠰ᠎ᠤᠨ ᠠᠷᠠᠳ ᠣᠯᠠᠨ᠎ᠳᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠢᠳᠡᠪᠬᠢᠲᠡᠶ ᠲᠠᠨᠢᠯᠴᠠᠭᠤᠯᠵᠤ᠂ ᠮᠣᠩᠭᠣᠯ ᠤᠯᠤᠰ᠎ᠲᠠᠶ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠤ᠂ ᠬᠠᠮᠲᠤ᠎ᠪᠠᠷ ᠬᠥᠭ᠌ᠵᠢᠵᠤ᠂ ᠳᠤᠮᠳᠠᠳᠤ ᠮᠣᠩᠭᠣᠯ ᠬᠣᠶᠠᠷ ᠤᠯᠤᠰ᠎ᠤᠨ ᠡᠯ᠎ᠡ ᠬᠦᠷᠢᠶᠡᠨ᠎ᠦ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠰᠠᠢ᠌ᠨ ᠰᠠᠢᠬᠠᠨ ᠢᠷᠡᠭᠡᠳᠦᠢ᠎ᠶ᠋ᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ