12 ᠳ᠋ᠤᠭᠠᠷ ᠰᠠᠷ᠎ᠠ᠎ᠶᠢᠨ 3᠎ᠤ ᠡᠳᠦᠷ᠎ᠦᠨ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠪᠥᠬᠥ ᠣᠷᠣᠨ᠎ᠤ ᠡᠨᠧᠷᠭᠢ᠎ᠶᠢᠨ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠦᠨ ᠮᠡᠳᠡᠭᠦᠯᠦᠯᠲᠡ ᠬᠢᠭᠡᠳ ᠡᠨᠧᠷᠭᠢ᠎ᠶᠢᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢᠨ ᠰᠣᠯᠢᠯᠴᠠᠬᠤ ᠠᠵᠢᠯᠯᠠᠭ᠎ᠠ᠎ᠶᠢ ᠵᠣᠬᠢᠶᠠᠨ ᠪᠠᠢᠭᠤᠯᠵᠤ ᠡᠷᠬᠢᠯᠡᠪᠡ᠂ ᠡᠨᠧᠷᠭᠢ᠎ᠶᠢᠨ 19 ᠠᠵᠤ ᠠᠬᠤᠢᠯᠠᠯ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢᠬᠢ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠲᠠᠯ᠎ᠠ᠎ᠪᠠᠷ ᠰᠢᠨ᠎ᠡ᠎ᠶᠢ ᠡᠭᠦᠳᠦᠭᠰᠡᠨ ᠡᠯᠪᠡᠭ ᠪᠠᠶᠠᠯᠢᠭ᠋ ᠦᠷ᠎ᠡ ᠪᠦᠲᠦᠭᠡᠯ᠎ᠢᠶᠡᠨ ᠲᠥᠪᠯᠡᠷᠡᠭᠦᠯᠦᠨ ᠳᠡᠯᠭᠡᠨ ᠦᠵᠡᠭᠦᠯᠵᠦ᠂ ᠵᠠᠰᠠᠭ ᠠᠵᠤ ᠠᠬᠤᠢᠯᠠᠯ ᠰᠤᠷᠭᠠᠭᠤᠯᠢ ᠰᠤᠳᠤᠯᠭᠠᠨ ᠵᠡᠷᠭᠡ ᠣᠯᠠᠨ ᠲᠠᠯ᠎ᠠ᠎ᠶᠢᠨ ᠬᠢᠨ ᠦᠷ᠎ᠡ ᠪᠦᠲᠦᠭᠡᠯ᠎ᠢ ᠤᠯᠠᠷᠢᠭᠤᠯᠬᠤ ᠠᠷᠭ᠎ᠠ ᠵᠠᠮ᠎ᠢᠶᠠᠨ ᠬᠠᠮᠲᠤ᠎ᠪᠠᠷ ᠶᠠᠷᠢᠯᠴᠠᠵᠤ᠂ ᠥᠪᠥᠷ ᠮᠣᠩᠭᠣᠯ᠎ᠤᠨ ᠰᠢᠨ᠎ᠡ ᠬᠡᠯᠪᠡᠷᠢ᠎ᠶᠢᠨ ᠡᠨᠧᠷᠭᠢ᠎ᠶᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠳᠤ ᠬᠥᠳᠡᠯᠭᠡᠭᠴᠢ ᠡᠨᠧᠷᠭᠢ ᠨᠡᠮᠡᠷᠢᠯᠡᠪᠡ᠃
ᠡᠨᠡ ᠬᠦ᠌ ᠤᠳᠠᠭᠠᠨ᠎ᠤ ᠠᠵᠢᠯᠯᠠᠭ᠎ᠠ᠎ᠳᠦ ᠮᠡᠳᠡᠭᠦᠯᠦᠯᠲᠡ ᠬᠢᠭᠰᠡᠨ ᠠᠵᠤ ᠠᠬᠤᠢᠯᠠᠯ᠎ᠢ 《ᠪᠥᠬᠥ ᠣᠷᠣᠨ᠎ᠳᠤ ᠬᠠᠨᠳᠤᠭᠤᠯᠤᠨ᠂ ᠰᠠᠢᠨ ᠳᠤᠷ᠎ᠠ᠎ᠠᠴᠠ᠎ᠪᠠᠨ ᠭᠤᠶᠤᠴᠢᠯᠠᠬᠤ》 ᠵᠠᠷᠴᠢᠮ᠎ᠢᠶᠠᠷ ᠰᠣᠩᠭᠣᠨ ᠭᠠᠷᠭᠠᠵᠤ᠂ ᠣᠯᠠᠨ ᠡᠰᠢᠲᠦ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠬᠠᠮᠤᠷᠪᠠ — ᠡᠭᠦᠨ᠎ᠳᠦ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ 12 ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ᠎ᠳᠤ ᠬᠠᠷᠢᠶᠠᠯᠠᠭᠳᠠᠬᠤ ᠤᠯᠤᠰ᠎ᠤᠨ ᠦᠮᠴᠢᠯᠡᠯᠲᠦ 2 ᠠᠵᠤ ᠠᠬᠤᠢᠯᠠᠯ᠂ ᠪᠤᠰᠤᠳ ᠮᠤᠵᠢ᠎ᠳᠤ ᠬᠠᠷᠢᠶᠠᠯᠠᠭᠳᠠᠬᠤ ᠤᠯᠤᠰ᠎ᠤᠨ ᠦᠮᠴᠢᠯᠡᠯᠲᠦ 2 ᠠᠵᠤ ᠠᠬᠤᠢᠯᠠᠯ ᠵᠢᠴᠢ ᠠᠷᠠᠳ᠎ᠡᠴᠡ ᠡᠵᠡᠩᠨᠡᠭᠰᠡᠨ 3 ᠠᠵᠤ ᠠᠬᠤᠢᠯᠠᠯ ᠪᠠᠢᠪᠠ᠃ ᠬᠤᠷᠠᠯ ᠳᠡᠭᠡᠷ᠎ᠡ᠂ ᠡᠯ᠎ᠡ ᠠᠵᠤ ᠠᠬᠤᠢᠯᠠᠯ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ ᠳᠦᠷᠢᠮ᠎ᠦᠨ ᠲᠣᠭᠲᠠᠯᠴᠠᠭᠠᠨ᠎ᠤ ᠪᠦᠲᠦᠭᠡᠨ ᠪᠠᠢᠭᠤᠯᠤᠯᠲᠠ᠂ ᠴᠢᠳᠠᠪᠤᠷᠢᠲᠠᠨ᠎ᠢ ᠲᠠᠲᠠᠨ ᠠᠪᠴᠢᠷᠠᠵᠤ ᠬᠥᠮᠥᠵᠢᠭᠦᠯᠬᠦ᠂ ᠰᠤᠳᠤᠯᠭᠠᠨ᠎ᠤ ᠠᠵᠢᠯ᠎ᠳᠤ ᠪᠡᠯᠡ ᠣᠷᠣᠭᠤᠯᠬᠤ᠂ ᠴᠢᠬᠤᠯᠠ ᠶᠡᠬᠡ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠦᠷ᠎ᠡ ᠪᠦᠲᠦᠭᠡᠯ ᠪᠠ ᠭᠣᠣᠯᠳᠠᠯᠭ᠎ᠠ ᠪᠣᠯᠬᠤ ᠰᠢᠨ᠎ᠡ ᠡᠭᠦᠳᠦᠯᠲᠡ᠎ᠶᠢᠨ ᠲᠦᠷᠦᠯ ᠵᠦᠢᠯ ᠵᠡᠷᠭᠡ ᠵᠠᠩᠭᠢᠯᠠᠭ᠎ᠠ᠎ᠶᠢᠨ ᠠᠭᠤᠯᠭ᠎ᠠ᠎ᠶᠢᠨ ᠲᠣᠭᠣᠷᠢᠨ᠎ᠳᠤ ᠭᠦᠨᠵᠡᠭᠡᠢ ᠰᠣᠯᠢᠯᠴᠠᠭ᠎ᠠ ᠥᠷᠨᠢᠭᠦᠯᠵᠦ᠂ ᠦᠢᠯᠡᠳᠦᠯᠭᠡ᠎ᠶᠢᠨ ᠲᠤᠷᠰᠢᠯᠭ᠎ᠠ ᠪᠠ ᠰᠢᠨ᠎ᠡ᠎ᠶᠢ ᠡᠭᠦᠳᠬᠦ ᠰᠡᠳᠬᠢᠮᠵᠢ᠎ᠪᠡᠨ ᠬᠤᠪᠢᠶᠠᠯᠴᠠᠪᠠ᠃
ᠪᠦᠷᠢᠳᠬᠡᠯ᠎ᠢ ᠦᠨᠳᠦᠰᠦᠯᠡᠪᠡᠯ᠂ ᠡᠨᠡ 19 ᠠᠵᠤ ᠠᠬᠤᠢᠯᠠᠯ᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢ ᠰᠤᠳᠤᠯᠭᠠᠨ᠎ᠤ ᠠᠵᠢᠯ᠎ᠳᠤ ᠨᠡᠢ᠍ᠢᠳᠡ 364 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ 1856 ᠵᠦᠢᠯ᠎ᠦᠨ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ᠎ᠶᠢ ᠣᠯᠵᠤ᠂ ᠨᠢᠭᠡ ᠪᠦᠯᠦᠭ ᠬᠣᠭᠣᠰᠤᠨ᠎ᠢ ᠨᠥᠬᠥᠪᠦᠷᠢᠯᠡᠬᠦ᠂ ᠠᠵᠢᠯ ᠲᠦᠷᠦᠯ᠎ᠢ ᠬᠥᠲᠥᠯᠥᠨ ᠳᠠᠭᠠᠭᠤᠯᠬᠤ ᠴᠢᠬᠤᠯᠠ ᠶᠡᠬᠡ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠢ ᠪᠣᠢ ᠪᠣᠯᠭᠠᠵᠠᠢ᠃ ᠡᠭᠦᠨ᠎ᠳᠦ᠂ ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠪᠠᠷ ᠲᠦᠷᠦᠭᠦᠯᠡᠨ ᠬᠢᠭᠰᠡᠨ 《ᠶᠡᠬᠡ ᠬᠡᠪᠴᠢᠶᠡᠨ᠎ᠦ ᠳᠠᠬᠢᠯᠲᠠ ᠡᠨᠧᠷᠭᠢ᠎ᠶᠢᠨ ᠰᠠᠭᠤᠷᠢᠨ ᠭᠠᠵᠠᠷ᠎ᠤᠨ ᠣᠨᠴᠠ ᠥᠨᠳᠥᠷ ᠬᠦᠴᠦᠳᠡᠯᠲᠦ ᠣᠯᠠᠨ ᠦᠵᠦᠭᠦᠷ᠎ᠦᠨ ᠲᠣᠭᠲᠠᠮᠠᠯ ᠭᠦᠶᠦᠳᠡᠯᠲᠦ ᠴᠠᠬᠢᠯᠭᠠᠨ᠎ᠢ ᠭᠠᠳᠠᠭ᠍ᠰᠢ ᠳᠠᠮᠵᠢᠭᠤᠯᠬᠤ ᠵᠠᠩᠭᠢᠯᠠᠭ᠎ᠠ᠎ᠶᠢᠨ ᠮᠡᠷᠭᠡᠵᠢᠯ》᠂ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ 《ᠥᠨᠳᠥᠷ ᠬᠠᠷᠢᠴᠠᠯ᠎ᠳᠤ ᠰᠢᠨ᠎ᠡ ᠡᠨᠧᠷᠭᠢ᠎ᠶᠢ ᠵᠠᠯᠭᠠᠨ ᠣᠷᠣᠭᠤᠯᠤᠭᠰᠠᠨ ᠴᠠᠬᠢᠯᠭᠠᠨ ᠬᠦᠴᠦᠨ᠎ᠤ ᠲᠣᠣᠷ᠎ᠤᠨ ᠰᠠᠨᠠᠭᠠᠴᠢᠯᠠᠭ᠎ᠠ᠎ᠡᠴᠡ᠎ᠪᠠᠨ ᠲᠤᠯᠭᠠᠭᠤᠷᠢᠯᠠᠬᠤ ᠬᠡᠯᠪᠡᠷᠢ᠎ᠶᠢᠨ ᠵᠠᠭᠤᠨ ᠰᠠᠶ᠎ᠠ ᠸᠠᠲ ᠲᠠᠰ᠎ᠤᠨ ᠬᠣᠯᠢᠮᠠᠭ ᠡᠨᠧᠷᠭᠢ ᠨᠥᠭᠡᠴᠡᠯᠡᠬᠦ ᠮᠡᠷᠭᠡᠵᠢᠯ》᠎ᠤᠨ ᠲᠥᠷᠥᠯ ᠵᠦᠢᠯ ᠨᠢ ᠴᠥᠮ ᠠᠵᠢᠯ ᠲᠥᠷᠥᠯ᠎ᠦᠨ ᠵᠠᠩᠭᠢᠯᠠᠭ᠎ᠠ᠎ᠶᠢᠨ ᠮᠡᠷᠭᠡᠵᠢᠯ᠎ᠦᠨ ᠰᠢᠪᠲᠤᠯᠤᠯᠲᠠ ᠪᠣᠯᠣᠨ᠎ᠠ᠃
ᠡᠨᠡ ᠤᠳᠠᠭᠠᠨ᠎ᠤ ᠠᠵᠢᠯᠯᠠᠭ᠎ᠠ᠎ᠳᠤ ᠪᠠᠰᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠂ ᠡᠯ᠎ᠡ ᠠᠢᠮᠠᠭ ᠬᠣᠲᠠ᠎ᠶᠢᠨ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠢᠯ ᠲᠥᠷᠥᠯ᠎ᠦᠨ ᠨᠡᠢᠭᠡᠮᠯᠢᠭ᠎ᠦᠨ ᠲᠥᠯᠥᠭᠡᠯᠡᠭᠴᠢᠳ᠎ᠢ ᠤᠷᠢᠵᠤ ᠬᠤᠷᠠᠯ᠎ᠳᠤ ᠣᠷᠣᠯᠴᠠᠭᠤᠯᠵᠤ᠂ ᠵᠠᠰᠠᠭ ᠠᠵᠤ ᠠᠬᠤᠢᠯᠠᠯ ᠰᠤᠷᠭᠠᠭᠤᠯᠢ ᠰᠤᠳᠤᠯᠭᠠᠨ ᠣᠯᠠᠨ ᠲᠠᠯ᠎ᠠ᠎ᠶᠢᠨ ᠬᠠᠮᠲᠤᠷᠠᠨ ᠬᠥᠳᠡᠯᠦᠯᠴᠡᠬᠦ᠎ᠪᠡᠷ ᠳᠠᠮᠵᠢᠭᠤᠯᠤᠨ᠂ ᠦᠷ᠎ᠡ ᠪᠦᠲᠦᠭᠡᠯ᠎ᠢᠶᠡᠨ ᠳᠡᠯᠭᠡᠨ ᠦᠵᠡᠭᠦᠯᠬᠦ᠂ ᠲᠤᠷᠰᠢᠯᠭ᠎ᠠ᠎ᠪᠡᠨ ᠰᠣᠯᠢᠯᠴᠠᠬᠤ᠂ ᠡᠬᠢ ᠪᠠᠶᠠᠯᠢᠭ᠋᠎ᠢᠶᠠᠨ ᠵᠣᠯᠭᠠᠭᠤᠯᠬᠤ ᠥᠨᠳᠥᠷ ᠪᠦᠲᠦᠮᠵᠢᠲᠡᠶ ᠲᠠᠪᠴᠠᠩ᠎ᠢ ᠪᠠᠢᠭᠤᠯᠵᠤ᠂ ᠥᠪᠥᠷ ᠮᠣᠩᠭᠣᠯ᠎ᠤᠨ ᠡᠨᠧᠷᠭᠢ᠎ᠶᠢᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠢᠶᠡᠨ ᠤᠯᠠᠷᠢᠭᠤᠯᠤᠨ ᠨᠠᠢᠳᠠᠪᠤᠷᠢᠵᠢᠭᠤᠯᠬᠤ᠎ᠶᠢ ᠤᠯᠠᠮ ᠨᠢᠭᠡ ᠠᠯᠬᠤᠮ ᠲᠦᠷᠭᠡᠳᠬᠡᠪᠡ᠃