ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠣᠢ᠌ᠯᠠᠭ᠋ᠠᠭᠰᠠᠨ᠎ᠢᠶᠡᠷ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠨᠢᠭᠡᠳᠦᠭᠡᠷ ᠪᠦᠯᠦᠭ)᠎ᠤᠨ ᠨᠡᠷᠡᠰ᠎ᠢ ᠣᠢ᠌ᠷ᠎ᠠ᠎ᠳᠤ ᠨᠡᠢ᠌ᠲᠡᠯᠡᠪᠡ᠂ ᠥᠪᠥᠷ ᠮᠣᠩᠭᠣᠯ᠎ᠤᠨ ᠲᠠᠷᠢᠮᠠᠯ᠎ᠤᠨ ᠦᠢ᠍ᠯᠡᠰ᠎ᠤᠨ ᠲᠥᠷᠥᠯ᠎ᠤᠨ 4 ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠮᠠᠯ ᠠᠵᠤ ᠠᠬᠤᠢ ᠮᠠᠯ ᠡᠮᠨᠡᠯᠭᠡ᠎ᠶᠢᠨ ᠲᠥᠷᠥᠯ᠎ᠤᠨ 1 ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠡᠨᠡ ᠬᠦ᠌ ᠨᠡᠷᠡᠰ᠎ᠲᠦ ᠰᠣᠩᠭᠣᠭᠳᠠᠭᠰᠠᠨ ᠪᠠᠢ᠌ᠨ᠎ᠠ᠃
ᠲᠡᠷᠢᠭᠦᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ ᠲᠥᠪᠯᠡᠷᠡᠭᠦᠯᠦᠨ ᠰᠢᠨ᠎ᠡ ᠵᠢ ᠡᠭᠦᠳᠬᠦ᠂ ᠪᠣᠯᠪᠠᠰᠤᠷᠠᠭᠤᠯᠤᠨ ᠰᠢᠯᠭ᠋ᠠᠨ ᠨᠤᠲᠠᠯᠠᠬᠤ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠎ᠶᠢ ᠠᠬᠢᠭᠤᠯᠬᠤ᠎ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠡᠨᠡ ᠵᠢᠯ᠎ᠤᠨ 5 ᠳ᠋ᠤᠭ᠋ᠠᠷ ᠰᠠᠷ᠎ᠠ᠎ᠳᠤ ᠣᠳᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠰᠣᠩᠭᠣᠨ ᠲᠠᠨᠢᠯᠴᠠᠭᠤᠯᠬᠤ ᠠᠵᠢᠯ᠎ᠢᠶᠠᠨ ᠡᠬᠢᠯᠡᠭᠦᠯᠪᠡ᠂ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠦᠳ ᠲᠠᠨᠢᠯᠴᠠᠭᠤᠯᠤᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠬᠢᠨᠠᠨ ᠰᠢᠯᠭᠠᠷᠠᠭᠤᠯᠵᠤ᠂ ᠠᠬᠤᠢ ᠲᠠᠯᠠᠪᠠᠢ᠎ᠳᠤ ᠨᠢ ᠬᠢᠨᠠᠨ ᠰᠢᠯᠭ᠋ᠠᠬᠤ ᠪᠠ ᠵᠠᠷᠯᠠᠨ ᠨᠡᠢ᠌ᠲᠡᠯᠡᠬᠦ ᠵᠡᠷᠭᠡ ᠶᠠᠪᠤᠴᠠ᠎ᠪᠠᠷ ᠳᠠᠮᠵᠢᠭᠤᠯᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ 149 ᠰᠠᠭᠤᠷᠢᠨ ᠭᠠᠵᠠᠷ (ᠨᠢᠭᠡᠳᠦᠭᠡᠷ ᠪᠦᠯᠦᠭ)᠎ᠢ ᠨᠡᠢ᠌ᠲᠡᠯᠡᠵᠦ᠂ ᠲᠠᠷᠢᠮᠠᠯ᠎ᠤᠨ ᠦᠢ᠍ᠯᠡᠰ᠂ ᠮᠠᠯ ᠠᠵᠤ ᠠᠬᠤᠢ ᠮᠠᠯ ᠡᠮᠨᠡᠯᠭᠡ᠂ ᠵᠢᠭ᠋ᠠᠰᠤᠨ ᠠᠵᠤ ᠠᠬᠤᠢ᠂ ᠲᠠᠷᠢᠶᠠᠯᠠᠩ᠎ᠤᠨ ᠮᠧᠬᠠᠨᠢᠭ᠋᠂ ᠡᠬᠢ ᠪᠠᠶᠠᠯᠢᠭ ᠣᠷᠴᠢᠨ ᠲᠣᠭᠣᠷᠢᠨ ᠵᠡᠷᠭᠡ 5 ᠠᠵᠢᠯ ᠲᠥᠷᠥᠯ᠎ᠤᠨ ᠬᠦᠷᠢᠶ᠎ᠡ᠎ᠶᠢ ᠬᠠᠮᠤᠷᠴᠠᠢ᠃ ᠥᠪᠥᠷ ᠮᠣᠩᠭᠣᠯ᠎ᠤᠨ ᠰᠣᠩᠭᠣᠭᠳᠠᠭᠰᠠᠨ ᠰᠠᠭᠤᠷᠢᠨ ᠭᠠᠵᠠᠷ ᠪᠣᠯ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠮᠠᠯ᠎ᠤᠨ ᠲᠠᠷᠢᠵᠤ ᠤᠷᠭᠤᠭᠤᠯᠬᠤ ᠪᠠ ᠮᠧᠬᠠᠨᠢᠭᠵᠢᠭᠤᠯᠤᠭᠰᠠᠨ ᠣᠳᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠡᠷᠭᠦᠨ᠎ᠡ)᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠮᠠᠯ᠎ᠤᠨ ᠳᠠᠷᠢᠵᠤ ᠤᠷᠭᠤᠭᠤᠯᠬᠤ ᠪᠠ ᠮᠧᠬᠠᠨᠢᠭᠵᠢᠭᠤᠯᠤᠭᠰᠠᠨ ᠣᠳᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠰᠠᠢᠬᠠᠨ)᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠮᠠᠯ᠎ᠤᠨ ᠲᠠᠷᠢᠵᠤ ᠤᠷᠭᠤᠭᠤᠯᠬᠤ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠤᠷᠠᠳ᠎ᠤᠨ ᠡᠮᠦᠨᠡᠲᠦ ᠬᠣᠰᠢᠭᠤ)᠂ ᠲᠠᠷᠢᠮᠠᠯ᠎ᠤᠨ ᠲᠠᠷᠢᠵᠤ ᠤᠷᠭᠤᠭᠤᠯᠬᠤ ᠪᠠ ᠮᠧᠬᠠᠨᠢᠭᠵᠢᠭᠤᠯᠤᠭᠰᠠᠨ ᠣᠳᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠲᠦᠮᠡᠳ ᠵᠡᠭᠦᠨ ᠬᠣᠰᠢᠭᠤ) ᠪᠠ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠠ ᠲᠡᠵᠢᠭᠡᠯ ᠡᠪᠡᠰᠦ ᠪᠣᠷᠳᠣᠭ᠋ᠠᠨ᠎ᠤ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠬᠣᠷᠢᠨᠭᠡᠷ) ᠪᠣᠯᠣᠨ᠎ᠠ᠃
ᠲᠠᠷᠢᠶᠠᠯᠠᠩ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠠᠭᠤᠷᠢᠨ ᠭᠠᠵᠠᠷ᠎ᠤᠨ ᠵᠢᠷᠤᠮᠵᠢᠭᠤᠯᠬᠤ ᠪᠠᠢ᠌ᠭᠤᠯᠤᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠡᠨᠡ ᠬᠦ᠌ ᠤᠳᠠᠭ᠋ᠠᠨ᠎ᠤ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠨᠢᠭᠡᠳᠦᠭᠡᠷ ᠪᠦᠯᠦᠭ)᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ᠂ 《ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠤᠷᠠᠮᠠᠯ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》 《ᠤᠯᠤᠰ᠎ᠤᠨ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭ᠌ᠨᠢᠭ᠌ ᠮᠡᠷᠭᠡᠵᠢᠯ᠎ᠤᠨ ᠵᠢᠱ᠌ᠢᠶ᠎ᠡ ᠦᠵᠡᠭᠦᠯᠵᠦ ᠳᠡᠯᠭᠡᠨ ᠦᠵᠡᠭᠦᠯᠬᠦ ᠰᠠᠭᠤᠷᠢᠨ ᠭᠠᠵᠠᠷ》 ᠬᠡᠮᠡᠬᠦ ᠨᠡᠷᠡᠢᠳᠦᠯ᠎ᠢ ᠦᠯᠡᠳᠡᠭᠡᠵᠦ ᠬᠡᠷᠡᠭᠯᠡᠬᠦ ᠦᠭᠡᠢ᠃