ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠪᠥᠬᠥ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠨᠤᠭᠤᠳ᠎ᠤᠨ ᠰᠤᠷᠤᠭ᠍ᠴᠢᠳ᠎ᠤᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠤᠷᠤᠯᠳᠤᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳ᠋ᠡᠬᠢ ᠰᠢᠯᠭᠠᠷᠠᠭᠤᠯᠬᠤ ᠤᠷᠤᠯᠳᠤᠭᠠᠨ ᠥᠨᠳᠥᠷᠯᠡᠪᠡ
ᠨᠡᠶ᠋ᠢᠲᠡᠯᠡᠭᠰᠡᠨ ᠴᠠᠭ᠄ 2025-12-08

12 ᠳ᠋ᠤᠭᠠᠷ ᠰᠠᠷ᠎ᠠ᠎ᠶᠢᠨ 6 ᠎ᠤ ᠡᠳᠦᠷ᠂ ᠭᠤᠷᠪᠠᠨ ᠡᠳᠦᠷ᠎ᠤᠨ ᠬᠤᠭᠤᠴᠠᠭ᠎ᠠ ᠲᠡᠢ ᠶᠠᠪᠤᠭᠳᠠᠬ᠍ᠰᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠨᠤᠭᠤᠳ᠎ᠤᠨ ᠰᠤᠷᠤᠭ᠍ᠴᠢᠳ᠎ᠤᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠤᠷᠤᠯᠳᠤᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳ᠋ᠡᠬᠢ ᠰᠢᠯᠭᠠᠷᠠᠭᠤᠯᠬᠤ ᠤᠷᠤᠯᠳᠤᠭᠠᠨ ᠤᠯᠠᠭᠠᠨᠬᠠᠳᠠ᠎ᠳᠤ ᠥᠨᠳᠥᠷᠯᠡᠪᠡ᠃ ᠡᠨᠡ ᠬᠦ᠌ ᠤᠳᠠᠭᠠᠨ᠎ᠤ ᠤᠷᠤᠯᠳᠤᠭᠠᠨ᠎ᠳᠤ ᠪᠥᠬᠥ ᠣᠷᠣᠨ᠎ᠤ ᠰᠢᠯᠭᠠᠷᠠᠭᠤᠯᠵᠤ ᠭᠠᠷᠭᠠᠭᠰᠠᠨ 33 ᠲᠥᠷᠥᠯ ᠵᠦᠢᠯ ᠣᠷᠣᠯᠴᠠᠵᠤ᠂ 3 ᠲᠥᠷᠥᠯ ᠵᠦᠢᠯ ᠨᠢ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ 

ᠲᠤᠰ ᠤᠳᠠᠭᠠᠨ᠎ᠤ ᠤᠷᠤᠯᠳᠤᠭᠠᠨ ᠨᠢ《ᠤᠷ᠎ᠠ ᠮᠡᠷᠭᠡᠰᠢᠯ᠎ᠢᠶᠡᠷ ᠢᠷᠡᠭᠡᠳᠦᠢ ᠪᠠᠨ ᠭᠡᠷᠡᠯᠳᠦᠬᠦᠯᠵᠦ᠂ ᠦᠢᠯᠡᠰ ᠪᠣᠰᠬᠠᠵᠤ ᠰᠢᠨ᠎ᠡ᠎ᠶᠢ ᠡᠭᠦᠳᠬᠦ ᠪᠠᠷ ᠬᠦᠰᠡᠯ᠎ᠢᠶᠡᠨ ᠪᠡᠶᠡᠯᠡᠭᠦᠯᠬᠦ》ᠪᠡᠷ ᠭᠣᠣᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠤᠯᠠᠭᠠᠨᠬᠠᠳᠠ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠡᠷᠬᠢᠯᠡᠪᠡ᠃ ᠤᠷᠤᠯᠳᠤᠭᠠᠨ᠎ᠳᠤ ᠣᠷᠣᠯᠴᠠᠭᠰᠠᠨ 33 ᠲᠦᠷᠦᠯ ᠵᠦᠢᠯ ᠨᠢ ᠣᠶᠤᠨᠴᠢ ᠦᠢᠯᠡᠳᠬᠡᠯ᠂  ᠳ᠋ᠢᠭᠢᠲ ᠮᠡᠷᠭᠡᠵᠢᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ᠎ᠤᠨ ᠪᠦᠲᠦᠭᠡᠯᠴᠢ ᠰᠡᠳᠬᠢᠮᠵᠢ ᠵᠡᠷᠭᠡ ᠤᠯᠠᠨ ᠭᠣᠣᠯᠳᠠᠯᠭ᠎ᠠ ᠪᠣᠯᠬᠤ ᠬᠦᠷᠢᠶ᠎ᠡ᠎ᠶᠢ ᠬᠠᠮᠤᠷᠴᠠᠢ᠃ ᠣᠷᠣᠯᠴᠠᠭᠰᠠᠳ ᠲᠦᠷᠦᠯ ᠵᠦᠢᠯ᠎ᠦᠨ ᠰᠤᠷᠲᠠᠯᠴᠢᠯᠠᠯ ᠰᠣᠷᠢᠬᠤ᠂ ᠠᠬᠤᠢ ᠲᠠᠯᠠᠪᠠᠢ᠎ᠳᠤ ᠨᠣᠮ ᠬᠠᠶᠠᠯᠴᠠᠬᠤ ᠵᠡᠷᠭᠡ ᠭᠣᠭᠴᠣᠭ᠎ᠠ᠎ᠪᠠᠷ ᠳᠠᠮᠵᠢᠭᠤᠯᠵᠤ᠂ ᠮᠡᠷᠭᠡᠵᠢᠯ᠎ᠢ ᠰᠤᠳᠤᠯᠤᠨ ᠨᠡᠭᠡᠭᠡᠬᠦ᠂ ᠬᠤᠳᠠᠯᠳᠤᠭᠠᠨ᠎ᠤ ᠬᠡᠪ ᠵᠠᠭᠪᠤᠷ᠎ᠢ ᠲᠥᠰᠥᠪᠯᠡᠬᠦ᠂ ᠵᠠᠬ᠎ᠠ ᠳᠡᠯᠭᠡᠭᠦᠷ᠎ᠦᠨ ᠬᠡᠷᠡᠭᠯᠡᠯᠲᠡ᠎ᠶᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠬᠢ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠪᠠ ᠦᠢᠯᠡᠳᠦᠯᠭᠡ᠎ᠶᠢᠨ ᠴᠢᠳᠠᠪᠤᠷᠢ ᠪᠠᠨ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ 

ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠴᠢᠬᠤᠯᠠ ᠤᠷᠤᠯᠳᠤᠭᠠᠨ ᠪᠣᠯᠤᠭᠰᠠᠨ᠎ᠤ ᠬᠤᠪᠢ᠎ᠳᠤ᠂ ᠲᠤᠰ ᠤᠳᠠᠭ᠎ᠠ᠎ᠶᠢᠨ ᠰᠢᠯᠭᠠᠷᠠᠭᠤᠯᠬᠤ ᠤᠷᠤᠯᠳᠤᠭᠠᠨ ᠨᠢ ᠪᠦᠬᠦ ᠣᠷᠣᠨ᠎ᠤ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠨᠤᠭᠤᠳ᠎ᠤᠨ ᠰᠤᠷᠤᠭ᠍ᠴᠢᠳ᠎ᠲᠤ ᠥᠪᠡᠷ᠎ᠢ᠎ᠪᠡᠨ ᠲᠠᠨᠢᠭᠤᠯᠬᠤ᠂ ᠰᠣᠯᠢᠯᠴᠠᠵᠤ ᠳᠡᠭᠡᠭᠰᠢᠯᠡᠭᠦᠯᠬᠦ ᠲᠠᠪᠴᠠᠩ ᠬᠠᠩᠭᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ ᠪᠣᠯᠣᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠪᠥᠷ ᠮᠣᠩᠭᠣᠯ᠎ᠤᠨ ᠠᠵᠤ ᠦᠢᠯᠡᠰ᠎ᠦᠨ ᠳᠡᠰ ᠳᠡᠪᠰᠢᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠠᠯᠠᠭᠤᠴᠤᠳ᠎ᠤᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠨᠡᠮᠡᠷᠢᠯᠡᠭᠰᠡᠨ ᠪᠠᠢᠨ᠎ᠠ᠃

ᠢᠷᠡᠯᠲᠡ᠄    