12 ᠳ᠋ᠤᠭᠠᠷ ᠰᠠᠷ᠎ᠠ᠎ᠶᠢᠨ 7᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠳᠠᠬᠢ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢ ᠳ᠋ᠦᠩᠨᠡᠨ ᠬᠤᠪᠢᠶᠠᠯᠴᠠᠬᠤ ᠵᠢᠴᠢ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠠᠵᠢᠯᠯᠠᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃
ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠢ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠪᠣᠯᠭᠠᠨ ᠪᠠᠶ᠋ᠢᠭᠤᠯᠬᠤ ᠵᠢᠴᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠌ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠂ ᠶᠡᠬᠡ ᠳᠡᠭᠡᠳᠦ ᠰᠤᠷᠭᠠᠭᠤᠯᠢ ᠨᠤᠭᠤᠳ᠎ᠢ ᠨᠢᠮᠪᠠᠢ ᠵᠣᠬᠢᠶᠠᠨ ᠪᠠᠢᠭᠤᠯᠤᠭᠠᠳ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠡᠢ᠃ ᠲᠤᠰ ᠤᠳᠠᠭᠠᠨ᠎ᠤ ᠨᠡᠢᠭᠡᠮ᠎ᠦᠨ ᠦᠢᠯᠡᠳᠦᠯᠭᠡ᠎ᠶᠢ 7 ᠳ᠋ᠤᠭᠠᠷ ᠰᠠᠷ᠎ᠠ᠎ᠠᠴᠠ ᠡᠬᠢᠯᠡᠭᠦᠯᠦᠭᠰᠡᠨ᠎ᠠᠴᠠ ᠨᠠᠭᠠᠰᠢ᠂ ᠪᠦᠬᠦ ᠣᠷᠣᠨ᠎ᠤ 12.3 ᠲᠦᠮᠡᠨ ᠰᠤᠷᠤᠭ᠍ᠴᠢ ᠵᠢᠴᠢ 3900 ᠭᠠᠷᠤᠢ ᠪᠠᠭ᠍ᠰᠢ᠎ᠶᠢ ᠥᠷᠭᠡᠨ᠎ᠢᠶᠡᠷ ᠳᠠᠶ᠋ᠢᠴᠢᠯᠠᠨ 3694 ᠪᠠᠭ᠎ᠤᠨ ᠦᠢᠯᠡᠳᠦᠯᠭᠡ᠎ᠶᠢᠨ ᠪᠦᠯᠬᠦᠮ᠎ᠢ ᠵᠣᠬᠢᠶᠠᠨ ᠪᠠᠢᠭᠤᠯᠵᠤ᠂ 《ᠡᠨᠧᠷᠭᠢ᠎ᠪᠡᠷ ᠤᠯᠤᠰ᠎ᠢᠶᠠᠨ ᠬᠦᠴᠦᠷᠬᠡᠭᠵᠢᠭᠦᠯᠬᠦ》᠎ᠪᠠᠷ ᠤᠯᠤᠰ᠎ᠤᠨ ᠪᠠᠢᠳᠠᠯ᠎ᠢ ᠪᠠᠢᠴᠠᠭᠠᠨ ᠰᠤᠳᠤᠯᠬᠤ᠂《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》᠎ᠪᠠᠷ ᠲᠠᠷᠢᠶᠠᠯᠠᠩ᠎ᠢ ᠲᠡᠮᠵᠢᠵᠦ ᠲᠠᠷᠢᠶᠠᠯᠠᠩ᠎ᠢ ᠬᠥᠭᠵᠢᠭᠦᠯᠬᠦ᠂ 《ᠠᠮᠢ ᠠᠬᠤᠢ᠎ᠶᠢᠨ ᠪᠣᠯᠪᠠᠰᠤᠨ》᠎ᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠮᠰᠠᠷᠯᠠᠬᠤ᠂ 《ᠬᠢᠯᠢ ᠬᠢᠵᠠᠭᠠᠷᠲᠤ ᠪᠢ ᠪᠠᠢᠬᠤ》 ᠵᠠᠯᠠᠭᠤ ᠨᠠᠰᠤ᠎ᠪᠠᠨ ᠡᠬᠡ ᠤᠯᠤᠰ᠎ᠲᠤ᠎ᠪᠠᠨ ᠵᠣᠷᠢᠭᠤᠯᠬᠤ᠂《 ᠤᠮᠠᠷᠠᠰᠢ ᠨᠡᠭᠡᠭᠡᠯᠲᠡ ᠬᠢᠬᠦ》 ᠭᠣᠣᠯ ᠰᠡᠳᠦᠪᠲᠦ ᠪᠠᠢᠴᠠᠭᠠᠨ ᠰᠤᠳᠤᠯᠤᠯᠲᠠ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠵᠠᠯᠠᠭᠤ ᠨᠠᠰᠤᠨ᠎ᠤ ᠮᠡᠳᠡᠯᠭᠡ ᠮᠡᠳᠡᠴᠡ᠎ᠪᠡᠨ ᠦᠢᠯᠡ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠬᠦ ᠭᠡᠬᠦ ᠵᠢᠷᠭᠤᠭᠠᠨ ᠶᠡᠬᠡ ᠭᠣᠣᠯ ᠰᠡᠳᠦᠪ᠎ᠦᠨ ᠲᠣᠭᠣᠷᠢᠨ᠎ᠳᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠂ ᠠᠵᠤ ᠦᠢᠯᠡᠰ᠎ᠦᠨ ᠬᠣᠰᠢᠭᠤᠷᠠᠯ ᠭᠠᠵᠠᠷ᠂ ᠬᠢᠯᠢ᠎ᠶᠢᠨ ᠪᠣᠭᠣᠮᠲᠠ ᠵᠡᠷᠭᠡ ᠭᠠᠵᠠᠷ᠎ᠤᠳ᠎ᠲᠤ ᠭᠦᠨᠵᠡᠭᠡᠢᠷᠡᠨ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠂ ᠵᠠᠰᠠᠭ᠎ᠤᠨ ᠶᠠᠪᠤᠳᠠᠯ᠎ᠢ ᠠᠰᠠᠭᠤᠨ ᠯᠠᠪᠯᠠᠬᠤ᠎ᠳᠤ ᠰᠠᠨᠠᠭᠤᠯᠭ᠎ᠠ ᠥᠭᠬᠦ᠂ ᠮᠡᠷᠭᠡᠵᠢᠯ᠎ᠦᠨ ᠡᠬᠡ ᠲᠥᠰᠥᠯ ᠵᠡᠷᠭᠡ ᠶᠡᠬᠡ ᠬᠡᠮᠵᠢᠶᠡᠨ᠎ᠦ ᠦᠢᠯᠡᠳᠦᠯᠭᠡ᠎ᠶᠢᠨ ᠦᠷ᠎ᠡ ᠪᠦᠲᠦᠭᠡᠯ᠎ᠤᠳ᠎ᠢ ᠭᠠᠷᠭᠠᠭᠰᠠᠨ ᠪᠠᠢᠨ᠎ᠠ᠃
ᠬᠤᠷᠠᠯ ᠳᠡᠭᠡᠷ᠎ᠡ ᠂ ᠦᠢᠯᠡᠳᠦᠯᠭᠡ᠎ᠳᠦ ᠣᠷᠣᠯᠴᠠᠭᠰᠠᠨ ᠰᠢᠯᠢᠳᠡᠭ ᠪᠦᠯᠬᠦᠮ᠂ ᠭᠡᠰᠢᠭᠦᠳ᠂ ᠵᠢᠭᠠᠨ ᠵᠢᠯᠣᠭᠣᠳᠤᠭ᠍ᠴᠢ ᠪᠠᠭ᠍ᠰᠢ᠎ᠶᠢᠨ ᠲᠥᠯᠥᠭᠡᠯᠡᠭᠴᠢ ᠨᠠᠷ ᠦᠨᠳᠦᠰᠦᠨ ᠱᠠᠲᠤᠨ᠎ᠳᠤ ᠭᠦᠨᠵᠡᠭᠡᠢᠷᠡᠵᠦ ᠠᠵᠢᠯᠯᠠᠭᠰᠠᠨ ᠦᠢᠯᠡᠳᠦᠯᠭᠡ᠎ᠶᠢᠨ ᠲᠥᠷᠥᠭᠳᠡᠯ᠂ ᠵᠠᠯᠠᠭᠤ ᠨᠠᠰᠤ᠎ᠪᠠᠨ ᠡᠬᠡ ᠤᠯᠤᠰ ᠲᠤ᠎ᠪᠠᠨ ᠵᠣᠷᠢᠭᠤᠯᠬᠤ ᠬᠦᠰᠡᠯᠡᠩ ᠬᠥᠭᠡᠭᠡᠴᠡᠯᠳᠦᠯ ᠵᠡᠷᠭᠡ᠎ᠪᠠᠨ ᠬᠤᠪᠢᠶᠠᠯᠴᠠᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠵᠠᠯᠠᠭᠤᠴᠤᠳ᠎ᠤᠨ ᠬᠠᠷᠢᠭᠤᠴᠠᠯᠭ᠎ᠠ ᠡᠭᠦᠷᠭᠡᠯᠡᠯ᠎ᠢ ᠠᠮᠢᠳᠤᠯᠢᠭ᠋᠎ᠢᠶᠠᠷ ᠢᠯᠡᠷᠡᠭᠦᠯᠪᠡ᠃ ᠦᠷ᠎ᠡ ᠪᠦᠲᠦᠭᠡᠯ᠎ᠦᠨ ᠦᠵᠡᠭᠦᠯᠭᠡ᠎ᠶᠢᠨ ᠲᠣᠭᠣᠷᠢᠭ᠋᠎ᠲᠤ ᠵᠢᠷᠤᠭ ᠦᠰᠦᠭ ᠬᠠᠪᠰᠤᠷᠭᠠᠭᠰᠠᠨ ᠦᠵᠡᠭᠦᠯᠭᠡ᠎ᠶᠢᠨ ᠰᠠᠮᠪᠠᠷ᠎ᠠ᠂ ᠪᠣᠳᠠᠲᠤ ᠪᠣᠳᠠᠰ᠎ᠤᠨ ᠦᠵᠡᠭᠦᠯᠭᠡ᠂ ᠦᠢᠯᠡᠳᠦᠯᠴᠡᠨ ᠰᠣᠯᠢᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠵᠢᠷᠭᠤᠭᠠᠨ ᠶᠡᠬᠡ ᠭᠣᠣᠯ ᠰᠡᠳᠦᠪᠲᠦ ᠪᠦᠯᠬᠦᠮ ᠨᠡᠶ᠋ᠢᠲᠡ᠎ᠶᠢᠨ ᠬᠢᠨ᠎ᠦ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠳᠦ ᠦᠢᠯᠡᠴᠢᠯᠡᠬᠦ ᠳᠤᠮᠳᠠᠬᠢ ᠰᠢᠨ᠎ᠡ ᠡᠭᠦᠳᠦᠯᠲᠡ᠎ᠶᠢᠨ ᠠᠷᠭ᠎ᠠ ᠬᠡᠮᠵᠢᠶ᠎ᠡ ᠪᠠ ᠦᠢᠯᠡᠳᠦᠯᠭᠡ᠎ᠶᠢᠨ ᠦᠷ᠎ᠡ ᠪᠦᠲᠦᠮᠵᠢᠨᠦᠭᠦᠳᠢ ᠪᠥᠬᠥ ᠲᠠᠯ᠎ᠠ ᠪᠠᠷ ᠳᠡᠯᠭᠡᠨ ᠦᠵᠡᠭᠦᠯᠵᠦ᠂ ᠵᠠᠯᠠᠭᠤ ᠰᠤᠷᠤᠭ᠍ᠴᠢᠳ᠎ᠲᠤ ᠰᠤᠷᠤᠯᠴᠠᠵᠤ ᠰᠣᠯᠢᠯᠴᠠᠬᠤ᠂ ᠬᠠᠷᠢᠯᠴᠠᠨ ᠲᠣᠯᠢᠯᠠᠵᠤ ᠬᠠᠮᠲᠤ᠎ᠪᠠᠷ ᠤᠷᠤᠭᠰᠢᠯᠠᠬᠤ ᠲᠠᠪᠴᠠᠩ᠎ᠢ ᠪᠠᠢᠭᠤᠯᠵᠤ ᠥᠭᠪᠡ᠃