12 ᠳ᠋ᠤᠭᠠᠷ ᠰᠠᠷ᠎ᠠ᠎ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠂ ᠡᠮᠡᠭᠲᠡᠢᠴᠦᠳ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ᠎ᠤᠨ ᠡᠷᠭᠢᠯᠡᠭᠰᠡᠨ 《ᠪᠢ ᠡᠮᠡᠭᠲᠡᠢᠴᠦᠳ ᠬᠡᠦᠬᠡᠳ᠎ᠦᠨ ᠲᠥᠯᠥᠭᠡ ᠪᠣᠳᠠᠲᠠᠢ ᠶᠠᠪᠤᠳᠠᠯ ᠬᠢᠵᠦ ᠬᠠᠢᠷ᠎ᠠ᠎ᠶᠢ ᠭᠡᠷ᠎ᠲᠤ ᠨᠢ ᠬᠦᠷᠭᠡᠨ᠎ᠡ》 ᠭᠡᠬᠦ 2025 ᠣᠨ᠎ᠤ ᠨᠡᠶ᠋ᠢᠲᠡ᠎ᠶᠢᠨ ᠠᠰᠠᠷᠠᠮᠵᠢ᠎ᠶᠢᠨ ᠬᠠᠨᠳᠢᠪᠯᠠᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃
ᠶᠣᠰᠣᠯᠠᠯ ᠳᠡᠭᠡᠷ᠎ᠡ᠂ 《ᠬᠠᠢᠷ᠎ᠠ ᠬᠠᠯᠠᠮᠵᠢ ᠬᠦᠷᠭᠡᠬᠦ》 ᠭᠡᠬᠦ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢ ᠡᠬᠢᠯᠡᠭᠦᠯᠵᠦ᠂ 《ᠬᠡᠦᠬᠡᠳ᠎ᠤᠨ᠎ᠢᠶᠡᠨ ᠨᠢᠳᠦ᠎ᠶᠢ ᠬᠠᠢᠷᠠᠯᠠᠨ ᠬᠠᠯᠠᠮᠵᠢᠯᠠᠬᠤ ᠵᠢᠵᠢᠭ᠌ ᠥᠷᠥᠭᠡ》 ᠭᠡᠬᠦ ᠨᠡᠶ᠋ᠢᠲᠡ᠎ᠶᠢᠨ ᠠᠰᠠᠷᠠᠮᠵᠢ᠎ᠶᠢᠨ ᠲᠦᠷᠦᠯ ᠵᠦᠢᠯ ᠨᠢ ᠬᠦᠴᠢᠷᠳᠡᠯ᠎ᠳᠦ ᠲᠤᠯᠭᠠᠷᠠᠭᠰᠠᠨ ᠤᠯᠠᠨ ᠲᠦᠮᠡᠨ᠎ᠳᠦ ᠨᠡᠩ ᠤᠯᠠᠨ ᠬᠠᠢᠷ᠎ᠠ ᠬᠠᠯᠠᠮᠵᠢ ᠬᠦᠷᠭᠡᠬᠦ ᠪᠣᠯᠣᠨ᠎ᠠ᠃
2025 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ ᠪᠥᠬᠥ ᠤᠯᠤᠰ᠎ᠤᠨ ᠡᠮᠡᠭᠲᠡᠢᠴᠦᠳ᠎ᠦᠨ ᠰᠠᠭᠤᠷᠢ ᠮᠥᠩᠭᠥᠨ᠎ᠦ ᠨᠡᠢᠭᠡᠮᠯᠢᠭ᠂ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ ᠪᠠ ᠨᠡᠢᠭᠡᠮ᠎ᠦᠨ ᠡᠯ᠎ᠡ ᠡᠲᠡᠭᠡᠳ᠎ᠦᠨ ᠳᠡᠮᠵᠢᠯᠭᠡ ᠳᠣᠣᠷ᠎ᠠ᠂ ᠨᠡᠶ᠋ᠢᠲᠡ᠎ᠶᠢᠨ ᠠᠰᠠᠷᠠᠮᠵᠢ᠎ᠶᠢᠨ ᠬᠠᠢᠷ᠎ᠠ ᠬᠠᠯᠠᠮᠵᠢ᠎ᠶᠢᠨ ᠵᠣᠭᠣᠰ ᠮᠥᠩᠭᠥ ᠡᠳ᠋ ᠪᠣᠳᠠᠰ᠎ᠢ 4972 ᠲᠦᠮᠡᠨ ᠲᠥᠭᠥᠷᠢᠭ ᠲᠦᠷᠦᠭᠦᠯᠡᠨ ᠴᠤᠭᠯᠠᠭᠤᠯᠵᠠᠢ᠃ ᠣᠳᠣᠬᠠᠨ᠎ᠳᠤ ᠣᠷᠣᠯᠭ᠎ᠠ ᠪᠠᠭᠠᠲᠠᠢ ᠡᠮᠡᠭᠲᠡᠢᠴᠦᠳ᠎ᠦᠨ 《ᠬᠣᠶᠠᠷ ᠥᠮᠡᠨ》᠎ᠢ ᠠᠪᠤᠷᠠᠨ ᠲᠤᠰᠠᠯᠠᠬᠤ᠂ 《ᠴᠣᠮᠣᠷᠯᠢᠭ᠋ ᠲᠥᠯᠥᠪᠯᠡᠭᠡ》᠎ᠶᠢᠨ ᠰᠤᠷᠤᠯᠭ᠎ᠠ᠎ᠶᠢᠨ ᠲᠡᠳᠬᠦᠮᠵᠢ᠂ ᠡᠬᠡᠴᠦᠦᠯ᠎ᠦᠨ ᠡᠷᠡᠭᠦᠯ ᠮᠡᠨᠳᠦ᠎ᠶᠢᠨ ᠬᠤᠷᠳᠤᠨ ᠲᠡᠷᠭᠡ᠂ 《ᠬᠠᠢᠷ᠎ᠠ ᠬᠠᠯᠠᠮᠵᠢᠲᠦ ᠤᠮᠠᠷᠠᠲᠤ ᠬᠢᠵᠠᠭᠠᠷ》᠂ ᠰᠢᠶᠠᠩᠭᠠᠩ᠎ᠤᠨ ᠬᠠᠢ ᠡᠸᠥ᠍ ᠰᠤᠷᠤᠯᠭ᠎ᠠ᠎ᠶᠢᠨ ᠳᠡᠳᠭᠦᠮᠵᠢ ᠵᠢᠴᠢ ᠰᠢᠶᠠᠩᠭᠠᠩ᠎ᠤᠨ ᠳ᠋ᠠᠪᠦ᠋ᠶᠢᠨ ᠬᠣᠩ ᠹᠦ ᠶᠤᠸᠠᠨ᠎ᠤ ᠭᠠᠯ᠎ᠤᠨ ᠭᠠᠮᠰᠢᠭ᠋᠎ᠢ ᠠᠪᠤᠷᠠᠨ ᠲᠤᠰᠠᠯᠠᠬᠤ ᠵᠡᠷᠭᠡ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ 35 ᠲᠥᠷᠥᠯ ᠵᠦᠢᠯ᠎ᠢ ᠬᠡᠷᠡᠭᠵᠢᠭᠦᠯᠵᠦ ᠪᠠᠢᠨ᠎ᠠ᠃