ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠵᠢ ᠬᠦᠴᠦᠲᠡᠢ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2025-06-30

(ᠲᠡᠷᠢᠭᠦᠨ᠎ᠳᠤ ᠣᠷᠣᠬᠤ᠎ᠪᠠᠷ ᠡᠷᠡᠯᠬᠡᠭᠯᠡᠨ ᠲᠡᠮᠡᠴᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠢᠢ᠍ᠳᠪᠦᠷᠢᠲᠦ ᠢᠯᠠᠯᠲᠠ ᠵᠢ ᠣᠯᠬᠤ᠎ᠪᠠᠷ ᠴᠢᠷᠮᠠᠢ᠌ᠵᠤ ᠪᠣᠢ)

   ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠲᠤ᠂ ᠲᠠᠷᠢᠶᠠᠨ ᠭᠠᠵᠠᠷ ᠱᠤᠭᠤᠮ ᠮᠡᠲᠦ ᠲᠡᠭᠰᠢᠬᠡᠨ᠂ ᠪᠤᠭᠤᠳᠠᠢ ᠵᠢᠨ ᠲᠠᠷᠢᠶ᠎ᠠ ᠰᠠᠯᠬᠢᠨ᠎ᠤ ᠠᠶ᠎ᠠ᠎ᠪᠠᠷ ᠨᠠᠢ᠌ᠭᠤᠨ᠎ᠠ᠂ ᠲᠦᠷᠦᠭᠦᠬᠡᠨ ᠰᠠᠴᠤᠭᠰᠠᠨ ᠨᠡᠷᠡᠨ ᠬᠤᠸᠠᠷ᠎ᠤᠨ ᠦᠷ᠎ᠡ᠎ᠨᠢ ᠰᠦᠯᠢᠶᠥᠦ ᠪᠦᠷᠬᠦᠪᠴᠢ ᠵᠢᠨ ᠳᠣᠣᠷ᠎ᠠ ᠰᠣᠶᠣᠭ᠋ᠠᠯᠠᠮᠠᠷ ᠪᠠᠢ᠌ᠨᠠᠮ ᠁

  《ᠥᠩᠭᠡᠷᠡᠭᠰᠡᠨ᠎ᠳᠤ ᠭᠠᠭᠴᠠᠬᠠᠨ ᠪᠤᠭᠤᠳᠠᠢ ᠲᠠᠷᠢᠳᠠᠭ᠎ᠠᠴᠠ ᠣᠷᠣᠯᠭ᠎ᠠ ᠪᠠᠭ᠎ᠠ ᠪᠠᠢ᠌ᠳᠠᠭ᠃》 ᠭᠡᠵᠦ ᠶᠠᠷᠢᠬᠤ ᠵᠠᠭᠤᠷ᠎ᠠ ᠯᠢᠨ ᠾᠧ ᠲᠣᠭᠣᠷᠢᠭ᠎ᠤᠨ ᠯᠠᠩᠱ᠌ᠠᠨ ᠲᠠᠷᠢᠶᠠᠯᠠᠩ᠎ᠤᠨ ᠲᠠᠯᠠᠪᠠᠢ ᠵᠢᠨ ᠲᠠᠷᠢᠮᠠᠯ᠎ᠤᠨ ᠲᠣᠮᠣ ᠡᠷᠦᠬᠡ ᠯᠢ ᠯᠠᠢ ᠰᠢ ᠪᠤᠭᠤᠳᠠᠢ ᠵᠢᠨ ᠴᠢᠬᠢ ᠵᠢ ᠰᠠᠯᠭ᠋ᠠᠬᠤ᠎ᠳᠤ᠂ ᠪᠦᠷᠬᠦᠪᠴᠢ᠎ᠲᠠᠢ ᠨᠡᠷᠡᠨ ᠬᠤᠸᠠᠷ᠎ᠤᠨ ᠳᠠᠯᠠᠩ ᠢᠯᠡᠷᠡᠨ ᠲᠣᠳᠣᠷᠠᠪᠠ᠃ ᠨᠢᠳᠤᠨᠤᠨ᠎ᠠᠴᠠ ᠡᠬᠢᠯᠡᠨ ᠲᠠᠷᠢᠶᠠᠯᠠᠩ᠎ᠤᠨ ᠲᠠᠯᠠᠪᠠᠢ᠎ᠨᠢ ᠦᠢ᠍ᠯᠡᠳᠪᠦᠷᠢᠯᠡᠯ᠎ᠤᠨ ᠪᠦᠲᠦᠴᠡ᠎ᠪᠠᠨ ᠰᠢᠯᠢᠳᠡᠭᠵᠢᠭᠦᠯᠬᠦ᠎ᠪᠠᠷ ᠲᠤᠷᠰᠢᠵᠤ᠂ ᠪᠤᠭᠤᠳᠠᠢ ᠵᠢᠨ ᠱᠠᠩ᠎ᠤᠨ 90 ᠰᠠᠨᠲ᠋ᠢᠮᠧᠲᠷ᠎ᠤᠨ ᠵᠠᠢ᠎ᠳᠤ ᠨᠡᠷᠡᠨ ᠬᠤᠸᠠᠷ ᠳᠠᠷᠢᠵᠠᠢ᠃ ᠬᠣᠶᠠᠷ ᠵᠦᠢ᠍ᠯ᠎ᠤᠨ ᠲᠠᠷᠢᠮᠠᠯ ᠭᠠᠵᠠᠷ ᠪᠤᠯᠢᠶᠠᠯᠳᠤᠬᠤ ᠦᠭᠡᠢ᠂ ᠨᠡᠷᠡᠨ ᠬᠤᠸᠠᠷ᠎ᠤᠨ ᠴᠢᠨᠠᠷ᠎ᠨᠢ ᠪᠠᠰᠠ ᠨᠡᠩ ᠰᠠᠢ᠌ᠨ ᠪᠠᠢ᠌ᠳᠠᠭ᠃

  《8 ᠳ᠋ᠤᠭ᠋ᠠᠷ ᠰᠠᠷ᠎ᠠ᠎ᠳᠤ ᠪᠤᠭᠤᠳᠠᠢ ᠬᠤᠷᠢᠶᠠᠵᠤ᠂ 10 ᠳ᠋ᠤᠭ᠋ᠠᠷ ᠰᠠᠷ᠎ᠠ᠎ᠳᠤ ᠨᠡᠷᠡᠨ ᠬᠤᠸᠠᠷ ᠬᠤᠷᠢᠶᠠᠨ᠎ᠠ᠂ ᠮᠦ᠍ ᠪᠦᠷᠢ ᠵᠢᠨ ᠶᠡᠷᠦᠩᠬᠡᠢ ᠴᠡᠪᠡᠷ ᠠᠰᠢᠭ 30%᠎ᠪᠠᠷ ᠳᠡᠭᠡᠭᠰᠢᠯᠡᠪᠡ》 ᠭᠡᠵᠦ ᠯᠢ ᠯᠠᠢ ᠰᠢ ᠢᠨᠢᠶᠡᠮᠰᠦᠭᠯᠡᠨ ᠬᠡᠯᠡᠪᠡ᠃

  2023 ᠣᠨ᠎ᠤ 6 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠯᠲᠠ ᠬᠢᠬᠦ᠎ᠳᠤ᠎ᠪᠠᠨ᠄ 《ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠮᠠᠯ ᠲᠠᠷᠢᠶᠠᠯᠠᠩ᠎ᠤᠨ ᠭᠠᠷᠤᠯᠲᠠ ᠵᠢ ᠨᠠᠷᠢᠯᠢᠭ ᠡᠳ᠋ᠰᠢᠭᠦᠯᠬᠦ ᠪᠠ ᠪᠣᠬᠢᠷᠲᠤᠯ ᠦᠭᠡᠢ ᠣᠷᠭ᠋ᠠᠨᠢᠭ ᠨᠡᠷᠡᠲᠦ ᠲᠡᠮᠳᠡᠭ ᠡᠭᠦᠳᠬᠦ ᠵᠢ ᠰᠠᠢ᠌ᠲᠤᠷ ᠠᠳᠬᠤᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃

   ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠢ᠍ᠯᠡᠰ᠎ᠤᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠢᠳᠡᠪᠬᠢᠲᠡᠢ ᠠᠬᠢᠭᠤᠯᠵᠤ᠂ ᠤᠯᠤᠰ᠎ᠤᠨ ᠮᠠᠯ ᠲᠠᠷᠢᠶᠠᠯᠠᠩ᠎ᠤᠨ ᠭᠠᠷᠤᠯᠲᠠ ᠵᠢᠨ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠦᠪᠰᠢᠨ᠎ᠢ ᠲᠠᠰᠤᠷᠠᠯᠳᠡ ᠦᠭᠡᠢ ᠳᠡᠭᠡᠭᠰᠢᠯᠡᠭᠦᠯᠵᠦ ᠪᠠᠢ᠌ᠨ᠎ᠠ᠃ 2024 ᠣᠨ᠎ᠳᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠦᠷᠭᠦᠯᠵᠢᠯᠡᠨ ᠲᠣᠭᠲᠠᠭᠤᠨ ᠵᠶ᠋ᠠᠷ ᠡᠯᠪᠡᠭ ᠬᠤᠷᠢᠶᠠᠯᠲᠠ ᠣᠯᠵᠤ᠂ ᠠᠮᠤ ᠪᠤᠳᠠᠭ᠋ᠠᠨ᠎ᠤ ᠤᠨᠠᠯᠲᠠ 820.1 ᠳ᠋ᠦᠩᠰᠢᠭᠤᠷ ᠵᠢᠩ᠎ᠳᠤ ᠬᠦᠷᠲᠡᠯ᠎ᠡ ᠨᠡᠮᠡᠭᠳᠡᠵᠦ᠂ ᠠᠮᠤ ᠪᠤᠳᠠᠭ᠋ᠠᠨ᠎ᠤ ᠮᠦ᠍ ᠪᠦᠷᠢ ᠵᠢᠨ ᠳᠤᠮᠳᠠᠴᠢ ᠤᠨᠠᠯᠲᠠ 24.2 ᠵᠢᠩ ᠳᠡᠭᠡᠭᠰᠢᠯᠡᠪᠡ; ᠦᠬᠡᠷ ᠬᠣᠨᠢᠨ᠎ᠤ ᠮᠢᠬ᠎ᠠ᠂ ᠦᠨᠢᠶᠡᠨ᠎ᠤ ᠰᠦ᠂ ᠢᠮᠠᠭ᠋ᠠᠨ᠎ᠤ ᠨᠣᠣᠯᠣᠭᠤᠷ᠎ᠤᠨ ᠭᠠᠷᠤᠯᠲᠠ ᠴᠥᠮ ᠪᠥᠬᠥ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠣᠪᠠ᠃

  — ᠪᠦᠲᠦᠴᠡ ᠵᠢ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠠᠭᠤᠷᠢ ᠵᠢ ᠪᠡᠬᠢᠵᠢᠭᠦᠯᠪᠡ᠃

  《ᠪᠢᠳᠡ ᠦᠷ᠎ᠡ ᠡᠭᠦᠯᠳᠡᠷ᠎ᠢ ᠨᠠᠷᠢᠯᠢᠭ ᠰᠣᠩᠭᠣᠵᠤ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠭᠰᠠᠨ ᠥᠨᠳᠥᠷ ᠪᠦᠲᠦᠮᠵᠢᠲᠡᠶ ᠲᠠᠷᠢᠮᠠᠯ᠎ᠤᠨ ᠬᠡᠪ ᠵᠠᠭᠪᠤᠷ᠎ᠢ ᠬᠠᠢ᠌ᠨ ᠰᠦᠪᠡᠭᠴᠢᠯᠡᠭᠰᠡᠨ᠎ᠤ ᠬᠠᠮᠲᠤ᠂ ᠴᠢᠨᠠᠷ ᠰᠠᠢ᠌ᠲᠠᠢ ᠲᠡᠵᠢᠭᠡᠯ ᠡᠪᠡᠰᠦ ᠵᠢᠴᠢ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠣᠨᠢ ᠵᠡᠷᠭᠡ ᠳᠠᠪᠠᠭᠤᠯᠢᠭ ᠠᠵᠤ ᠦᠢ᠍ᠯᠡᠰ᠎ᠢ ᠬᠥᠭᠵᠢᠭᠦᠯᠵᠦ᠂ ᠮᠠᠯᠴᠢᠨ ᠲᠠᠷᠢᠶᠠᠴᠢᠨ᠎ᠤ ᠭᠠᠷᠤᠯᠲᠠ ᠪᠠ ᠣᠷᠣᠯᠭ᠎ᠠ ᠵᠢᠨ ᠬᠣᠣᠰ ᠡᠯᠪᠡᠭ ᠬᠤᠷᠢᠶᠠᠯᠲᠠ ᠣᠯᠬᠤ ᠵᠢ ᠪᠡᠶᠡᠯᠡᠭᠦᠯᠪᠡ》 ᠭᠡᠵᠦ ᠯᠢᠨ ᠾᠧ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠳᠡᠳ᠋ ᠲᠣᠪᠴᠢᠶᠠᠨ ᠳᠠᠷᠤᠭ᠎ᠠ ᠮᠢᠶᠣᠣ ᠰᠠᠨ ᠮᠢᠩ ᠲᠠᠨᠢᠯᠴᠠᠭᠤᠯᠪᠠ᠃

  — ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠡᠷᠴᠢᠮᠯᠡᠵᠦ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠵᠶ᠋ᠡᠨ ᠳᠡᠯᠭᠡᠷᠡᠭᠦᠯᠬᠦ ᠵᠢ ᠲᠦᠷᠭᠡᠳᠬᠡᠪᠡ᠃

  《ᠥᠩᠭᠡᠷᠡᠭᠰᠡᠨ᠎ᠳᠤ ᠬᠣᠶᠠᠷ ᠬᠥᠮᠥᠨ ᠬᠣᠨᠢ ᠲᠡᠵᠢᠭᠡᠬᠦ᠎ᠳᠤ ᠡᠳᠦᠷᠵᠢᠨ ᠶᠠᠭ᠋ᠠᠷᠠᠵᠤ ᠮᠤᠩᠭ᠋ᠠᠨᠢᠵᠤ ᠪᠠᠢ᠌ᠳᠠᠭ᠂ ᠤᠳᠤ ᠵᠥᠪᠬᠡᠨ ᠬᠤᠷᠤᠭᠤ᠎ᠪᠠᠷ ᠵᠶ᠋ᠠᠨ ᠬᠡᠳᠦ ᠳᠠᠷᠤᠪᠠᠯ᠂ ᠡᠪᠡᠰᠦ ᠪᠣᠷᠳᠣᠭ᠎ᠠ ᠵᠢ ᠥᠪᠡᠰᠦᠪᠡᠨ ᠢᠳᠡᠭᠦᠯᠵᠦ᠂ ᠬᠣᠷᠭᠣᠯ ᠬᠣᠷᠭᠣᠰᠤ ᠴᠡᠪᠡᠷᠯᠡᠬᠦ ᠮᠠᠰᠢᠨ ᠥᠪᠡᠰᠦᠪᠡᠨ ᠠᠷᠢᠯᠭ᠋ᠠᠨ ᠴᠡᠪᠡᠷᠯᠡᠵᠦ᠂ ᠰᠥᠨᠢ᠎ᠳᠤ᠎ᠪᠠᠨ ᠥᠪᠡᠰᠦᠪᠡᠨ ᠭᠡᠷᠡᠯᠲᠦᠭᠦᠯᠭᠡ ᠭᠡᠷᠡᠯᠳᠦᠬᠦᠯᠵᠦ᠂ ᠬᠣᠶᠠᠷᠬᠠᠨ ᠴᠠᠭ᠎ᠤᠨ ᠳᠣᠲᠣᠷ᠎ᠠ 3500 ᠬᠣᠨᠢ ᠵᠢ ᠲᠡᠵᠢᠭᠡᠵᠦ ᠳᠡᠶ᠋ᠢᠯᠬᠦ ᠪᠣᠯᠣᠭᠰᠠᠨ᠎ᠨᠢ ᠬᠡᠳᠦᠢ ᠲᠦᠭᠦᠮ᠎ᠢ ᠪᠦᠦ ᠬᠡᠯᠡ!》 ᠣᠶᠤᠨᠪᠢᠯᠢᠭ᠌ ᠭᠠᠷ ᠤᠲᠠᠰᠤᠨ᠎ᠤ 《ᠣᠶᠤᠨᠲᠤ ᠮᠠᠯᠵᠢᠯ᠎ᠤᠨ ᠲᠠᠯᠠᠪᠠᠢ》 ᠵᠢᠨ ᠵᠥᠭᠡᠯᠡᠨ ᠬᠡᠷᠡᠭᠰᠡᠯ ᠵᠶ᠋ᠡᠨ ᠭᠠᠷᠭ᠋ᠠᠨ ᠦᠵᠡᠭᠦᠯᠵᠦ᠄ 《ᠤᠳᠤ ᠮᠠᠨ᠎ᠤ ᠭᠡᠷ᠎ᠤᠨ ᠬᠣᠨᠢᠨ᠎ᠤ ᠥᠰᠦᠯᠲᠡ᠎ᠨᠢ ᠬᠤᠷᠳᠤᠨ ᠪᠥᠭᠡᠳ ᠲᠠᠷ ᠲᠠᠷᠭᠤ ᠰᠠᠢ᠌ᠲᠠᠢ ᠪᠠᠢ᠌ᠵᠤ᠂ ᠨᠣᠣᠯᠣᠭᠤᠷ᠎ᠤᠨ ᠴᠢᠨᠠᠷ ᠴᠢᠨᠰᠠᠭ᠎ᠠ ᠨᠡᠩ ᠴᠦ᠍ ᠬᠡᠳᠦ ᠨᠠᠷᠢᠯᠢᠭ᠎ᠤᠨ ᠪᠠᠷᠢᠮᠵᠢᠶᠠᠨ᠎ᠳᠤ ᠬᠦᠷᠴᠦ᠂ ᠨᠢᠳᠤᠨᠤᠨ 20 ᠭᠠᠷᠤᠢ ᠲᠦᠮᠡᠨ ᠲᠥᠭᠥᠷᠢᠭ᠎ᠤᠨ ᠱᠠᠩᠨᠠᠯ ᠬᠦᠷᠳᠡᠪᠡ》 ᠭᠡᠵᠦ ᠬᠡᠯᠡᠪᠡ᠃

   ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠨ᠎ᠳᠠᠬᠢ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠎ᠠ ᠠᠩᠬᠠᠷᠴᠤ᠂ ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠶᠡᠬᠡ ᠬᠡᠪᠴᠢᠶ᠎ᠡ᠎ᠪᠠᠷ ᠳᠡᠯᠭᠡᠷᠡᠭᠦᠯᠦᠨ ᠬᠡᠷᠡᠭᠯᠡᠬᠦ᠎ᠪᠠᠨ ᠲᠦᠷᠭᠡᠳᠬᠡᠪᠡ᠃ 《ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠤᠪᠢ ᠨᠡᠮᠡᠷᠢ ᠵᠢᠨ ᠨᠣᠷᠮ᠎ᠠ 62.4%᠎ᠳᠤ ᠬᠦᠷᠴᠦ᠂ ᠲᠠᠷᠢᠮᠠᠯ᠎ᠤᠨ ᠵᠦᠢ᠍ᠯ᠎ᠤᠨ ᠲᠠᠷᠢᠶᠠᠯᠠᠵᠤ ᠬᠤᠷᠢᠶᠠᠬᠤ ᠶᠡᠷᠦᠩᠬᠡᠢ᠌ᠯᠡᠭᠰᠡᠨ ᠮᠧᠬᠠᠨᠢᠭᠵᠢᠯᠲᠠ ᠵᠢᠨ ᠨᠣᠷᠮ᠎ᠠ 90% ᠵᠢ ᠳᠠᠪᠠᠵᠠᠢ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠢ ᠳᠡᠯᠭᠡᠷᠡᠭᠦᠯᠬᠦ ᠲᠥᠪ᠎ᠤᠨ ᠡᠷᠬᠢᠯᠡᠭᠴᠢ ᠬᠤ᠌ ᠶᠢᠤ ᠯᠢᠨ ᠢᠯᠡᠷᠬᠡᠢ᠌ᠯᠡᠪᠡ᠃

  — ᠬᠡᠯᠬᠢᠶ᠎ᠡ ᠵᠢ ᠤᠷᠲᠤᠳᠬᠠᠨ᠂ ᠮᠠᠯ ᠲᠠᠷᠢᠶᠠᠯᠠᠩ᠎ᠤᠨ ᠭᠠᠷᠤᠯᠲᠠ ᠵᠢ ᠨᠠᠷᠢᠯᠢᠭ ᠡᠳ᠋ᠰᠢᠭᠦᠯᠬᠦ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠪᠡ᠃

  《ᠪᠢᠳᠡ ᠨᠠᠷᠢᠯᠢᠭ ᠡᠳ᠋ᠰᠢᠭᠦᠯᠬᠦ ᠵᠢ ᠬᠥᠭᠵᠢᠭᠦᠯᠬᠦ᠎ᠪᠠᠷ ᠳᠠᠮᠵᠢᠭᠤᠯᠤᠨ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠡᠷᠭᠢᠨ ᠲᠣᠭᠣᠷᠢᠨ᠎ᠤ ᠣᠯᠠᠨ ᠲᠦᠮᠡᠨ᠎ᠤ ᠲᠡᠵᠢᠭᠡᠨ ᠦᠷᠡᠵᠢᠭᠦᠯᠬᠦ᠂ ᠲᠠᠷᠢᠮᠠᠯ ᠲᠠᠷᠢᠬᠤ᠂ ᠪᠠᠷᠠᠭ᠋ᠠᠨ᠎ᠤ ᠭᠦᠢ᠍ᠯᠭᠡᠭᠡ ᠵᠡᠷᠭᠡ ᠡᠯ᠎ᠡ ᠵᠠᠩᠭᠢᠯᠠᠭ᠎ᠠ᠎ᠳᠤ ᠣᠷᠣᠯᠴᠠᠬᠤ ᠵᠢ ᠳᠠᠶ᠋ᠢᠴᠢᠯᠠᠪᠠ》 ᠭᠡᠵᠦ ᠥᠪᠥᠷ ᠮᠣᠩᠭᠣᠯ᠎ᠤᠨ ᠯᠠᠨ ᠭᠧ ᠭᠧ ᠰᠦ ᠰᠠᠭ᠋ᠠᠯᠢ ᠵᠢᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢ ᠳᠠᠷᠤᠭ᠎ᠠ ᠵᠢᠨ ᠲᠤᠰᠠᠯᠠᠭᠴᠢ ᠮᠠ ᠲᠧᠩ ᠹᠧᠢ ᠬᠡᠯᠡᠪᠡ᠃

   ᠥᠪᠥᠷ ᠮᠣᠩᠭᠣᠯ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ᠎ᠬᠢᠨ᠎ᠤ ᠭᠠᠷᠤᠯᠲᠠ ᠵᠢᠨ ᠣᠷᠣᠨ᠎ᠳᠤ ᠡᠳ᠋ᠰᠢᠭᠦᠯᠬᠦ᠎ᠪᠠᠨ ᠬᠥᠭᠵᠢᠭᠦᠯᠬᠦ ᠵᠢ ᠦᠷᠭᠦᠯᠵᠢᠯᠡᠨ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠰᠣᠳᠣᠨ ᠪᠦᠲᠦᠭᠡᠭᠳᠡᠬᠦᠨ ᠪᠣᠯᠪᠠᠰᠤᠷᠠᠭᠤᠯᠬᠤ ᠠᠵᠢᠯᠯᠠᠭ᠋ᠠᠨ᠎ᠢ ᠬᠡᠷᠡᠭᠵᠢᠭᠦᠯᠪᠡ᠃ 《2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ 7000 ᠳ᠋ᠦᠩᠰᠢᠭᠤᠷ ᠲᠥᠭᠥᠷᠢᠭ᠎ᠢ ᠳᠠᠪᠠᠪᠠ᠃ ᠡᠨᠡ ᠵᠢᠯ ᠭᠣᠣᠯ ᠪᠣᠯᠬᠤ ᠮᠠᠯ ᠲᠠᠷᠢᠶᠠᠯᠠᠩ᠎ᠤᠨ ᠭᠠᠷᠤᠯᠲᠠ ᠵᠢ ᠡᠳ᠋ᠰᠢᠭᠦᠯᠦᠨ ᠤᠯᠠᠷᠢᠭᠤᠯᠬᠤ ᠨᠣᠷᠮ᠎ᠠ ᠵᠢ 78%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠢᠩᠬᠢᠮ᠎ᠤᠨ ᠳᠠᠷᠤᠭ᠎ᠠ ᠭᠦᠸᠧ ᠵᠠᠨ ᠵᠢᠶᠠᠩ ᠬᠡᠯᠡᠪᠡ᠃

  《ᠶᠡᠷᠦᠩᠬᠡᠢ ᠱᠦᠵᠢ ᠰᠢ ᠵᠢᠨ ᠫᠢᠩ᠎ᠤᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ᠂ ᠪᠡᠯᠡᠳᠭᠡᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶᠡᠨ᠎ᠤ ᠠᠵᠤ ᠠᠬᠤᠢ ᠪᠠ ᠬᠥᠳᠡᠭᠡ ᠠᠵᠤ ᠠᠬᠤᠢ ᠵᠢᠨ ᠲᠤᠰᠠᠯᠠᠬᠤ ᠪᠦᠲᠦᠭᠡᠭᠳᠡᠬᠦᠨ ᠡᠳ᠋ᠰᠢᠭᠦᠯᠬᠦ ᠦᠢ᠍ᠯᠡᠰ᠎ᠢ ᠶᠡᠬᠡ᠎ᠪᠠᠷ ᠬᠥᠭᠵᠢᠭᠦᠯᠬᠦ ᠵᠡᠷᠭᠡ ᠲᠠᠯ᠎ᠠ᠎ᠪᠠᠷ ᠰᠦᠪᠡᠭᠴᠢᠯᠡᠯᠲᠡ ᠪᠠ ᠦᠢ᠍ᠯᠡᠳᠦᠯᠭᠡ᠎ᠪᠠᠨ ᠭᠦᠨᠵᠡᠭᠡᠢ᠌ᠷᠡᠭᠦᠯᠵᠦ᠂ ᠭᠠᠷᠤᠯᠲᠠ ᠵᠢᠨ ᠲᠣᠮᠣ ᠣᠷᠣᠨ᠎ᠠᠴᠠ ᠠᠵᠤ ᠦᠢ᠍ᠯᠡᠰ᠎ᠤᠨ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ᠎ᠪᠠᠨ ᠲᠦᠷᠭᠡᠳᠬᠡᠨ᠎ᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠢᠯᠡᠷᠬᠡᠢ᠌ᠯᠡᠪᠡ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ