6 ᠰᠠᠷ᠎ᠠ ᠵᠢᠨ 27᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ ᠃
ᠬᠤᠷᠠᠯ᠎ᠠᠴᠠ᠂ ᠡᠯ᠎ᠡ ᠱᠠᠲᠤᠨ᠎ᠤ᠎ᠬᠢᠨ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠵᠦ ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠢᠯᠠᠩᠭᠤᠶ᠎ᠠ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠬᠣᠯᠪᠣᠭᠳᠠᠯ ᠪᠦᠬᠦᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠵᠶ᠋ᠠᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠠᠳᠬᠤᠵᠤ ᠂ ᠰᠤᠷᠲᠠᠯ᠎ᠤᠨ ᠪᠠᠢ᠌ᠭᠤᠯᠤᠯᠲᠠ᠎ᠳᠤ ᠨᠡᠩ ᠶᠡᠬᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠃ ᠰᠤᠷᠤᠯᠴᠠᠵᠥ ᠰᠤᠳᠤᠯᠤᠨ ᠶᠠᠷᠢᠯᠴᠠᠬᠤ ᠵᠢ ᠯᠠᠪᠳᠠᠭᠤᠨ ᠪᠠᠲᠤᠲᠠᠢ ᠥᠷᠨᠢᠭᠦᠯᠵᠦ ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠲᠠᠷᠢᠬᠢᠨ᠎ᠳᠠᠭᠠᠨ ᠬᠠᠳᠠᠩᠰᠢᠭᠤᠯᠤᠨ ᠰᠡᠳᠬᠢᠯ᠎ᠳᠡᠭᠡᠨ ᠰᠠᠭᠤᠭᠳᠠᠭᠤᠯᠵᠤ ᠦᠢ᠍ᠯᠠ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠃ ᠠᠴᠢ ᠡᠨᠡᠷᠢᠯ᠎ᠳᠤ ᠲᠠᠯᠠᠷᠬᠠᠬᠤ ᠰᠡᠳᠬᠢᠯᠭᠡ᠎ᠪᠠᠷ ᠰᠤᠷᠲᠠᠯ᠎ᠤᠨ ᠪᠠᠢ᠌ᠭᠤᠯᠤᠯᠲᠠ ᠵᠢ ᠤᠬᠠᠮᠰᠠᠷ᠎ᠠᠴᠠ᠎ᠪᠠᠨ ᠴᠢᠩᠭ᠋ᠠᠳᠬᠠᠵᠤ ᠂ ᠣᠨᠴᠠᠭ᠋ᠠᠢ᠌ᠷᠠᠬᠤ ᠦᠭᠡᠢ ᠂ ᠬᠡᠪ ᠪᠠᠷᠢᠮᠵᠢᠶ᠎ᠠ ᠵᠢ ᠪᠠᠭᠤᠷᠠᠭᠤᠯᠬᠤ ᠦᠭᠡᠢ ᠪᠠᠢ᠌ᠵᠤ ᠂ ᠬᠠᠭᠤᠴᠢᠨ ᠶᠣᠰᠣ ᠪᠦᠳᠦᠭᠦᠯᠢᠭ ᠳᠠᠳᠬᠠᠯ᠎ᠢ ᠡᠰᠡᠷᠭᠦᠴᠡᠬᠦ ᠂ ᠪᠣᠯᠪᠠᠰᠤᠨ ᠰᠢᠨ᠎ᠡ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ ᠃ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠳᠬᠠᠵᠤ ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠵᠤ ᠵᠠᠰᠠᠯᠲᠠ ᠵᠢ ᠠᠬᠢᠭᠤᠯᠬᠤ ᠡᠷᠴᠢᠮ ᠵᠢᠨᠨ ᠴᠢᠩᠭ᠋ᠠᠷᠠᠭᠤᠯᠵᠤ ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠰᠠᠬᠢᠯᠭ᠎ᠠ ᠪᠠᠲᠤ ᠵᠢ ᠮᠡᠳᠡᠭᠦᠯᠵᠦ ᠰᠠᠬᠢᠯᠭ᠎ᠠ ᠪᠠᠲᠤ ᠵᠢ ᠣᠢ᠌ᠯᠠᠭ᠋ᠠᠭᠤᠯᠵᠤ ᠰᠠᠬᠢᠯᠭ᠎ᠠ ᠪᠠᠲᠤ ᠵᠢ ᠰᠠᠬᠢᠭᠤᠯᠬᠤ ᠬᠡᠷᠡᠭᠲᠡᠢ ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢᠨ ᠵᠠᠭ᠋ᠠᠭ ᠬᠢᠵᠠᠭ᠋ᠠᠷ᠎ᠢ ᠰᠠᠢ᠌ᠲᠤᠷ ᠡᠵᠡᠮᠳᠡᠵᠦ ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠣᠨᠣᠴᠠᠲᠠᠢ ᠥᠷᠨᠢᠭᠦᠯᠬᠦ ᠬᠡᠷᠡᠭᠲᠡᠢ ᠃ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠢ᠌ᠳᠠᠪᠤᠷᠢᠵᠢᠭᠤᠯᠵᠤ ᠂ ᠳᠠᠷᠤᠯᠲᠠ ᠵᠢ ᠦᠨᠡᠨ ᠬᠦ᠌ ᠳᠣᠷᠣᠭᠰᠢ ᠳᠠᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃
ᠬᠤᠷᠠᠯ᠎ᠠᠴᠠ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠦᠬᠠᠢ ᠬᠣᠲᠠ ᠵᠢᠨ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠰᠠᠭᠤᠳᠠᠯ᠎ᠤᠨ ᠲᠣᠪᠣᠢ᠌ᠮ᠎ᠠ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠤᠭᠰᠠᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠂ ᠭᠦᠨᠵᠡᠭᠡᠢ ᠲᠤᠩᠭ᠋ᠠᠨ ᠰᠡᠳᠬᠢᠵᠦ ᠰᠡᠷᠡᠮᠵᠢᠭᠦᠯᠦᠯ ᠣᠯᠵᠤ ᠂ ᠵᠣᠷᠢᠭᠲᠠᠢ᠎ᠪᠠᠷ ᠬᠠᠲᠠᠭᠤ᠎ᠲᠠᠢ᠎ᠨᠢ ᠬᠠᠯᠳᠠᠵᠤ ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠠᠷᠭ᠎ᠠ ᠬᠡᠮᠵᠢᠶ᠎ᠡ ᠠᠪᠴᠤ ᠂ ᠦᠬᠠᠢ ᠵᠢᠴᠢ ᠲᠡᠭᠦᠨ᠎ᠤ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ ᠃ ᠶᠡᠷᠦᠩᠬᠡᠢ᠌ᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠴᠢᠩᠭ᠋ᠠᠳᠬᠠᠵᠤ ᠂ ᠲᠦᠷᠦᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠂ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ ᠂ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠴᠡᠭᠴᠡᠯᠡᠨ ᠵᠠᠰᠠᠬᠤ ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠂ ᠺᠠᠳ᠋ᠷ᠎ᠤᠨ ᠰᠤᠷᠲᠠᠯ᠎ᠢ ᠰᠠᠢ᠌ᠵᠢᠷᠠᠭᠤᠯᠬᠤ ᠵᠡᠷᠭᠡ ᠲᠠᠯ᠎ᠠ᠎ᠪᠠᠷ ᠬᠠᠮᠵᠢᠯᠴᠠᠨ ᠬᠦᠴᠦᠯᠡᠵᠦ ᠂ ᠡᠨᠡ ᠬᠦ᠌ 《 ᠬᠠᠭᠤᠴᠢᠨ ᠬᠦᠴᠢᠷ ᠠᠰᠠᠭᠤᠳᠠᠯ 》᠎ᠢ ᠦᠨᠳᠦᠰᠦᠨ᠎ᠠᠴᠠ᠎ᠨᠢ ᠲᠤᠢ᠌ᠯᠪᠤᠷᠢᠲᠠᠢ ᠰᠢᠢ᠍ᠳᠪᠦᠷᠢᠯᠡᠬᠦ᠎ᠪᠠᠷ ᠴᠢᠷᠮᠠᠢ᠌ᠬᠤ ᠬᠡᠷᠡᠭᠲᠡᠢ ᠃ ᠲᠥᠪ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠵᠤ ᠂ ᠠᠵᠢᠯ ᠬᠢᠬᠦ ᠦᠭᠡᠢ ᠂ ᠤᠳᠠᠭ᠋ᠠᠨ ᠬᠢᠬᠦ ᠵᠢᠴᠢ ᠬᠤᠳᠠᠯ ᠬᠡᠯᠡᠵᠦ ᠬᠠᠭᠤᠷᠮᠠᠭᠯᠠᠨ ᠦᠢ᠍ᠯᠡᠳᠬᠦ ᠵᠢ ᠴᠢᠩᠭ᠎ᠠ ᠵᠠᠯᠬᠠᠭ᠋ᠠᠨ ᠰᠢᠢ᠍ᠳᠬᠡᠵᠦ ᠂ ᠶᠠᠭ᠋ᠠᠬᠢᠭᠰᠠᠨ ᠴᠤ᠌ ᠢᠯᠳᠠᠷ ᠬᠠᠶᠠᠵᠤ ᠪᠤᠯᠬᠤ ᠦᠭᠡᠢ ᠭᠡᠵᠦ ᠴᠢᠬᠤᠯᠠᠴᠢᠯᠠᠵᠠᠢ ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ ᠃