6 ᠰᠠᠷ᠎ᠠ ᠵᠢᠨ 30᠎ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠵᠢᠴᠢ ᠠᠵᠤ ᠠᠬᠤᠢ ᠵᠢᠨ ᠪᠠᠢ᠌ᠭᠤᠯᠤᠯ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠲᠤᠰᠬᠠᠢ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠲᠡᠷᠡ ᠬᠡᠪ ᠵᠶ᠋ᠡᠷ᠎ᠨᠢ ᠰᠤᠷᠤᠯᠴᠠᠵᠤ᠂ ᠲᠥᠪ᠎ᠤᠨ ᠵᠢᠯᠤᠭᠣᠳᠬᠤ ᠳᠤᠭᠤᠢ᠌ᠯᠠᠩ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠰᠤᠷᠤᠯᠴᠠᠵᠤ ᠰᠤᠳᠤᠯᠤᠨ ᠶᠠᠷᠢᠯᠴᠠᠬᠤ ᠵᠢ ᠯᠠᠪᠳᠠᠭᠤᠨ ᠪᠠᠲᠤᠲᠠᠢ ᠥᠷᠨᠢᠭᠦᠯᠵᠦ᠂ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠲᠠᠷᠢᠬᠢᠨ᠎ᠳᠠᠭᠠᠨ ᠬᠠᠳᠠᠩᠰᠢᠭᠤᠯᠵᠤ ᠰᠡᠳᠬᠢᠯ᠎ᠳᠡᠭᠡᠨ ᠰᠢᠩᠭᠡᠭᠡᠬᠦ ᠵᠢ ᠠᠬᠢᠭᠤᠯᠬᠤ ᠬᠡᠷᠡᠭᠲᠡᠢ᠃ ᠰᠤᠷᠤᠯᠴᠠᠬᠤ ᠪᠠᠢ᠌ᠴᠠᠭ᠋ᠠᠨ ᠵᠠᠯᠠᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠢᠯᠠᠩᠭᠤᠶ᠎ᠠ ᠴᠡᠭᠴᠡᠯᠡᠨ ᠰᠠᠢ᠌ᠵᠢᠷᠠᠭᠤᠯᠬᠤ ᠳᠡᠭᠡᠷ᠎ᠡ ᠦᠨᠡᠨ ᠬᠦ᠌ ᠬᠦᠴᠦ ᠣᠷᠣᠭᠤᠯᠵᠤ᠂ ᠬᠤᠪᠢ ᠬᠥᠮᠥᠨ᠎ᠤ ᠠᠰᠠᠭᠤᠳᠠᠯ᠎ᠢ ᠪᠠᠢ᠌ᠴᠠᠭ᠋ᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠰᠠᠭᠤᠳᠠᠯ ᠵᠢᠴᠢ ᠲᠥᠪ᠎ᠤᠨ ᠲᠣᠭᠣᠷᠢᠨ ᠪᠠᠢ᠌ᠴᠠᠭ᠋ᠠᠯᠲᠠ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠡᠭᠦᠷᠭᠡ ᠵᠢᠨ ᠨᠠᠷᠢᠨ ᠲᠠᠩᠰᠠ᠎ᠲᠠᠢ ᠬᠠᠷᠭᠤᠭᠤᠯᠤᠨ ᠱᠠᠯᠠᠪᠳᠠᠨ ᠠᠳᠬᠤᠵᠤ ᠲᠦᠷᠭᠡᠨ ᠠᠵᠢᠯᠯᠠᠵᠤ᠂ ᠬᠣᠶᠠᠷ ᠶᠡᠬᠡ ᠶᠠᠪᠤᠳᠠᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠲᠠᠯᠪᠢᠭᠰᠠᠨ ᠬᠦᠰᠡᠯ ᠨᠠᠢ᠌ᠳᠠᠯᠭ᠎ᠠ ᠪᠠ ᠬᠦᠨᠳᠦ ᠨᠠᠢ᠌ᠳᠠᠯᠭ᠎ᠠ ᠵᠢ ᠬᠥᠰᠡᠷᠳᠡᠭᠦᠯᠬᠦ ᠦᠭᠡᠢ ᠪᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ 《ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠢ ᠬᠠᠮᠲᠤ᠎ᠪᠠᠷ ᠬᠥᠭᠵᠢᠭᠦᠯᠬᠦ ᠶᠡᠷᠦᠩᠬᠡᠢ ᠲᠥᠰᠥᠯ》᠎ᠢ ᠬᠢᠨᠠᠨ ᠵᠥᠪᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠮᠣᠩᠭᠣᠯ ᠤᠯᠤᠰ᠎ᠲᠤ ᠠᠢ᠌ᠯᠴᠢᠯᠠᠬᠤ ᠦᠶ᠎ᠡ᠎ᠳᠤ ᠲᠣᠬᠢᠷᠠᠯᠴᠠᠭᠰᠠᠨ ᠴᠢᠬᠤᠯᠠ ᠦᠷ᠎ᠡ ᠪᠦᠲᠦᠭᠡᠯ᠎ᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠶᠣᠰᠣᠭ᠋ᠠᠷ ᠰᠠᠭᠤᠷᠢ ᠲᠥᠬᠦᠭᠡᠷᠦᠮᠵᠢ ᠵᠢᠨ ᠬᠣᠯᠪᠣᠯᠳᠤᠨ ᠨᠡᠪᠲᠡᠷᠡᠯᠴᠡᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢ᠍ᠯᠡᠰ᠎ᠢ ᠬᠦᠴᠦᠷᠬᠡᠭᠵᠢᠭᠦᠯᠵᠦ᠂ ᠬᠠᠮᠲᠤᠷᠠᠯᠴᠠᠭ᠋ᠠᠨ᠎ᠤ ᠣᠷᠣᠨ᠎ᠢ ᠥᠨᠳᠥᠷ ᠲᠦᠪᠰᠢᠨ ᠪᠦᠬᠦᠢ ᠬᠢᠯᠢ ᠳᠠᠭ᠋ᠠᠤ ᠵᠢᠨ ᠨᠡᠭᠡᠭᠡᠯᠲᠡ ᠵᠢᠨ ᠲᠠᠪᠴᠠᠩ ᠪᠣᠯᠭ᠋ᠠᠨ ᠪᠦᠲᠦᠭᠡᠨ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠳ᠋ᠠᠢ᠌ᠲ᠋ᠠ ᠪᠠ ᠵᠣᠬᠢᠶᠠᠮᠠᠯ ᠣᠶᠤᠨ ᠴᠢᠳᠠᠪᠤᠷᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠬᠢᠨᠠᠨ ᠵᠥᠪᠯᠡᠵᠦ᠂ ᠰᠢᠨ᠎ᠡ ᠵᠢ ᠡᠭᠦᠳᠬᠦ᠎ᠪᠠᠷ ᠤᠳᠤᠷᠢᠳᠤᠮᠵᠢ ᠪᠤᠯᠭ᠋ᠠᠵᠤ᠂ ᠨᠢᠭᠡ ᠪᠦᠯᠦᠭ ᠠᠵᠤ ᠦᠢ᠍ᠯᠡᠰ᠎ᠤᠨ ᠲᠣᠭ᠋ᠠᠴᠢᠯᠠᠯᠳᠠ ᠣᠶᠤᠨᠴᠢᠯᠠᠯᠲᠠ ᠲᠡᠢ᠌ᠰᠢ ᠭᠡᠯᠪᠡᠷᠢ᠎ᠪᠠᠨ ᠬᠤᠪᠢᠷᠠᠭᠤᠯᠤᠭᠰᠠᠨ ᠬᠡᠪ ᠳᠠᠭᠤᠷᠢᠶᠠᠯ ᠠᠵᠤ ᠠᠬᠤᠢ᠌ᠯᠠᠯ᠎ᠢ ᠬᠦᠴᠦᠯᠡᠨ ᠪᠣᠢ᠌ᠵᠢᠭᠤᠯᠵᠤ᠂ ᠬᠡᠷᠡᠭᠴᠡᠭᠡ᠎ᠳᠤ ᠣᠢ᠌ᠷᠠᠳᠴᠤ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠪᠠᠢ᠌ᠷᠢᠯᠠᠭᠤᠯᠤᠯᠲᠠ ᠵᠢ ᠲᠦᠷᠭᠡᠳᠬᠡᠨ ᠲᠣᠬᠢᠷᠠᠭᠤᠯᠵᠤ᠂ ᠪᠦᠭᠦ ᠣᠷᠣᠨ᠎ᠤ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ᠎ᠳᠤ ᠲᠠᠰᠤᠷᠠᠯᠲᠠ ᠦᠭᠡᠢ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠵᠤ᠂ ᠪᠦᠭᠦ ᠤᠯᠤᠰ᠎ᠤᠨ ᠪᠣᠬᠢᠷᠳᠤᠯ ᠦᠭᠡᠢ ᠪᠣᠳᠣᠯᠲᠠ ᠵᠢᠨ ᠬᠦᠴᠦᠨ᠎ᠤ ᠪᠠᠲᠤᠯᠠᠭ᠎ᠠ ᠵᠢᠨ ᠰᠠᠭᠤᠷᠢᠨ᠎ᠢ ᠪᠠᠢ᠌ᠭᠤᠯᠵᠤ᠂ ᠵᠣᠬᠢᠶᠠᠮᠠᠯ ᠣᠶᠤᠨ ᠴᠢᠳᠠᠪᠤᠷᠢ ᠵᠢᠨ ᠬᠥᠭᠵᠢᠯᠲᠡ ᠵᠢᠨ ᠰᠢᠨ᠎ᠡ ᠥᠨᠳᠥᠷᠯᠢᠭ᠎ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠦᠢ᠍ᠯᠡᠳᠬᠦᠨ᠎ᠤ ᠨᠡᠭᠦᠷᠡᠰᠦᠲᠥ᠋ᠷᠥᠭᠴᠢ ᠵᠢᠨ ᠵᠢᠮ᠎ᠤᠨ ᠢᠯᠡᠳᠬᠡᠮᠵᠢ ᠲᠡᠮᠳᠡᠭ᠎ᠢ ᠭᠡᠷᠡᠴᠢᠯᠡᠬᠦ ᠠᠵᠢᠯ᠎ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ᠎ᠢ ᠬᠢᠨᠠᠨ ᠵᠥᠪᠯᠡᠵᠦ ᠪᠠᠲᠤᠯᠠᠨ᠂ ᠣᠯᠠᠨ ᠤᠯᠤᠰ᠎ᠤᠨ ᠨᠡᠭᠦᠷᠡᠰᠦᠲᠥ᠋ᠷᠥᠭᠴᠢ ᠵᠢᠨ ᠪᠣᠭᠣᠮᠲᠠ ᠵᠢᠨ ᠭᠠᠢ᠌ᠯᠢ ᠵᠢᠨ ᠠᠬᠤᠢ ᠪᠠᠢ᠌ᠳᠠᠯ ᠳᠣᠣᠷ᠎ᠠ᠂ ᠮᠠᠨ᠎ᠤ ᠣᠷᠣᠨ᠎ᠤ ᠪᠣᠬᠢᠷᠳᠤᠯ ᠦᠭᠡᠢ ᠴᠠᠭᠢᠯᠭ᠋ᠠᠨ ᠪᠣᠬᠢᠷᠳᠤᠯ ᠦᠭᠡᠢ ᠡᠨᠧᠷᠭᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠴᠠᠭᠢᠯᠭ᠋ᠠᠨ ᠵᠠᠳᠠᠯᠤᠯ᠎ᠤᠨ ᠬᠥᠩᠭᠡᠨᠴᠠᠭ᠋ᠠᠨ ᠵᠡᠷᠭᠡ ᠦᠢ᠍ᠯᠡᠳᠬᠦᠨ᠎ᠤ ᠭᠡᠷᠡᠴᠢᠯᠡᠯ᠎ᠤᠨ ᠤᠯᠤᠰ᠎ᠤᠨ ᠲᠤᠷᠰᠢᠯᠲᠠ ᠵᠢᠨ ᠴᠡᠭ᠎ᠤᠨ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠬᠦ ᠬᠡᠷᠡᠭᠲᠡᠢ᠃ ᠤᠯᠤᠰ᠎ᠤᠨ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠵᠢ ᠪᠡᠶᠡᠯᠡᠭᠦᠯᠬᠦ᠎ᠲᠠᠢ ᠨᠢᠭᠲᠠ ᠤᠶᠠᠯᠳᠤᠭᠤᠯᠤᠨ᠂ ᠲᠠᠯᠠᠰᠲᠤ ᠴᠠᠬᠢᠭᠤᠷ᠂ ᠬᠣᠪᠣᠷ ᠰᠢᠷᠣᠢ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ᠎ᠳᠠᠬᠢ ᠭᠣᠣᠯᠳᠠᠯᠭ᠎ᠠ᠎ᠲᠠᠢ ᠦᠢ᠍ᠯᠡᠳᠬᠦᠨ᠎ᠤ ᠨᠡᠭᠦᠷᠡᠰᠦᠲᠥ᠋ᠷᠥᠭᠴᠢ ᠵᠢᠨ ᠵᠢᠮ᠎ᠤᠨ ᠭᠡᠷᠡᠴᠢᠯᠡᠯ᠎ᠢ ᠢᠳᠡᠪᠬᠢᠲᠡᠢ ᠥᠷᠨᠢᠭᠦᠯᠵᠦ᠂ ᠮᠠᠨ᠎ᠤ ᠣᠷᠣᠨ᠎ᠤ ᠳᠠᠪᠠᠭᠤᠯᠢᠭ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠪᠣᠬᠢᠷᠳᠤᠯ ᠦᠭᠡᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠥᠪᠡᠷᠲᠡᠭᠡᠨ ᠵᠠᠰᠠᠬᠤ ᠣᠷᠣᠨ᠎ᠤ ᠮᠠᠯ ᠵᠢᠭᠦᠷᠲᠡᠨ᠎ᠢ ᠨᠢᠲᠤᠯᠬᠤ ᠬᠠᠮᠢᠶᠠᠷᠤᠯᠲᠠ ᠵᠢᠨ ᠳᠦᠷᠢᠮ᠎ᠤᠨ ᠲᠥᠰᠥᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠳᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠥᠰᠥᠯ᠎ᠢ ᠬᠢᠨᠠᠨ ᠵᠥᠪᠯᠡᠪᠡ; ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠬᠤ ᠵᠢᠴᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠵᠤ ᠬᠠᠮᠠᠭ᠋ᠠᠯᠠᠬᠤ ᠵᠡᠷᠭᠡ ᠠᠵᠢᠯ᠎ᠢ ᠰᠤᠳᠤᠯᠵᠠᠢ᠃