8 ᠰᠠᠷ᠎ᠠ᠎ᠶᠢᠨ 26᠎ᠤ ᠦᠳᠡ᠎ᠶᠢᠨ ᠡᠮᠦᠨ᠎ᠡ᠂ 2025 ᠣᠨ᠎ᠤ ᠤᠯᠤᠰ᠎ᠤᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠣᠶᠤᠨ᠎ᠤ ᠬᠥᠮᠥᠷᠭᠡ᠎ᠶᠢᠨ ᠶᠠᠷᠢᠶᠠᠨ᠎ᠤ ᠲᠠᠪᠴᠠᠩ ᠬᠥᠬᠡᠬᠣᠲᠠ᠎ᠳᠤ ᠶᠠᠪᠤᠭᠳᠠᠪᠠ᠃
ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠨᠢ ᠤᠯᠤᠰ᠎ᠤᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠂ ᠱᠢᠨ᠎ᠡ ᠡᠨᠧᠷᠭᠢ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠵᠡᠷᠭᠡ ᠬᠠᠮᠢᠶ᠎ᠠ ᠪᠦᠬᠦᠢ ᠭᠣᠣᠯ ᠰᠡᠳᠦᠪ᠎ᠦᠨ ᠲᠣᠭᠣᠷᠢᠨ᠎ᠳᠤ ᠶᠠᠪᠤᠭᠳᠠᠪᠠ᠃ ᠣᠷᠣᠰ᠂ ᠮᠣᠩᠭᠣᠯ ᠤᠯᠤᠰ ᠪᠣᠯᠤᠨ ᠳᠤᠮᠳᠠᠳᠤ ᠠᠽᠢᠶ᠎ᠠ᠂ ᠡᠮᠦᠨᠡᠲᠦ ᠠᠮᠧᠷᠢᠺᠠ ᠲᠢᠪ᠂ ᠠᠹᠷᠢᠺᠠ ᠲᠢᠪ ᠵᠡᠷᠭᠡ ᠬᠣᠯᠪᠣᠭᠳᠠᠯ ᠪᠦᠬᠦᠢ ᠤᠯᠤᠰ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠂ ᠠᠯᠪᠠᠨ᠎ᠤ ᠲᠠᠯ᠎ᠠ᠎ᠶᠢᠨ ᠲᠥᠯᠥᠭᠡᠯᠡᠭᠴᠢ᠂ ᠣᠶᠤᠨ᠎ᠤ ᠬᠥᠮᠥᠷᠭᠡ᠎ᠶᠢᠨ ᠲᠤᠰᠭᠠᠢ ᠮᠡᠷᠭᠡᠵᠢᠯᠲᠡᠨ 150 ᠭᠠᠷᠤᠢ ᠬᠥᠮᠦᠨ ᠣᠷᠣᠯᠴᠠᠵᠤ᠂ ᠭᠣᠣᠯ ᠰᠡᠳᠦᠪ᠎ᠦᠨ ᠲᠣᠭᠣᠷᠢᠨ᠎ᠳᠤ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃ ᠠᠵᠢᠯᠯᠠᠭ᠎ᠠ᠎ᠪᠠᠷ ᠳᠠᠮᠵᠢᠨ ᠡᠯ᠎ᠡ ᠡᠲᠡᠭᠡᠳ᠎ᠦᠨ 《 ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠬᠢᠯ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠬᠤ᠎ᠶᠢ ᠳᠠᠢᠴᠢᠯᠠᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠪᠡᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠬᠤᠸᠠᠩ ᠸᠧᠨ ᠴᠤᠸᠠᠨ ᠄《 ᠣᠯᠠᠨ ᠵᠢᠯ᠎ᠦᠨ ᠲᠤᠷᠱᠢ ᠣᠷᠣᠰ ᠪᠣᠯᠤᠨ ᠮᠣᠩᠭᠣᠯ ᠤᠯᠤᠰ᠎ᠯᠤᠭ᠎ᠠ᠎ᠶᠢᠨ ᠣᠯᠠᠨ ᠳᠡᠰ ᠳᠠᠪᠬᠤᠷᠭ᠎ᠠ᠎ᠶᠢᠨ ᠵᠥᠪᠳᠡᠯᠴᠡᠭᠡ ᠠᠭᠤᠯᠵᠠᠯᠲᠠ᠎ᠶᠢᠨ ᠲᠣᠭᠲᠠᠴᠠ᠎ᠶᠢ ᠢᠳᠡᠪᠬᠢᠲᠡᠢ ᠲᠡᠭᠦᠯᠳᠡᠷᠵᠢᠭᠦᠯᠵᠦ᠂ ᠬᠥᠷᠱᠢ ᠵᠡᠷᠭᠡᠯᠡᠳᠡᠭᠡ ᠭᠠᠵᠠᠷ ᠣᠷᠣᠨ᠎ᠯᠤᠭ᠎ᠠ᠎ᠶᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠶᠢ ᠦᠨᠡᠨᠬᠦ ᠪᠡᠬᠢᠵᠢᠭᠦᠯᠦᠭᠰᠡᠭᠡᠷ ᠢᠷᠡᠵᠡᠢ᠃ ᠣᠳᠣ ᠮᠣᠩᠭᠣᠯ ᠤᠯᠤᠰ᠎ᠤᠨ 23 ᠭᠠᠵᠠᠷ ᠣᠷᠣᠨ᠂ ᠣᠷᠣᠰ᠎ᠤᠨ 10 ᠭᠠᠵᠠᠷ ᠣᠷᠣᠨ᠎ᠲᠠᠢ ᠨᠥᠬᠥᠷᠰᠡᠭ ᠬᠠᠷᠢᠴᠠᠭ᠎ᠠ ᠪᠠᠢᠭᠤᠯᠪᠠ᠃ ᠡᠭᠦᠨ᠎ᠦ ᠬᠠᠮᠲᠤ ᠳᠤᠮᠳᠠᠳᠤ ᠮᠣᠩᠭᠣᠯ ᠣᠷᠣᠰ᠎ᠤᠨ ᠣᠶᠤᠨ᠎ᠤ ᠬᠥᠮᠥᠷᠭᠡ᠎ᠶᠢᠨ ᠬᠠᠮᠲᠤᠷᠠᠨ ᠠᠵᠢᠯᠯᠠᠬᠤ ᠬᠣᠯᠪᠣᠭ᠎ᠠ᠎ᠶᠢ ᠬᠠᠮᠲᠤᠷᠠᠨ ᠪᠠᠢᠭᠤᠯᠵᠤ᠂ ᠣᠯᠠᠨ ᠤᠯᠤᠰ᠎ᠤᠨ ᠴᠢᠨᠠᠷᠲᠠᠢ ᠡᠷᠳᠡᠮ ᠱᠢᠨᠵᠢᠯᠡᠭᠡᠨ᠎ᠦ ᠰᠣᠯᠢᠯᠴᠠᠭᠠᠨ᠎ᠤ ᠶᠠᠷᠢᠶᠠᠨ᠎ᠤ ᠲᠠᠪᠴᠠᠩ᠎ᠢ ᠡᠭᠡᠯᠵᠢᠯᠡᠨ ᠡᠷᠬᠢᠯᠡᠵᠦ᠂ ᠣᠷᠣᠰ ᠮᠣᠩᠭᠣᠯ᠎ᠯᠤᠭ᠎ᠠ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠵᠡᠷᠭᠡ ᠣᠯᠠᠨ ᠲᠠᠯ᠎ᠠ᠎ᠶᠢᠨ ᠬᠠᠮᠲᠤᠷᠠᠯᠴᠠᠭ᠎ᠠ ᠥᠷᠨᠢᠭᠦᠯᠬᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ》 ᠭᠡᠵᠦ ᠲᠠᠨᠢᠯᠴᠠᠭᠤᠯᠪᠠ ᠃
ᠣᠷᠣᠰ᠎ᠤᠨ ᠱᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠯᠤᠰ ᠳᠣᠷᠣᠨᠠᠲᠤ᠎ᠶᠢᠨ ᠬᠤᠪᠢᠶᠠᠷᠢ ᠬᠦᠷᠢᠶᠡᠯᠡᠩ᠎ᠦᠨ ᠤᠰᠤ ᠬᠢᠭᠡᠳ ᠠᠮᠢ ᠠᠬᠤᠢ᠎ᠶᠢᠨ ᠠᠰᠠᠭᠤᠳᠠᠯ᠎ᠤᠨ ᠰᠤᠳᠤᠯᠭᠠᠨ᠎ᠤ ᠭᠠᠵᠠᠷ᠎ᠤᠨ ᠳᠠᠷᠤᠭ᠎ᠠ᠂ ᠣᠷᠣᠰ᠎ᠤᠨ ᠱᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠴᠢᠮᠡᠭᠡ ᠨᠡᠪᠲᠡᠷᠡᠯᠭᠡ᠎ᠶᠢᠨ ᠠᠺᠠᠳᠧᠮᠢᠴᠢ ᠮᠠᠯᠢᠶ᠎ᠠ ᠺᠯᠢᠤᠺᠸᠸᠠ᠄ 《 ᠲᠤᠰ ᠤᠳᠠᠭᠠᠨ᠎ᠤ ᠠᠵᠢᠯᠯᠠᠭ᠎ᠠ᠎ᠳᠦ ᠪᠢ ᠳᠤᠮᠳᠠᠳᠤ ᠣᠷᠣᠰ᠎ᠤᠨ ᠬᠢᠯᠢ ᠬᠢᠵᠠᠭᠠᠷ ᠣᠷᠣᠨ᠎ᠤ ᠠᠮᠢ ᠠᠬᠤᠢ᠎ᠶᠢᠨ ᠠᠰᠠᠭᠤᠳᠠᠯ᠎ᠢ ᠱᠢᠢᠳᠪᠦᠷᠢᠯᠡᠭᠰᠡᠨ ᠲᠤᠷᠱᠢᠯᠭ᠎ᠠ᠎ᠪᠠᠨ ᠬᠤᠪᠢᠶᠠᠯᠴᠠᠵᠠᠢ᠃ ᠳᠤᠮᠳᠠᠳᠤ ᠣᠷᠣᠰ ᠶᠡᠬᠡ ᠬᠡᠮᠵᠢᠶᠡᠨ᠎ᠦ ᠪᠡᠯᠡ ᠮᠥᠩᠭᠥ ᠣᠷᠣᠭᠤᠯᠵᠤ ᠬᠢᠯᠢ ᠬᠢᠵᠠᠭᠠᠷ ᠣᠷᠣᠨ᠎ᠤ ᠠᠮᠢ ᠠᠬᠤᠢ᠎ᠶᠢᠨ ᠠᠰᠠᠭᠤᠳᠠᠯ᠎ᠢ ᠱᠢᠢᠳᠪᠦᠷᠢᠯᠡᠵᠦ᠂ ᠪᠠᠢᠭᠠᠯᠢ᠎ᠶᠢᠨ ᠡᠬᠢ ᠪᠠᠶᠠᠯᠢᠭ᠎ᠢ ᠵᠦᠢ ᠵᠣᠬᠢᠰᠲᠠᠢ ᠠᠱᠢᠭᠯᠠᠬᠤ᠎ᠶᠢ ᠪᠠᠲᠤᠯᠠᠬᠤ᠎ᠪᠠᠷ ᠬᠠᠮᠲᠤ᠎ᠪᠠᠷ ᠬᠦᠴᠦᠯᠡᠵᠦ ᠪᠠᠢᠨ᠎ᠠ ᠃ ᠪᠢᠳᠡᠨ᠎ᠦ ᠬᠠᠮᠲᠤᠷᠠᠯᠴᠠᠭᠠᠨ᠎ᠤ ᠢᠷᠡᠭᠡᠳᠦᠢ ᠥᠷᠭᠡᠨ ᠠᠭᠤᠳᠠᠮ᠂ ᠱᠢᠨᠵᠢᠯᠡᠬᠦ ᠤᠬᠠᠭᠠᠨ᠎ᠤ ᠰᠤᠳᠤᠯᠭᠠᠨ᠂ ᠣᠷᠣᠨ ᠪᠦᠰᠡ ᠵᠢᠴᠢ ᠪᠦᠬᠦ ᠪᠥᠮᠪᠥᠷᠴᠡᠭ᠎ᠦᠨ ᠠᠭᠤᠷ ᠠᠮᠢᠰᠭᠤᠯ᠎ᠤᠨ ᠬᠤᠪᠢᠷᠠᠯᠲᠠ ᠪᠣᠯᠤᠨ ᠪᠠᠢᠭᠠᠯᠢ᠎ᠶᠢᠨ ᠬᠤᠪᠢᠷᠠᠯᠲᠠ᠎ᠶᠢᠨ ᠬᠦᠷᠢᠶᠡᠨ᠎ᠳᠦ ᠬᠠᠮᠲᠤᠷᠠᠯᠴᠠᠭ᠎ᠠ ᠥᠷᠨᠢᠭᠦᠯᠵᠦ ᠪᠣᠯᠤᠨ᠎ᠠ 》 ᠭᠡᠯᠡ᠃
ᠲᠤᠰ ᠤᠳᠠᠭᠠᠨ᠎ᠤ ᠠᠵᠢᠯᠯᠠᠭ᠎ᠠ᠎ᠳᠦ ᠪᠠᠰᠠ ᠬᠠᠮᠢᠶ᠎ᠠ ᠪᠦᠬᠦᠢ ᠲᠥᠷᠥᠯ ᠵᠦᠢᠯ᠎ᠦᠨ ᠭᠡᠷ᠎ᠡ ᠲᠣᠭᠲᠠᠬᠤ ᠶᠣᠰᠣᠯᠠᠯ᠂ ᠭᠣᠣᠯ ᠰᠡᠳᠦᠪᠲᠦ ᠲᠠᠨᠢᠯᠴᠠᠭᠤᠯᠭ᠎ᠠ᠎ᠶᠢᠨ ᠠᠵᠢᠯᠯᠠᠭ᠎ᠠ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠠᠵᠢᠯᠯᠠᠭ᠎ᠠ᠂ ᠤᠷᠠᠨ ᠪᠢᠴᠢᠯᠭᠡ᠎ᠶᠢ ᠪᠡᠶᠡᠴᠢᠯᠡᠨ ᠣᠢᠯᠠᠭᠠᠬᠤ ᠠᠵᠢᠯᠯᠠᠭ᠎ᠠ᠂ ᠥᠪᠥᠷ ᠮᠣᠩᠭᠣᠯ᠎ᠤᠨ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠦ ᠳᠡᠯᠭᠡᠨ ᠦᠵᠡᠭᠦᠯᠭᠡ᠎ᠶᠢᠨ ᠠᠵᠢᠯᠯᠠᠭ᠎ᠠ ᠵᠡᠷᠭᠡ᠎ᠶᠢ ᠲᠣᠬᠢᠷᠠᠭᠤᠯᠵᠤ᠂ ᠬᠦᠷᠦᠯᠴᠡᠨ ᠢᠷᠡᠭᠰᠡᠳ᠎ᠦᠨ ᠬᠠᠯᠠᠭᠤᠨ ᠬᠦᠷᠢᠶᠡᠯᠡᠯ᠎ᠢ ᠬᠦᠷᠲᠡᠭᠰᠡᠨ ᠪᠠᠢᠨ᠎ᠠ᠃