ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠬᠦᠴᠦᠯᠡᠨ ᠪᠡᠬᠢᠵᠢᠭᠦᠯᠵᠦ᠍ ᠪᠤᠢ   ᠨᠣᠮᠢᠨ ᠨᠣᠭᠣᠭᠠᠨ ᠤᠷᠳᠤ ᠴᠠᠭᠠᠨ ᠬᠡᠷᠡᠮ᠎ᠢ ᠪᠠᠢᠭᠤᠯᠵᠤ ᠬᠥᠬᠡᠮᠳᠦᠭ ᠨᠣᠭᠣᠭᠠᠨ ᠠᠭᠤᠯᠠ ᠤᠰᠤ᠎ᠪᠠᠨ ᠰᠠᠬᠢᠨ ᠬᠠᠮᠠᠭᠠᠯᠠᠶ᠎ᠠ
ᠨᠡᠶ᠋ᠢᠲᠡᠯᠡᠭᠰᠡᠨ ᠴᠠᠭ᠄ 2025-09-15

ᠥᠪᠥᠷ ᠮᠣᠩᠭᠣᠯ ᠪᠠᠷᠠᠭᠤᠨ ᠬᠣᠢᠲᠤ᠂ ᠤᠮᠠᠷᠠᠲᠤ᠂ ᠵᠡᠭᠦᠨ ᠬᠣᠢᠲᠤ ᠣᠷᠣᠨ᠎ᠢ ᠰᠤᠨᠳᠠᠯᠠᠵᠤ᠂ ᠮᠠᠨ᠎ᠤ ᠤᠯᠤᠰ᠎ᠤᠨ ᠤᠮᠠᠷᠠᠲᠤ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠠᠮᠢ ᠠᠬᠤᠢ᠎ᠶᠢᠨ ᠴᠢᠳᠠᠮᠵᠢᠲᠤ ᠣᠷᠣᠨ ᠪᠣᠯᠬᠤ ᠪᠦᠭᠡᠳ ᠪᠠᠰᠠ ᠪᠥᠬᠥ ᠤᠯᠤᠰ᠎ᠤᠨ ᠴᠥᠯᠡᠷᠬᠡᠭ᠌ᠵᠢᠭ᠌ᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠬᠠᠮᠤᠭ᠎ᠤᠨ ᠲᠥᠪᠯᠡᠷᠡᠭᠰᠡᠨ᠂ ᠬᠣᠣᠷ ᠬᠥᠨᠥᠭᠡᠯ᠎ᠢᠶᠡᠷ ᠬᠠᠮᠤᠭ᠎ᠤᠨ ᠬᠦᠨᠳᠦ ᠨᠣᠴᠢᠲᠠᠢ ᠮᠤᠵᠢ᠎ᠶᠢᠨ ᠨᠢᠭᠡ ᠪᠣᠯᠣᠨ᠎ᠠ᠃ 

2023 ᠣᠨ᠎ᠤ 6 ᠳ᠋ᠤᠭᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠤ᠎ᠪᠠᠨ᠄ 《ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠌ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠶᠣᠰᠣᠲᠠᠢ 〈ᠤᠯᠤᠰ᠎ᠤᠨ ᠲᠣᠮᠣ ᠶᠠᠪᠤᠳᠠᠯ〉 ᠪᠣᠯᠣᠨ᠎ᠠ》 ᠭᠡᠵᠦ ᠵᠢᠭᠠᠵᠤ ᠭᠠᠷᠭᠠᠪᠠ᠃ 

ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠯᠡᠵᠦ᠂ ᠥᠷᠭᠡᠨ ᠠᠭᠤᠳᠠᠮ ᠲᠠᠯ᠎ᠠ ᠨᠤᠲᠤᠭ᠎ᠢᠶᠠᠨ 《ᠴᠠᠯᠢᠩ᠎ᠲᠠᠢ ᠠᠮᠠᠷᠠᠭᠤᠯᠵᠤ》᠂ ᠬᠢᠩᠭᠠᠨ ᠳᠠᠪᠠᠭᠠᠨ᠎ᠤ ᠤᠢ ᠰᠢᠭᠤᠢ᠎ᠳᠤ 《ᠰᠦᠬᠡ᠎ᠪᠡᠨ ᠴᠢᠯᠦᠭᠡᠯᠡᠵᠦ᠍ ᠬᠢᠷᠦᠭᠡᠳᠡᠬᠦ᠌᠎ᠪᠡᠨ ᠵᠣᠭ᠍ᠰᠣᠭᠠᠵᠤ》᠂ ᠨᠠᠯᠠᠤ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠢ ᠵᠡᠷᠭᠡ ᠣᠷᠣᠨ ᠵᠠᠢ᠎ᠶᠢ ᠠᠱᠢᠭ᠍ᠯᠠᠨ 《ᠥᠨᠴᠥᠭ ᠪᠤᠯᠤᠩ ᠦᠯᠡᠳᠡᠭᠡᠯ ᠦᠭᠡᠢ ᠨᠣᠭᠣᠭᠠᠷᠠᠭᠤᠯᠵᠠᠢ》 ᠁ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠥᠪᠥᠷ ᠮᠣᠩᠭᠣᠯ᠎ᠤᠨ ᠥᠷᠭᠡᠨ ᠤᠯᠠᠨ ᠺᠠᠳ᠋ᠷ ᠤᠯᠠᠨ ᠲᠦᠮᠡᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠡᠷᠡᠮᠡᠬᠡᠢᠯᠡᠨ ᠤᠷᠤᠭᠰᠢᠯᠠᠵᠤ᠂ ᠡᠬᠡ ᠤᠯᠤᠰ᠎ᠤᠨ ᠤᠮᠠᠷᠠᠲᠤ ᠬᠢᠵᠠᠭᠠᠷ᠎ᠲᠤ 《ᠥᠩᠭᠡ᠎ᠶ᠋ᠢᠨ ᠴᠡᠴᠡᠭ ᠮᠢᠷᠠᠯᠵᠠᠨ ᠳᠡᠯᠭᠡᠷᠡᠵᠦ᠍》 《ᠱᠢᠯᠢᠨ ᠪᠣᠯᠣᠷ ᠭᠣᠣᠯ ᠮᠦᠷᠡᠨ ᠲᠤᠨᠤᠯᠵᠠᠨ ᠤᠷᠤᠰᠤᠭ᠍ᠰᠠᠨ》 ᠦᠵᠡᠰᠭᠦᠯᠡᠩᠲᠦ ᠪᠠᠢᠳᠠᠯ᠎ᠢ ᠲᠠᠬᠢᠨ ᠢᠯᠡᠷᠡᠭᠦᠯᠪᠡ᠃

ᠡᠳᠦᠷ ᠪᠦᠷᠢ 6 ᠲᠦᠮᠡᠨ ᠮᠦ᠍ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠪᠠ

ᠣᠷᠳᠣᠰ ᠬᠤᠳᠠ᠎ᠶᠢᠨ ᠳᠠᠯᠠᠳ ᠬᠣᠰᠢᠭᠤᠨ᠎ᠤ ᠵᠤᠤ ᠵᠢᠶᠦ᠋ᠨ ᠪᠠᠯᠭᠠᠰᠤ᠎ᠶᠢᠨ ᠴᠠᠶ᠋ᠢᠳᠠᠮ ᠭᠠᠴᠠᠭ᠎ᠠ᠎ᠳᠤ᠂ ᠲᠣᠰᠬᠣᠨ᠎ᠤ ᠠᠷᠠᠳ ᠪᠠᠢ ᠴᠢᠯᠠᠭᠤ ᠬᠠᠳᠤᠨ ᠭᠣᠣᠯ᠎ᠤᠨ ᠡᠮᠦᠨ᠎ᠡ ᠡᠷᠭᠢ᠂ ᠬᠥᠪᠴᠢ᠎ᠶᠢᠨ ᠡᠯᠡᠰᠦᠨ᠎ᠤ ᠬᠣᠢᠲᠤ ᠵᠠᠬ᠎ᠠ᠎ᠶᠢᠨ ᠨᠢᠭᠡᠨ ᠨᠠᠯᠠᠤ ᠭᠠᠵᠠᠷ᠎ᠲᠤ ᠵᠣᠭᠰᠣᠵᠤ᠂ ᠢᠭ᠍ᠴᠤ ᠰᠠᠬᠤᠯᠢᠭ᠋ ᠤᠢ ᠰᠢᠭᠤᠢ᠎ᠶᠢᠨ ᠪᠦᠰᠡ᠎ᠶᠢ ᠪᠠᠷᠠᠭᠠᠯᠠᠬᠤ᠎ᠳᠤ ᠡᠯᠡᠰᠦ᠎ᠲᠠᠢ ᠲᠡᠮᠡᠴᠡᠵᠦ ᠪᠠᠢᠭᠰᠠᠨ ᠪᠠᠢᠳᠠᠯ ᠨᠢᠳᠦᠨ ᠡᠮᠦᠨ᠎ᠡ ᠨᠢ ᠲᠣᠳᠣᠷᠠᠨ᠎ᠠ᠁

ᠬᠡᠳᠦᠨ ᠠᠷᠪᠠᠨ ᠵᠢᠯ᠎ᠦᠨ ᠡᠮᠦᠨ᠎ᠡ᠂ ᠪᠠᠢ ᠴᠢ ᠯᠣᠣ ᠡᠨᠳᠡ ᠠᠩᠬ᠎ᠠ ᠤᠯᠢᠶᠠᠰᠤ ᠲᠠᠷᠢᠵᠠᠢ᠂ 《ᠪᠢᠳᠡ ᠡᠯᠡᠰᠦ᠎ᠶᠢ ᠬᠠᠰᠢᠵᠤ᠂ ᠲᠠᠷᠢᠶᠠᠯᠠᠬᠤ ᠭᠠᠵᠠᠷ᠎ᠢᠶᠠᠨ ᠰᠠᠢᠲᠤᠷ ᠬᠠᠮᠠᠭᠠᠯᠠᠬᠤ᠎ᠶᠢ ᠬᠦᠰᠡᠭᠰᠡᠨ ᠶᠤᠮ》 ᠃ ᠡᠳᠦᠭᠡ᠂ ᠨᠣᠭᠣᠭᠠᠷᠠᠭᠤᠯᠤᠯᠲᠠ᠎ᠶᠢᠨ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠭᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠪᠦᠰᠡ᠂ ᠡᠯᠡᠰᠦᠨ᠎ᠦ ᠬᠥᠪᠡᠭᠡ ᠵᠠᠬ᠎ᠠ᠎ᠶᠢ ᠴᠢᠳᠦᠷᠯᠡᠬᠦ ᠣᠢ᠎ᠪᠠᠷ ᠪᠦᠷᠢᠯᠳᠦᠭᠰᠡᠨ 《ᠳᠥᠷᠪᠡᠨ ᠰᠡᠷᠭᠡᠢᠯᠡᠯᠲᠡ᠎ᠶᠢᠨ ᠱᠤᠭᠤᠮ》 ᠨᠢ ᠡᠯᠡᠰᠦ᠎ᠶᠢ ᠲᠣᠭᠲᠠᠪᠤᠷᠢᠵᠢᠭᠤᠯᠤᠭᠰᠠᠨ ᠪᠠᠢᠨ᠎ᠠ᠃ 

《ᠪᠢᠳᠡ 〈ᠤᠮᠠᠷᠠᠲᠤ᠎ᠶᠢᠨ ᠭᠤᠷᠪᠠᠨ ᠣᠷᠣᠨ〉᠎ᠤ ᠢᠨᠵᠧᠨᠧᠷᠢᠩ᠎ᠦᠨ ᠰᠢᠪᠲᠤᠯᠤᠯᠲᠠ᠎ᠶᠢᠨ ᠳᠠᠢᠯᠠᠯᠳᠤᠭᠠᠨ᠎ᠢ ᠪᠦᠬᠦ ᠲᠠᠯ᠎ᠠ᠎ᠪᠠᠷ ᠬᠢᠵᠦ᠂ ᠡᠳᠦᠷ ᠪᠦᠷᠢ 6 ᠲᠦᠮᠡᠨ ᠮᠦ᠍᠎ᠶ᠋ᠢ ᠲᠠᠷᠢᠵᠤ ᠣᠢᠵᠢᠭᠤᠯᠬᠤ ᠬᠤᠷᠳᠤᠴᠠ᠎ᠪᠠᠷ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠠᠵᠢᠯ᠎ᠢᠶᠠᠨ ᠠᠬᠢᠭᠤᠯᠵᠤ ᠪᠠᠢᠨ᠎ᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠲᠢᠶᠧ ᠨᠢᠦ ᠲᠠᠨᠢᠯᠴᠠᠭᠤᠯᠬᠤ᠎ᠳᠦ᠎ᠪᠡᠨ᠂ 《ᠮᠤᠤᠠᠠᠤᠰᠤ᠎ᠶᠢᠨ ᠡᠯᠡᠰᠦᠷᠬᠡᠭ ᠭᠠᠵᠠᠷ᠎ᠤᠨ ᠵᠠᠰᠠᠯᠲᠠ᠎ᠶ᠋ᠢᠨ ᠠᠬᠢᠴᠠ 80% ᠬᠦᠷᠴᠦ᠂ ᠬᠥᠪᠴᠢ᠎ᠶᠢᠨ ᠡᠯᠡᠰᠦᠨ᠎ᠳᠦ 〈ᠭᠡᠷᠡᠯᠴᠢ ᠴᠡᠨᠡᠭ᠎ᠦᠨ ᠣᠷᠳᠣ᠌ ᠴᠠᠭᠠᠨ ᠬᠡᠷᠡᠮ〉᠎ᠢ ᠪᠠᠢᠭᠤᠯᠤᠨ᠂ ᠪᠠᠳᠠᠢ᠎ᠶᠢᠨ ᠵᠢᠷᠠᠨ᠂ ᠲᠡᠭᠷᠢ᠂ ᠤᠯᠠᠭᠠᠨᠪᠤᠬ᠎ᠠ ᠭᠤᠷᠪᠠᠨ ᠶᠡᠬᠡ ᠡᠯᠡᠰᠦᠨ ᠴᠥᠯ᠎ᠦᠨ ᠵᠠᠬ᠎ᠠ᠎ᠶ᠋ᠢ ᠴᠢᠳᠦᠷᠯᠡᠬᠦ᠌ ᠣᠢ ᠡᠪᠡᠰᠦ᠎ᠶ᠋ᠢᠨ ᠪᠦᠰᠡ᠎ᠶ᠋ᠢ ᠵᠠᠯᠭᠠᠭᠤᠯᠵᠤ ᠨᠡᠢᠯᠡᠭᠦᠯᠪᠡ》 ᠭᠡᠵᠡᠢ᠃ 

ᠠᠯᠠᠱᠠ ᠠᠢᠮᠠᠭ᠎ᠤᠨ ᠬᠢᠵᠠᠭᠠᠷ᠎ᠲᠠᠬᠢ ᠤᠯᠠᠭᠠᠨᠪᠤᠬ᠎ᠠ ᠡᠯᠡᠰᠦᠨ ᠴᠦᠯ᠎ᠦᠨ ᠬᠠᠲᠤᠨ ᠭᠣᠣᠯ᠎ᠤᠨ ᠬᠥᠪᠡᠭᠡᠨ᠎ᠳᠦ 5.7 ᠺᠢᠯᠣᠮᠧᠲᠷ ᠤᠷᠲᠤ ᠭᠠᠵᠠᠷ ᠪᠠᠢᠳᠠᠭ᠃ 《ᠥᠩᠭᠡᠷᠡᠭᠰᠡᠨ᠎ᠳᠦ ᠡᠨᠳᠡᠬᠢ᠎ᠶᠢᠨ ᠬᠠᠲᠤᠨ ᠭᠣᠣᠯ᠎ᠤᠨ ᠤᠰᠤᠨ᠎ᠳᠤ ᠡᠯᠡᠰᠦ ᠮᠠᠩᠬ᠎ᠠ ᠤᠷᠤᠰᠬᠠᠨ ᠢᠳᠡᠭᠳᠡᠭᠦᠯᠵᠦ᠂ ᠶᠡᠬᠡ ᠬᠡᠮᠵᠢᠶᠡᠨ᠎ᠦ ᠰᠢᠷ᠎ᠠ ᠡᠯᠡᠰᠦ ᠬᠠᠲᠤᠨ ᠭᠣᠣᠯ᠎ᠳᠤ ᠲᠦᠷᠢᠨ ᠣᠷᠣᠵᠤ᠂ ᠭᠣᠣᠯ᠎ᠤᠨ ᠰᠠᠪᠠ᠎ᠳᠤ ᠱᠢᠪᠠᠷ ᠱᠢᠷᠣᠢ ᠬᠤᠷᠠᠳᠠᠭ》 ᠭᠡᠵᠦ ᠠᠯᠠᠱᠠ ᠵᠡᠭᠦᠨ ᠬᠣᠰᠢᠭᠤᠨ᠎ᠤ ᠪᠠᠶᠠᠨᠮᠥ᠋ᠷᠡᠨ ᠰᠤᠮᠤᠨ᠎ᠤ ᠨᠠᠮ᠎ᠤᠨ ᠬᠣᠷᠢᠶᠠᠨ᠎ᠤ ᠱᠦᠵᠢ ᠸᠠᠩ ᠰᠢᠦᠢ ᠲᠠᠨᠢᠯᠴᠠᠭᠤᠯᠪᠠ᠃ 

ᠣᠳᠣᠬᠠᠨ᠎ᠳᠤ᠂ ᠲᠤᠬᠠᠢ᠎ᠶᠢᠨ ᠭᠠᠵᠠᠷ᠎ᠤᠨ ᠡᠯᠡᠰᠦ᠎ᠶᠢ ᠬᠠᠱᠢᠵᠤ ᠭᠣᠣᠯ᠎ᠳᠤ ᠳᠦᠷᠢᠬᠦ᠌᠎ᠡᠴᠡ ᠬᠣᠷᠢᠭ᠍ᠯᠠᠬᠤ ᠠᠮᠢ ᠠᠬᠤᠢ᠎ᠶ᠋ᠢᠨ ᠰᠡᠷᠭᠦᠭᠡᠯᠲᠡ᠎ᠶ᠋ᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠤ ᠠᠴᠢ᠎ᠪᠠᠷ ᠡᠨᠡ ᠬᠦ᠌ ᠬᠡᠰᠡᠭ ᠣᠷᠣᠨ ᠪᠦᠰᠡ᠎ᠶᠢᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠶᠢᠨ ᠨᠤᠷᠮ᠎ᠠ ᠶᠡᠬᠡ᠎ᠪᠡᠷ ᠳᠡᠭᠡᠭ᠌ᠰᠢᠯᠡᠵᠡᠢ᠃ 

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠨᠡᠶ᠋ᠢᠲᠡ 1.48 ᠳ᠋ᠦᠩᠰᠢᠭᠤᠷ ᠮᠦ᠍ ᠣᠢᠵᠢᠭᠤᠯᠵᠤ᠂ 3.67 ᠳ᠋ᠦᠩᠰᠢᠭᠤᠷ ᠮᠦ᠍ ᠡᠪᠡᠰᠦ ᠳᠠᠷᠢᠵᠤ᠂ 1.85 ᠳ᠋ᠦᠩᠰᠢᠭᠤᠷ ᠮᠦ᠍ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠵᠤ᠂ ᠬᠡᠪᠴᠢᠶ᠎ᠡ᠎ᠪᠡᠷ ᠴᠦᠮ ᠪᠥᠬᠥ ᠤᠯᠤᠰ᠎ᠤᠨ ᠲᠡᠷᠢᠭᠦᠨ᠎ᠳᠦ ᠪᠠᠢᠷᠢᠯᠠᠪᠠ᠃ ᠥᠪᠥᠷ ᠮᠣᠩᠭᠣᠯ᠎ᠤᠨ ᠡᠯ᠎ᠡ ᠭᠠᠵᠠᠷ᠎ᠲᠤ 《ᠨᠣᠭᠣᠭᠠᠷᠠᠭᠤᠯᠤᠯᠲᠠ ᠰᠠᠢᠵᠢᠷᠠᠵᠤ ᠡᠯᠡᠰᠦ ᠤᠬᠤᠷᠢᠭ᠍ᠰᠠᠨ》 ᠠᠮᠢ ᠠᠬᠤᠢ᠎ᠶᠢᠨ ᠭᠠᠢᠬᠠᠮᠰᠢᠭ᠋᠎ᠢ ᠦᠷᠭᠦᠯᠵᠢᠯᠡᠨ ᠡᠭᠦᠳᠴᠦ ᠪᠤᠢ᠃ 

9.7 ᠳ᠋ᠦᠩᠰᠢᠭᠤᠷ ᠮᠦ᠍ ᠨᠤᠲᠤᠭ ᠪᠡᠯᠴᠢᠭᠡᠷ᠎ᠢ 《ᠴᠠᠯᠢᠩ ᠲᠠᠢ ᠠᠮᠠᠷᠠᠭᠤᠯᠵᠠᠢ》

ᠪᠣᠷᠣᠭᠠᠨ᠎ᠤ ᠲᠠᠷᠠᠭ᠎ᠠ᠂ ᠬᠥᠯᠥᠨ ᠪᠤᠢ᠍ᠢᠷ ᠬᠤᠳᠠ᠎ᠶᠢᠨ ᠬᠠᠭᠤᠴᠢᠨ ᠪᠠᠷᠭᠤ ᠬᠣᠰᠢᠭᠤᠨ᠎ᠤ ᠨᠤᠲᠤᠭ ᠪᠡᠯᠴᠢᠭᠡᠷ ᠨᠣᠮᠢᠨ ᠨᠣᠭᠣᠭᠠᠨ ᠬᠠᠷᠠᠭ᠍ᠳᠠᠨ᠎ᠠ᠃ ᠠᠷᠢᠭᠤᠨ᠎ᠤ ᠭᠡᠷ ᠪᠦᠯᠢ᠎ᠶᠢᠨ ᠮᠠᠯᠵᠢᠯ᠎ᠤᠨ ᠲᠠᠯᠠᠪᠠᠢ᠎ᠳᠤ ᠬᠦᠷᠬᠦ᠎ᠳᠦ᠂ ᠮᠠᠯᠴᠢᠨ ᠳᠠᠯᠢᠶ᠎ᠠ ᠵᠤᠭᠠᠴᠠᠬᠤ᠎ᠪᠠᠷ ᠢᠷᠡᠭᠰᠡᠨ ᠵᠢᠭᠤᠯᠴᠢᠯᠠᠭ᠍ᠰᠠᠳ᠎ᠢ ᠬᠦᠯᠢᠶᠡᠨ ᠠᠪᠴᠤ ᠵᠣᠴᠢᠯᠠᠵᠤ ᠪᠠᠢᠯ᠎ᠠ᠃ 

《ᠥᠩᠭᠡᠷᠡᠭᠰᠡᠨ᠎ᠳᠦ ᠬᠣᠨᠢ᠎ᠪᠠᠨ ᠪᠡᠯᠴᠢᠭᠡᠷᠯᠡᠭᠦᠯᠵᠦ᠍ ᠪᠠᠢᠵᠠᠢ᠂ ᠬᠣᠨᠢ ᠡᠪᠡᠰᠦᠨ᠎ᠦ ᠦᠨᠳᠦᠰᠦ᠎ᠶ᠋ᠢ ᠢᠳᠡᠬᠦ᠌ ᠳᠤᠷᠠᠲᠠᠢ᠂ ᠲᠡᠭᠡᠭᠡᠳ ᠬᠣᠨᠢᠨ᠎ᠤ ᠲᠣᠭ᠎ᠠ ᠲᠣᠯᠣᠭᠠᠢ ᠨᠡᠮᠡᠭ᠌ᠳᠡᠬᠦ᠌᠎ᠶ᠋ᠢ ᠳᠠᠭᠠᠯᠳᠤᠨ ᠪᠡᠯᠴᠢᠭᠡᠷ ᠶᠡᠬᠡ᠎ᠪᠡᠷ ᠮᠠᠭᠤᠳᠠᠵᠠᠢ》᠃ ᠲᠠᠯᠢᠶ᠎ᠠ ᠬᠡᠯᠡᠬᠦ᠎ᠳᠤ᠎ᠪᠠᠨ᠂ ᠣᠳᠣᠬᠠᠨ᠎ᠳᠤ ᠪᠡᠯᠴᠢᠭᠡᠷᠯᠡᠭᠦᠯᠬᠦ᠌᠎ᠶ᠋ᠢ ᠵᠣᠭᠰᠣᠭᠠᠭᠰᠠᠨ᠎ᠤ ᠳᠠᠷᠠᠭ᠎ᠠ᠂ ᠵᠢᠯ᠎ᠳᠦ 7 ᠲᠦᠮᠡᠨ ᠲᠥᠭᠥᠷᠢᠭ᠎ᠦᠨ ᠨᠥᠬᠥᠪᠦᠷᠢ ᠣᠯᠵᠤ᠂ ᠨᠤᠲᠤᠭ ᠪᠡᠯᠴᠢᠭᠡᠷ ᠤᠯᠠᠮ ᠴᠦ᠍ ᠨᠣᠭᠣᠭᠠᠷᠠᠨ ᠬᠠᠷᠠᠭ᠍ᠳᠠᠬᠤ ᠪᠣᠯᠵᠠᠢ᠃ ᠰᠤᠯᠠ ᠰᠡᠯᠡᠭᠦᠦ ᠴᠠᠭ᠎ᠲᠠᠢ ᠪᠣᠯᠵᠤ ᠲᠠᠯᠢᠶ᠎ᠠ ᠭᠡᠷ ᠪᠠᠭᠤᠳᠠᠯ ᠡᠷᠬᠢᠯᠡᠬᠦ᠌ ᠪᠣᠯᠣᠭ᠍ᠰᠠᠨ᠎ᠢᠶᠠᠷ ᠠᠷᠠᠯᠵᠢᠶ᠎ᠠ ᠮᠠᠢᠮᠠᠢ ᠨᠢ ᠮᠠᠰᠢ ᠬᠥᠭᠵᠢᠶᠡᠨ᠎ᠲᠠᠢ ᠪᠣᠯᠪᠠ᠃ 

ᠳ᠋ᠠᠢᠲ᠋ᠠ᠎ᠳᠤ ᠢᠯᠡᠷᠡᠭᠦᠯᠦᠭᠰᠡᠨ᠎ᠢᠶᠡᠷ᠂ 20 ᠭᠠᠷᠤᠢ ᠵᠢᠯ᠎ᠦᠨ ᠡᠮᠦᠨ᠎ᠡ᠂ ᠳᠠᠭᠠᠭᠠᠴᠠ᠎ᠠᠴᠠ ᠬᠡᠲᠦᠷᠡᠲᠡᠯ᠎ᠡ ᠮᠠᠯᠵᠢᠭ᠍ᠰᠠᠨ ᠵᠡᠷᠭᠡ ᠰᠢᠯᠲᠠᠭᠠᠨ᠎ᠡᠴᠡ ᠪᠣᠯᠵᠤ᠂ ᠬᠥᠯᠥᠨ ᠪᠣᠶ᠋ᠢᠷ᠎ᠤᠨ ᠲᠠᠯ᠎ᠠ ᠨᠤᠲᠤᠭ ᠵᠢᠯ ᠪᠦᠷᠢ 2%᠎ᠤᠨ ᠬᠤᠷᠳᠤᠴᠠ᠎ᠪᠠᠷ ᠮᠠᠭᠤᠲᠠᠵᠤ ᠪᠠᠢᠪᠠ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠵᠣᠭ᠍ᠰᠣᠭᠠᠵᠤ ᠰᠡᠯᠭᠦᠨ ᠪᠡᠯᠴᠢᠭᠡᠷᠯᠡᠭᠦᠯᠬᠦ᠌ ᠣᠯᠠᠨ ᠡᠰᠢᠵᠢᠭᠦᠯᠦᠨ ᠨᠥᠬᠥᠪᠦᠷᠢᠯᠡᠬᠦ ᠲᠣᠭᠲᠠᠴᠠ᠎ᠶᠢ ᠦᠷᠭᠦᠯᠵᠢᠯᠡᠨ ᠰᠦᠪᠡᠭᠴᠢᠯᠡᠵᠦ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠨᠢ ᠨᠥᠬᠥᠪᠦᠷᠢ ᠱᠠᠩᠨᠠᠯ᠎ᠤᠨ ᠪᠡᠯᠡ ᠮᠥᠩᠭᠥ᠎ᠶᠢᠨ ᠬᠤᠪᠢᠶᠠᠷᠢᠯᠠᠯᠲᠠ ᠯᠤᠭ᠎ᠠ ᠬᠣᠯᠪᠣᠭᠳᠠᠭᠤᠯᠤᠨ ᠤᠷᠮᠠᠰᠢᠭᠤᠯᠬᠤ ᠪᠠ ᠬᠢᠵᠠᠭᠠᠷᠯᠠᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠪᠡ᠃ 2025 ᠣᠨ᠎ᠳᠤ᠂ ᠥᠪᠥᠷ ᠮᠣᠩᠭᠣᠯ᠎ᠤᠨ 9.7 ᠳ᠋ᠦᠩᠰᠢᠭᠤᠷ ᠮᠦ᠍ ᠨᠤᠲᠤᠭ ᠪᠡᠯᠴᠢᠭᠡᠷ᠎ᠢ 《ᠴᠠᠯᠢᠩ᠎ᠲᠠᠢ ᠠᠮᠠᠷᠠᠭᠤᠯᠪᠠ》᠃ 

ᠪᠡᠯᠴᠢᠭᠡᠷᠯᠡᠭᠦᠯᠬᠦ᠌᠎ᠶ᠋ᠢ ᠬᠢᠵᠠᠭᠠᠷᠯᠠᠪᠠᠯ ᠠᠵᠤ ᠦᠢᠯᠡᠰ᠎ᠦᠨ ᠬᠥᠭᠵᠢᠯᠲᠡ ᠬᠡᠷᠬᠢᠨ ᠬᠢᠵᠠᠭᠠᠷᠯᠠᠭ᠍ᠳᠠᠬᠤ ᠦᠭᠡᠢ ᠪᠠᠢᠵᠤ ᠴᠢᠳᠠᠬᠤ ᠪᠤᠢ? ᠡᠭᠦᠨ᠎ᠦ ᠵᠠᠩᠭᠢᠯᠠᠭ᠎ᠠ ᠨᠢ ᠡᠵᠡᠩᠨᠡᠯᠲᠡ᠎ᠶᠢᠨ ᠠᠷᠭ᠎ᠠ ᠮᠠᠶᠢᠭ᠋᠎ᠢᠶᠠᠨ ᠬᠤᠪᠢᠷᠠᠭᠤᠯᠬᠤ᠎ᠳᠤ ᠪᠤᠢ᠃ 

ᠰᠢᠯᠢ᠎ᠶᠢᠨ ᠭᠣᠣᠯ ᠠᠢᠮᠠᠭ᠎ᠤᠨ ᠰᠢᠯᠤᠭᠤᠨ ᠬᠥᠬᠡ ᠬᠣᠰᠢᠭᠤᠨ᠎ᠤ ᠰᠠᠢᠨ ᠮᠠᠯᠴᠢᠨ ᠬᠣᠷᠱᠢᠶᠠᠵᠢᠯ᠎ᠤᠨ ᠣᠳᠣᠬᠢᠴᠢᠯᠠᠭᠰᠠᠨ ᠦᠬᠡᠷ᠎ᠦᠨ ᠬᠠᠰᠢᠶ᠎ᠠ᠎ᠳᠤ᠂ ᠪᠣᠷᠳᠣᠭᠠᠨ᠎ᠤ ᠲᠡᠷᠭᠡ ᠰᠦᠯᠵᠢᠯᠳᠦᠵᠦ ᠴᠠᠷᠭᠠᠰᠤ ᠪᠣᠯᠣᠨ ᠨᠣᠬᠠᠢ ᠬᠣᠰᠢᠭᠤ᠎ᠶᠢᠨ ᠦᠨᠦᠷ ᠬᠠᠩᠬᠤᠯᠤᠨ᠎ᠠ᠃ 

ᠬᠣᠷᠱᠢᠶᠠᠵᠢᠯ᠎ᠤᠨ ᠬᠠᠷᠢᠭᠤᠴᠠᠯᠭᠠᠲᠠᠨ ᠬᠤᠤ ᡁᠢ ᠵᠦᠩ ᠡᠪᠡᠰᠦ ᠪᠣᠷᠳᠣᠭ᠎ᠠ᠎ᠶᠢ ᠡᠭᠡᠯᠵᠢᠯᠡᠨ ᠲᠠᠷᠢᠬᠤ ᠲᠠᠷᠢᠶ᠎ᠠ᠎ᠶᠢ ᠵᠢᠭᠠᠵᠤ᠄ 《ᠪᠢᠳᠡ ᠤᠳᠤ ᠮᠠᠯ ᠪᠡᠯᠴᠢᠭᠡᠷ᠎ᠢ ᠬᠣᠯᠪᠣᠯᠳᠤᠭᠤᠯᠬᠤ ᠠᠷᠭ᠎ᠠ᠎ᠪᠠᠷ ᠡᠷᠬᠢᠨ ᠲᠣᠭᠣᠷᠢᠨ᠎ᠤ ᠮᠠᠯᠴᠢᠳ ᠲᠠᠢ ᠬᠣᠯᠪᠤᠭᠠᠯᠠᠨ ᠬᠣᠷᠱᠢᠶᠠᠵᠢᠯ ᠪᠠᠢᠭᠤᠯᠵᠤ᠂ ᠬᠠᠳᠤᠯᠠᠩ ᠪᠡᠯᠴᠢᠭᠡᠷ᠂ ᠬᠠᠰᠢᠶ᠎ᠠ ᠰᠠᠷᠠᠪᠴᠢ᠂ ᠬᠥᠳᠡᠯᠮᠦᠷᠢ ᠬᠦᠴᠦᠨ᠎ᠢ ᠨᠡᠢᠳᠬᠡᠵᠦ᠂ ᠪᠡᠯᠴᠢᠭᠡᠷ ᠡᠪᠡᠰᠦ ᠲᠠᠷᠢᠬᠤ᠂ ᠬᠡᠪᠴᠢᠶᠡᠵᠢᠭᠦᠯᠵᠦ᠍ ᠲᠡᠵᠢᠭᠡᠨ ᠦᠷᠡᠵᠢᠭᠦᠯᠬᠦ᠂ ᠨᠠᠷᠢᠯᠢᠭ᠋ ᠭᠦᠨ ᠡᠳ᠋ᠱᠢᠭᠦᠯᠦᠨ ᠪᠣᠯᠪᠠᠰᠤᠷᠠᠭᠤᠯᠬᠤ ᠵᠡᠷᠭᠡ ᠲᠤᠬᠠᠢᠯᠠᠭᠰᠠᠨ ᠠᠵᠢᠯ᠎ᠢ ᠥᠷᠨᠢᠭᠦᠯᠵᠦ ᠪᠠᠢᠨ᠎ᠠ》 ᠭᠡᠵᠦ ᠲᠠᠨᠢᠯᠴᠠᠭᠤᠯᠪᠠ᠃ 

ᠨᠤᠲᠤᠭ ᠪᠡᠯᠴᠢᠭᠡᠷ᠎ᠦᠨ ᠲᠠᠭᠠᠭᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠥᠪᠥᠷ ᠮᠣᠩᠭᠣᠯ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠬᠡᠪ ᠵᠠᠭᠪᠤᠷ᠎ᠢ ᠬᠡᠷᠡᠭᠵᠢᠭᠦᠯᠵᠦ᠂ ᠮᠠᠯᠴᠢᠳ᠎ᠤᠨ ᠡᠬᠢ ᠪᠠᠶᠠᠯᠢᠭ᠋᠎ᠢᠶᠠᠨ ᠡᠮᠬᠢᠯᠡᠨ ᠨᠡᠢᠯᠡᠭᠦᠯᠬᠦ᠂ ᠲᠥᠬᠦᠭᠡᠷᠦᠮᠵᠢ ᠬᠤᠳᠠᠯᠳᠤᠨ ᠠᠪᠬᠤ᠂ ᠬᠠᠰᠢᠶ᠎ᠠ ᠰᠠᠷᠠᠪᠴᠢ ᠪᠠᠶ᠋ᠢᠭᠤᠯᠬᠤ᠎ᠶᠢ ᠨᠢ ᠳᠡᠮᠵᠢᠵᠦ᠍᠂ ᠲᠠᠷᠢᠮᠠᠯ ᠲᠡᠵᠢᠭᠡᠯ ᠡᠪᠡᠰᠦ ᠪᠠ ᠪᠠᠢᠭᠠᠯᠢ᠎ᠶᠢᠨ ᠨᠤᠲᠤᠭ ᠪᠡᠯᠴᠢᠭᠡᠷ᠎ᠦᠨ ᠢᠳᠡᠰᠢ ᠪᠣᠯᠬᠤ ᠪᠡᠯᠴᠢᠭᠡᠷ ᠡᠪᠡᠰᠦᠨ᠎ᠦ ᠬᠠᠳᠤᠵᠤ ᠬᠤᠷᠢᠶᠠᠬᠤ᠎ᠶ᠋ᠢ ᠨᠡᠮᠡᠭ᠌ᠳᠡᠭᠦᠯᠵᠦ᠍᠂ ᠡᠷᠴᠢᠮᠵᠢᠭᠦᠯᠦᠭᠰᠡᠨ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ᠎ᠶᠢ ᠪᠡᠶᠡᠯᠡᠭᠦᠯᠵᠦ᠂ ᠤᠯᠠᠮᠵᠢᠯᠠᠯᠲᠤ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠲᠦᠯᠬᠢᠨ ᠠᠬᠢᠭᠤᠯᠪᠠ᠃ 

ᠬᠢᠩᠭᠠᠨ ᠳᠠᠪᠠᠭᠠᠨ᠎ᠤ ᠣᠶ ᠰᠢᠭᠤᠢ᠎ᠳᠤ 《ᠰᠦᠬᠡ᠎ᠪᠡᠨ ᠴᠢᠯᠦᠭᠡᠯᠡᠵᠦ ᠬᠢᠷᠦᠭᠡᠳᠡᠬᠦ᠌᠎ᠪᠡᠨ ᠵᠣᠭ᠍ᠰᠣᠭᠠᠵᠠᠢ》 

ᠬᠢᠩᠭᠠᠨ ᠠᠢᠮᠠᠭ᠎ᠤᠨ ᠷᠠᠰᠢᠶᠠᠨ ᠬᠤᠳᠠ᠂ ᠶᠡᠬᠡ ᠬᠢᠩᠭᠠᠨ ᠳᠠᠪᠠᠭ᠎ᠠ᠎ᠶᠢᠨ ᠪᠠᠷᠠᠭᠤᠨ ᠡᠮᠦᠨ᠎ᠡ ᠬᠣᠷᠮᠣᠢ᠎ᠳᠤ᠂ ᠵᠠᠭᠤᠨ ᠲᠦᠮᠡᠨ ᠮᠦ᠍᠎ᠶᠢᠨ ᠲᠠᠷᠢᠮᠠᠯ ᠤᠢ᠎ᠶᠢᠨ ᠳᠤᠷᠠᠰᠬᠠᠯ᠎ᠤᠨ ᠬᠥᠰᠢᠶ᠎ᠡ ᠠᠭᠤᠯᠠᠰ᠎ᠤᠨ ᠳᠤᠮᠳᠠ ᠰᠦᠨᠳᠡᠷᠯᠡᠨ᠎ᠡ᠃ 

《ᠲᠡᠷᠡ ᠬᠡᠰᠡᠭ ᠣᠢ᠎ᠳᠤ ᠮᠠᠨ᠎ᠤ ᠭᠤᠷᠪᠠᠨ ᠦᠶ᠎ᠡ᠎ᠪᠡᠷ᠎ᠢᠶᠡᠨ ᠳᠠᠷᠢᠭ᠍ᠰᠠᠨ ᠮᠣᠳᠣ᠌ ᠪᠤᠢ》᠃ 85 ᠣᠨ᠎ᠠᠴᠠ ᠬᠣᠢᠨ᠎ᠠ ᠲᠦᠷᠦᠭ᠌ᠰᠡᠨ ᠵᠠᠯᠠᠭᠤ ᠸᠠᠩ ᠴᠢᠶᠠᠩ ᠣᠮᠣᠭ᠍ᠰᠢᠨ ᠶᠠᠷᠢᠪᠠ᠃ 

ᠸᠠᠩ ᠴᠢᠶᠠᠩ ᠪᠣᠯ ᠭᠤᠷᠪᠠᠳᠤᠭᠠᠷ ᠦᠶ᠎ᠡ᠎ᠶ᠋ᠢᠨ ᠣᠢᠵᠢᠭᠤᠯᠤᠭ᠍ᠴᠢ ᠶᠤᠮ᠃ ᠡᠳᠦᠷ ᠪᠦᠷᠢ᠎ᠶᠢᠨ ᠥᠷᠯᠥᠭᠡ᠎ᠶᠢᠨ 8 ᠴᠠᠭ᠎ᠲᠤ᠂ ᠸᠠᠩ ᠴᠢᠶᠠᠩ ᠠᠵᠢᠯ᠎ᠤᠨ ᠬᠤᠪᠴᠠᠰᠤ᠎ᠪᠠᠨ ᠡᠮᠦᠰᠴᠦ᠂ ᠭᠠᠯ ᠤᠨᠲᠠᠷᠠᠭᠠᠬᠤ ᠪᠠᠭᠠᠵᠢ᠎ᠪᠠᠨ ᠠᠳᠭᠤᠭᠠᠳ᠂ ᠣᠶ ᠰᠢᠭᠤᠢ᠎ᠳᠤ ᠰᠢᠷᠭᠤᠨ ᠣᠷᠣᠵᠤ᠂ ᠲᠦᠢᠮᠡᠷ᠎ᠦᠨ ᠳᠠᠯᠳᠠ ᠬᠡᠮ ᠪᠠ ᠬᠣᠷᠣᠬᠠᠢ ᠭᠡᠮ᠎ᠦᠨ ᠬᠥᠨᠥᠭᠡᠯ᠎ᠢ ᠪᠠᠢᠴᠠᠭᠠᠳᠠᠭ᠃ 

ᠤᠢ ᠰᠢᠭᠤᠢ᠎ᠶᠢᠨ ᠦᠢᠯᠡᠰ᠎ᠢ ᠨᠡᠯᠢᠶᠡᠳ ᠡᠷᠲᠡ ᠨᠡᠭᠡᠭᠡᠨ ᠠᠰᠢᠭ᠍ᠯᠠᠭᠰᠠᠨ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠷᠠᠰᠢᠶᠠᠨ ᠨᠢ ᠴᠦᠯᠪᠡᠬᠦ᠌ ᠴᠢᠨᠠᠷᠲᠠᠢ ᠣᠭ᠍ᠲᠣᠯᠵᠤ ᠬᠢᠷᠦᠭᠡᠳᠡᠵᠦ᠍ ᠪᠠᠢᠭ᠍ᠰᠠᠨ᠎ᠢᠶᠠᠷ᠂ ᠬᠠᠭᠠᠰ ᠵᠠᠭᠤᠨ᠎ᠤ ᠬᠣᠭᠣᠷᠣᠨᠳᠤ ᠷᠠᠰᠢᠶᠠᠨ᠎ᠤ ᠠᠱᠢᠭ᠍ᠯᠠᠵᠤ ᠪᠣᠯᠬᠤ ᠤᠢ ᠮᠣᠳᠣᠨ᠎ᠤ ᠡᠬᠢ ᠪᠠᠶᠠᠯᠢᠭ᠋ ᠪᠠᠷᠤᠭ ᠬᠣᠭᠣᠰᠤᠷᠠᠬᠤ ᠱᠢᠬᠠᠭ᠍ᠰᠠᠨ ᠪᠠᠢᠨ᠎ᠠ᠃ 

2015 ᠣᠨ᠎ᠳᠤ᠂ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶᠢᠨ ᠤᠯᠤᠰ᠎ᠤᠨ ᠦᠮᠴᠢᠯᠡᠯᠲᠦ ᠭᠣᠣᠯᠳᠠᠯᠭ᠎ᠠ ᠪᠣᠯᠬᠤ ᠰᠢᠭᠤᠢᠲᠤ ᠣᠷᠣᠨ᠎ᠳᠤ ᠪᠠᠢᠭᠠᠯᠢ᠎ᠶᠢᠨ ᠣᠶ᠎ᠶᠢ ᠬᠤᠳᠠᠯᠳᠤᠭᠠᠨ᠎ᠤ ᠴᠢᠨᠠᠷᠲᠠᠢ᠎ᠪᠠᠷ ᠣᠭᠲᠣᠯᠬᠤ᠎ᠶᠢ ᠪᠦᠬᠦ᠌ ᠲᠠᠯ᠎ᠠ᠎ᠪᠠᠷ ᠵᠣᠭ᠍ᠰᠣᠭᠠᠵᠠᠢ᠃ 10 ᠵᠢᠯ᠎ᠦᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶᠢᠨ ᠤᠯᠤᠰ᠎ᠤᠨ ᠦᠮᠴᠢᠯᠡᠯᠲᠦ ᠭᠣᠣᠯᠳᠠᠯᠭ᠎ᠠ ᠪᠣᠯᠬᠤ ᠰᠢᠭᠤᠢᠲᠤ ᠣᠷᠣᠨ᠎ᠤ ᠤᠢ ᠰᠢᠭᠤᠢ᠎ᠶᠢᠨ ᠬᠠᠳᠠᠭᠠᠯᠠᠭᠳᠠᠴᠠ᠎ᠶᠢᠨ ᠬᠡᠮᠵᠢᠶ᠎ᠡ 8.03 ᠳ᠋ᠦᠩᠰᠢᠭᠤᠷ ᠺᠦᠪ ᠮᠧᠲᠷ ᠪᠠᠢᠭᠰᠠᠨ᠎ᠠᠴᠠ᠎ᠪᠠᠨ 10.29 ᠳ᠋ᠦᠩᠰᠢᠭᠤᠷ ᠺᠦᠪ ᠮᠧᠲᠷ ᠪᠣᠯᠲᠠᠯ᠎ᠠ ᠨᠡᠮᠡᠭᠳᠡᠵᠦ᠂ ᠠᠷᠪᠠᠨ᠎ᠤ ᠭᠤᠷᠪᠠᠨ ᠬᠤᠪᠢ ᠰᠢᠬᠠᠮ ᠨᠡᠮᠡᠭᠳᠡᠪᠡ; ᠬᠡᠭᠡᠷ᠎ᠡ᠎ᠶᠢᠨ ᠤᠷᠭᠤᠮᠠᠯ 1848 ᠵᠦᠢᠯ ᠪᠠᠢᠭᠰᠠᠨ᠎ᠠᠴᠠ᠎ᠪᠠᠨ ᠨᠡᠮᠡᠭᠳᠡᠭᠡᠳ 1937 ᠵᠦᠢᠯ ᠪᠣᠯᠵᠤ᠂ ᠬᠡᠭᠡᠷ᠎ᠡ᠎ᠶᠢᠨ ᠠᠮᠢᠲᠠᠨ 390 ᠵᠦᠢᠯ ᠪᠠᠢᠭᠰᠠᠨ᠎ᠠᠴᠠ᠎ᠪᠠᠨ ᠨᠡᠮᠡᠭᠳᠡᠭᠡᠳ 439 ᠵᠦᠢᠯ ᠪᠣᠯᠵᠠᠢ᠃ 

ᠤᠢ ᠰᠢᠭᠤᠢ᠎ᠶᠢᠨ ᠠᠮᠢ ᠠᠬᠤᠢ᠎ᠶᠢᠨ ᠵᠢᠭᠤᠯᠴᠢᠯᠠᠯ᠎ᠤᠨ ᠣᠷᠣᠨ᠎ᠢ ᠪᠠᠢᠭᠤᠯᠵᠤ᠂ ᠬᠣᠭᠣᠯᠠ ᠤᠮᠳᠠ᠂ ᠬᠣᠨᠣᠭ ᠪᠠᠭᠤᠳᠠᠯ᠂ ᠵᠤᠭᠠᠴᠠᠨ ᠲᠣᠭᠣᠷᠢᠬᠤ᠎ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠵᠤ ᠡᠬᠢᠯᠡᠪᠡ; ᠣᠶ ᠰᠢᠭᠤᠢ᠎ᠶᠢᠨ ᠢᠳᠡᠭᠡᠨ᠎ᠦ ᠵᠦᠢᠯᠡᠰ᠎ᠢ ᠨᠡᠭᠡᠭᠡᠨ ᠬᠥᠭᠵᠢᠭᠦᠯᠵᠦ᠂ ᠳᠡᠯᠳᠡᠦ᠂ ᠮᠥᠭᠥ᠂ ᠴᠠᠭᠠᠨ ᠭᠣᠶᠣᠣ ᠵᠡᠷᠭᠡ ᠣᠶ᠎ᠶᠢᠨ ᠬᠣᠷᠮᠣᠢ᠎ᠶᠢᠨ ᠲᠠᠷᠢᠮᠠᠯ᠎ᠢ ᠲᠠᠷᠢᠪᠠ; ᠤᠢ ᠰᠢᠭᠤᠢ᠎ᠶᠢᠨ ᠦᠢᠯᠡᠰ᠎ᠦᠨ ᠨᠡᠭᠦᠷᠡᠰᠦᠲᠥ᠋ᠷᠥᠭᠴᠢ᠎ᠶᠢ ᠬᠤᠷᠠᠭᠤᠯᠬᠤ ᠲᠦᠷᠦᠯ ᠵᠦᠢᠯ᠎ᠦᠨ ᠲᠤᠷᠰᠢᠯᠲᠠ᠎ᠶᠢ ᠰᠦᠪᠡᠭᠴᠢᠯᠡᠵᠦ᠂ ᠨᠡᠭᠦᠷᠡᠰᠦᠲᠥ᠋ᠷᠥᠭᠴᠢ᠎ᠶ᠋ᠢᠨ ᠬᠤᠷᠠᠮᠠᠯ ᠪᠦᠲᠦᠭᠡᠭᠳᠡᠬᠦᠨ᠎ᠢ ᠪᠣᠷᠣᠯᠠᠭᠤᠯᠪᠠ᠁ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶᠢᠨ ᠤᠯᠤᠰ᠎ᠤᠨ ᠦᠮᠴᠢᠯᠡᠯᠲᠦ ᠭᠣᠣᠯᠳᠠᠯᠭ᠎ᠠ ᠪᠣᠯᠬᠤ ᠰᠢᠭᠤᠢᠲᠤ ᠣᠷᠣᠨ ᠠᠮᠢ ᠠᠬᠤᠢ᠎ᠶᠢᠨ ᠳᠠᠪᠠᠭᠤᠯᠢᠭ᠋᠎ᠢᠶᠠᠨ ᠦᠷᠭᠦᠯᠵᠢᠯᠡᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠤᠢ ᠰᠢᠭᠤᠢ᠎ᠶᠢᠨ ᠠᠮᠢ ᠠᠬᠤᠢ᠎ᠶᠢᠨ ᠦᠷᠳᠡᠭ᠎ᠢ ᠪᠡᠶᠡᠯᠡᠭᠦᠯᠬᠦ ᠰᠢᠨ᠎ᠡ ᠵᠠᠮ᠎ᠢ ᠨᠡᠭᠡᠭᠡᠪᠡ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ