ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠤᠷᠢᠵᠤ ᠡᠯᠰᠡᠬᠦ᠎ᠪᠠᠷ ᠲᠥᠯᠥᠪᠯᠡᠭᠰᠡᠨ ᠠᠵᠢᠯ᠎ᠤᠨ ᠪᠠᠢᠷᠢ᠎ᠶᠢᠨ ᠲᠦᠷᠦᠭᠦᠦ ᠪᠦᠯᠦᠭ᠎ᠲᠦ 10710 ᠡᠯᠰᠡᠬᠦ ᠪᠣᠯᠣᠨ᠎ᠠ  ᠥᠪᠥᠷ ᠮᠣᠩᠭᠣᠯ 2026 ᠣᠨ᠎ᠤ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ ᠤᠷᠢᠵᠤ ᠡᠯᠰᠡᠬᠦ ᠠᠵᠢᠯ᠎ᠢᠶᠠᠨ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-09-17

 

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭᠠᠨ᠎ᠢ ᠬᠡᠷᠡᠭᠵᠢᠭᠦᠯᠬᠦ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠶᠢᠨ ᠲᠥᠯᠥᠭᠡ᠂ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ 2026 ᠣᠨ᠎ᠤ ᠠᠵᠢᠯ ᠦᠢᠯᠡᠰ᠎ᠦᠨ ᠨᠢᠭᠡᠴᠢ᠎ᠶᠢᠨ ᠢᠯᠡ᠎ᠪᠡᠷ ᠠᠵᠢᠯᠲᠠᠨ ᠤᠷᠢᠵᠤ ᠡᠯᠰᠡᠬᠦ ᠠᠵᠢᠯ᠎ᠢᠶᠠᠨ ᠪᠥᠬᠥ ᠤᠯᠤᠰ᠎ᠤᠨ ᠬᠡᠪᠴᠢᠶᠡᠨ᠎ᠳᠦ ᠬᠠᠮᠤᠭ᠎ᠤᠨ ᠤᠷᠢᠳ᠎ᠢᠶᠠᠷ ᠥᠷᠨᠢᠭᠦᠯᠦᠭᠰᠡᠨ ᠪᠠᠢᠨ᠎ᠠ᠂ ᠣᠳᠣᠬᠠᠨ᠎ᠳᠤ ᠪᠥᠬᠥ ᠣᠷᠣᠨ᠎ᠤ ᠤᠷᠢᠵᠤ ᠡᠯᠰᠡᠬᠦ᠎ᠪᠠᠷ ᠲᠥᠯᠥᠪᠯᠡᠭᠰᠡᠨ ᠠᠵᠢᠯ᠎ᠤᠨ ᠪᠠᠢᠷᠢ᠎ᠶᠢᠨ ᠲᠦᠷᠦᠭᠦᠦ ᠪᠦᠯᠦᠭ᠎ᠲᠦ 10710 ᠡᠯᠰᠡᠬᠦ ᠪᠣᠯᠣᠨ᠎ᠠ᠂ ᠡᠭᠦᠨ᠎ᠳᠦ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ᠎ᠤᠨ ᠪᠠᠢᠷᠢ 1135᠂ ᠠᠢᠮᠠᠭ ᠬᠣᠲᠠᠨ᠎ᠤ ᠱᠠᠲᠤᠨ᠎ᠠᠴᠠ ᠳᠣᠷᠣᠭ᠍ᠰᠢᠬᠢ ᠠᠵᠢᠯ᠎ᠤᠨ ᠪᠠᠢᠷᠢ 9575 ᠪᠠᠢᠨ᠎ᠠ᠃ 

ᠲᠣᠰ ᠤᠳᠠᠭᠠᠨ᠎ᠤ ᠠᠵᠢᠯᠲᠠᠨ ᠤᠷᠢᠵᠤ ᠡᠯᠰᠡᠬᠦ ᠠᠵᠢᠯ ᠪᠣᠯ ᠨᠠᠮ᠎ᠤᠨ ᠲᠥᠪ ᠬᠣᠷᠢᠶᠠᠨ᠎ᠤ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠮᠠᠨ᠎ᠤ ᠣᠷᠣᠨ᠎ᠤ ᠳᠠᠷᠠᠭ᠎ᠠ ᠨᠢᠭᠡ ᠵᠢᠯ᠎ᠦᠨ ᠠᠵᠢᠯ ᠦᠢᠯᠡᠰ᠎ᠦᠨ ᠨᠢᠭᠡᠴᠢ᠎ᠶᠢᠨ ᠢᠯᠡ᠎ᠪᠡᠷ ᠠᠵᠢᠯᠲᠠᠨ ᠤᠷᠢᠵᠤ ᠡᠯᠰᠡᠬᠦ ᠠᠵᠢᠯ᠎ᠢᠶᠠᠨ ᠭᠤᠷᠪᠠᠨ ᠵᠢᠯ ᠳᠠᠷᠠᠭᠠᠯᠠᠨ ᠤᠷᠢᠳᠴᠢᠯᠠᠨ ᠡᠬᠢᠯᠡᠭᠦᠯᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠭᠰᠡᠨ ᠶᠠᠪᠤᠳᠠᠯ ᠪᠣᠯᠣᠨ᠎ᠠ ᠃ ᠲᠣᠰ ᠤᠳᠠᠭᠠᠨ᠎ᠤ ᠠᠵᠢᠯᠲᠠᠨ ᠤᠷᠢᠵᠤ ᠡᠯᠰᠡᠬᠦ ᠰᠢᠯᠭᠠᠯᠲᠠ᠎ᠳᠤ ᠬᠣᠶᠠᠷ ᠱᠠᠲᠤ ᠬᠤᠪᠢᠶᠠᠵᠤ ᠨᠡᠷ᠎ᠡ ᠮᠡᠳᠡᠭᠦᠯᠦᠨ᠎ᠡ᠂ ᠨᠢᠭᠡᠳᠦᠭᠡᠷ ᠱᠠᠲᠤᠨ᠎ᠳᠤ ᠪᠣᠯ ᠲᠥᠷᠥᠯ ᠵᠦᠢᠯ᠎ᠦᠨ ᠠᠵᠢᠯᠲᠠᠨ ᠪᠠ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠨ᠎ᠡ᠂ 9 ᠳ᠋ᠦ᠍ᠭᠡᠷ ᠰᠠᠷ᠎ᠠ᠎ᠶᠢᠨ 17᠎ᠤ ᠡᠳᠦᠷ᠎ᠦᠨ 9 ᠄ 00᠎ᠠᠴᠠ 19᠎ᠦ ᠡᠳᠦᠷ᠎ᠦᠨ 17 ᠄ 00 ᠪᠣᠯᠲᠠᠯ᠎ᠠ ᠨᠡᠷ᠎ᠡ ᠮᠡᠳᠡᠭᠦᠯᠦᠨ᠎ᠡ ; ᠬᠡᠷᠪᠡ ᠠᠵᠢᠯ᠎ᠤᠨ ᠪᠠᠢᠷᠢ᠎ᠶᠢ ᠨᠢ ᠬᠠᠰᠤᠭᠰᠠᠨ ᠪᠠᠢᠪᠠᠯ᠂ ᠨᠡᠷ᠎ᠡ ᠮᠡᠳᠡᠭᠦᠯᠬᠦ ᠴᠠᠭ᠎ᠢ ᠨᠢ ᠥᠭᠡᠷᠡᠴᠢᠯᠡᠭᠡᠳ 9 ᠳ᠋ᠦ᠍ᠭᠡᠷ ᠰᠠᠷ᠎ᠠ᠎ᠶᠢᠨ 21᠎ᠦ ᠡᠳᠦᠷ᠎ᠦᠨ 15 ᠄ 00᠎ᠠᠴᠠ 17 ᠄ 00 ᠪᠣᠯᠭᠠᠨ᠎ᠠ᠃ ᠬᠣᠶᠠᠳᠤᠭᠠᠷ ᠱᠠᠲᠤᠨ᠎ᠳᠤ ᠪᠣᠯ ᠡᠩ᠎ᠦᠨ ᠠᠵᠢᠯ᠎ᠤᠨ ᠪᠠᠢᠷᠢ ᠪᠠ ᠪᠤᠰᠤᠳ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠨ᠎ᠡ᠂ 9 ᠳ᠋ᠦ᠍ᠭᠡᠷ ᠰᠠᠷ᠎ᠠ  ᠶ᠋ᠢᠨ 22᠎ᠤᠨ ᠡᠳᠦᠷ᠎ᠦᠨ 9 ᠄ 00᠎ᠠᠴᠠ 24᠎ᠦ ᠡᠳᠦᠷ᠎ᠦᠨ 17 ᠄ 00 ᠪᠣᠯᠲᠠᠯ᠎ᠠ ᠨᠡᠷ᠎ᠡ ᠮᠡᠳᠡᠭᠦᠯᠦᠨ᠎ᠡ᠂ ᠠᠵᠢᠯ᠎ᠤᠨ ᠪᠠᠢᠷᠢ᠎ᠶᠢ ᠨᠢ ᠬᠠᠰᠤᠭᠰᠠᠨ ᠪᠠᠢᠪᠠᠯ ᠨᠡᠷ᠎ᠡ ᠮᠡᠳᠡᠬᠦᠯᠬᠦ ᠴᠠᠭ᠎ᠢ ᠨᠢ ᠥᠭᠡᠷᠡᠴᠢᠯᠡᠭᠡᠳ 9 ᠳ᠋ᠦ᠍ᠭᠡᠷ ᠰᠠᠷ᠎ᠠ᠎ᠶᠢᠨ 26᠎ᠤ ᠡᠳᠦᠷ᠎ᠦᠨ 15 ᠄ 00᠎ᠠᠴᠠ 17᠄00 ᠪᠣᠯᠭᠠᠨ᠎ᠠ᠃ ᠰᠢᠯᠭᠠᠭᠤᠯᠤᠭ᠍ᠴᠢ ᠲᠣᠭᠲᠠᠭᠰᠠᠨ ᠴᠠᠭ᠎ᠤᠨ ᠳᠣᠲᠣᠷ᠎ᠠ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶᠡᠨ᠎ᠦ 《 ᠠᠵᠢᠯ ᠦᠢᠯᠡᠰ᠎ᠦᠨ ᠨᠢᠭᠡᠴᠢ᠎ᠶᠢᠨ ᠰᠢᠯᠭᠠᠯᠲᠠ᠎ᠶᠢᠨ ᠲᠤᠰᠬᠠᠢ ᠪᠤᠯᠤᠩ 》᠎ᠳᠤ ᠣᠷᠣᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠣᠯᠣᠨ᠎ᠠ᠃ ᠡᠭᠦᠨ᠎ᠡᠴᠡ ᠭᠠᠳᠠᠨ᠎ᠠ᠂ ᠲᠥᠷᠥᠯ ᠬᠤᠪᠢᠶᠠᠭᠰᠠᠨ ᠪᠢᠴᠢᠭ᠌᠎ᠦᠨ ᠰᠢᠯᠭᠠᠯᠲᠠ᠎ᠶᠢᠨ ᠬᠠᠮᠲᠤᠷᠠᠭᠰᠠᠨ ᠰᠢᠯᠭᠠᠯᠲᠠ᠎ᠶᠢ 10 ᠳ᠋ᠤᠭᠠᠷ ᠰᠠᠷ᠎ᠠ᠎ᠶᠢᠨ 25᠎ᠤ ᠡᠳᠦᠷ ᠪᠥᠬᠥ ᠣᠷᠣᠨ᠎ᠤ 12 ᠠᠢᠮᠠᠭ ᠬᠣᠲᠠ᠎ᠶᠢᠨ ᠪᠠᠢᠭ᠎ᠠ ᠭᠠᠵᠠᠷ᠎ᠲᠤ ᠵᠡᠷᠭᠡ᠎ᠪᠡᠷ ᠶᠠᠪᠤᠭᠳᠠᠭᠤᠯᠤᠨ᠎ᠠ᠃ 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ