ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠪᠠᠷᠠᠭᠤᠨ ᠯᠢᠶᠣᠤᠾᠧ ᠭᠣᠣᠯ᠎ᠤᠨ ᠪᠦᠬᠦ ᠱᠤᠭᠤᠮ᠎ᠢᠶᠠᠷ ᠤᠷᠤᠰᠬᠠᠯ ᠲᠠᠢ ᠪᠣᠯᠵᠤ  ᠠᠮᠢ ᠠᠬᠤᠢ᠎ᠶᠢᠨ ᠰᠡᠷᠭᠦᠯᠲᠡ ᠦᠷᠭᠦᠯᠵᠢᠯᠡᠨ ᠰᠠᠢᠵᠢᠷᠠᠪᠠ
ᠨᠡᠶ᠋ᠢᠲᠡᠯᠡᠭᠰᠡᠨ ᠴᠠᠭ᠄ 2025-09-22

 

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ ᠄ 2025 ᠣᠨ᠎ᠤ ᠬᠠᠪᠤᠷ᠎ᠤᠨ ᠤᠯᠠᠷᠢᠯ᠎ᠳᠤ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ᠎ᠤᠨ ᠭᠠᠵᠠᠷ᠎ᠲᠤ ᠠᠩᠬ᠎ᠠ ᠤᠳᠠᠭ᠎ᠠ ᠪᠥᠬᠥ ᠱᠤᠭᠤᠮ᠎ᠢᠶᠠᠷ ᠤᠷᠤᠰᠬᠠᠯ ᠲᠠᠢ ᠪᠣᠯᠣᠭᠰᠠᠨ᠎ᠤ ᠳᠠᠷᠠᠭ᠎ᠠ᠂ ᠣᠢᠷ᠎ᠠ᠎ᠳᠤ᠂ ᠳᠠᠬᠢᠨᠲᠠ ᠪᠥᠬᠥ ᠱᠤᠭᠤᠮ᠎ᠢᠶᠠᠷ ᠤᠷᠤᠰᠬᠠᠯ ᠲᠠᠢ ᠪᠣᠯᠵᠠᠢ᠂ ᠡᠨᠡ ᠨᠢ ᠪᠠᠷᠠᠭᠤᠨ ᠯᠢᠶᠣᠤᠾᠧ ᠭᠣᠣᠯ᠎ᠤᠨ ᠠᠮᠢ ᠠᠬᠤᠢ᠎ᠶᠢᠨ ᠰᠡᠷᠭᠦᠯᠲᠡ ᠪᠠᠰᠠ ᠨᠢᠭᠡᠨ ᠯᠠᠪᠳᠠᠭᠤᠨ ᠪᠠᠲᠤᠲᠠᠢ ᠠᠯᠬᠤᠮ ᠳᠠᠪᠰᠢᠭ᠍ᠰᠠᠨ᠎ᠢ ᠬᠠᠷᠠᠭᠤᠯᠵᠤ ᠪᠠᠢᠨ᠎ᠠ ᠃

ᠣᠢᠯᠠᠭᠠᠭᠰᠠᠨ᠎ᠢᠶᠠᠷ᠂ ᠦᠶᠡᠷ᠎ᠦᠨ ᠬᠤᠭᠤᠴᠠᠭᠠᠨ᠎ᠳᠤ ᠣᠷᠣᠭᠰᠠᠨ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠤᠷᠢᠳᠴᠢᠯᠠᠨ ᠪᠠᠢᠷᠢᠯᠠᠭᠤᠯᠬᠤ᠂ ᠡᠮᠦᠨ᠎ᠡ ᠹᠷᠠᠨᠲ᠎ᠲᠤ ᠭᠦᠨᠵᠡᠭᠡᠢᠷᠡᠨ ᠵᠢᠯᠤᠭᠣᠳᠬᠤ᠎ᠶᠢ ᠪᠠᠷᠢᠮᠲᠠᠯᠠᠵᠤ᠂ ᠳᠡᠭᠡᠳᠦ ᠤᠷᠤᠰᠬᠠᠯ᠎ᠳᠦ ᠢᠷᠡᠬᠦ ᠤᠰᠤᠨ᠎ᠤ ᠬᠡᠮᠵᠢᠶ᠎ᠡ ᠨᠡᠯᠢᠶᠡᠳ ᠶᠡᠬᠡ ᠪᠠᠢᠬᠤ ᠠᠰᠢᠭ᠍ᠲᠠᠢ ᠴᠠᠭ ᠲᠣᠬᠢᠶᠠᠯ᠎ᠢ ᠴᠢᠩᠭ᠎ᠠ ᠠᠳᠬᠤᠨ᠂ ᠦᠶᠡᠷ᠎ᠢ ᠰᠡᠷᠭᠡᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠲᠦᠩᠯᠢᠶᠣᠣ ᠬᠣᠲᠠ᠂ ᠤᠯᠠᠭᠠᠨᠬᠠᠳᠠ ᠬᠣᠲᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠶᠢ 3 ᠲᠠᠯ᠎ᠠ᠎ᠪᠡᠷ ᠵᠢᠯᠤᠭᠣᠳᠴᠤ ᠪᠠᠢᠭᠠᠳ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ᠎ᠳᠤ ᠳᠠᠬᠢᠨᠲᠠ ᠪᠥᠬᠥ ᠱᠤᠭᠤᠮ᠎ᠢᠶᠠᠷ ᠤᠷᠤᠰᠬᠠᠯ ᠲᠠᠢ ᠪᠣᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠪᠠ ᠃

ᠤᠰᠤᠨ᠎ᠤ ᠡᠬᠢ ᠰᠤᠷᠪᠤᠯᠵᠢ᠎ᠶᠢ ᠰᠢᠨᠵᠢᠯᠡᠬᠦ ᠤᠬᠠᠭᠠᠨᠴᠢ᠎ᠪᠠᠷ ᠳᠣᠬᠢᠷᠠᠭᠤᠯᠵᠤ ᠥᠨᠳᠥᠷ ᠦᠷ᠎ᠡ ᠪᠦᠲᠦᠮᠵᠢᠲᠡᠶ ᠠᠰᠢᠭ᠍ᠯᠠᠬᠤ ᠲᠠᠯ᠎ᠠ᠎ᠪᠠᠷ᠂ ᠤᠰᠤᠨ ᠠᠰᠢᠭ᠍ᠯᠠᠯᠲᠠ᠎ᠶᠢᠨ ᠶᠠᠮᠤᠨ᠂ ᠰᠤᠩᠭᠠᠷᠢ ᠮᠥᠷᠡᠨ ᠯᠢᠶᠣᠤᠾᠧ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ ᠯᠦ᠍ᠭᠡ ᠬᠢᠨᠠᠮᠠᠭᠠᠢ ᠬᠠᠮᠵᠢᠯᠴᠠᠨ ᠦᠶᠡᠷ᠎ᠤᠨ ᠬᠤᠭᠤᠴᠠᠭᠠᠨ᠎ᠳᠠᠬᠢ ᠤᠰᠤᠨ᠎ᠤ ᠡᠬᠢ ᠰᠤᠷᠪᠤᠯᠵᠢ᠎ᠶᠢ ᠲᠣᠬᠢᠷᠠᠭᠤᠯᠬᠤ ᠠᠵᠢᠯ᠎ᠢᠶᠠᠨ ᠰᠢᠨᠵᠢᠯᠡᠬᠦ ᠤᠬᠠᠭᠠᠨᠴᠢ᠎ᠪᠠᠷ ᠥᠷᠨᠢᠭᠦᠯᠵᠦ᠂ ᠪᠥᠬᠥ ᠱᠤᠭᠤᠮ᠎ᠢᠶᠠᠷ ᠤᠷᠤᠰᠬᠠᠯ ᠲᠠᠢ ᠪᠣᠯᠭᠠᠬᠤ ᠠᠵᠢᠯ᠎ᠢ ᠲᠣᠬᠢᠷᠠᠭᠤᠯᠬᠤ ᠪᠡᠯᠡᠳᠬᠡᠯ ᠲᠥᠰᠥᠯ᠎ᠢᠶᠠᠨ ᠲᠤᠭᠤᠰᠢᠲᠠᠢ ᠬᠡᠷᠡᠭᠵᠢᠭᠦᠯᠵᠦ᠂ ᠪᠣᠷᠣᠭᠠᠨ᠎ᠤ ᠪᠠᠢᠳᠠᠯ᠎ᠢ ᠬᠢᠨᠠᠨ ᠰᠢᠨᠵᠢᠵᠦ ᠤᠷᠢᠳᠴᠢᠯᠠᠨ ᠮᠡᠳᠡᠭᠡᠯᠡᠬᠦ᠎ᠶᠢ ᠴᠢᠩᠭᠠᠳᠬᠠᠨ᠂ ᠤᠰᠤᠨ ᠴᠥᠭᠥᠷᠥᠮ᠎ᠤᠨ ᠨᠥᠭᠡᠴᠡᠯᠡᠭᠰᠡᠨ ᠤᠰᠤ᠂ ᠦᠶᠡᠷ᠎ᠤᠨ ᠤᠰᠤ᠂ ᠭᠠᠳᠠᠭ᠍ᠰᠢ ᠳᠠᠲᠠᠭᠰᠠᠨ ᠤᠰᠤ ᠪᠠ ᠳᠠᠬᠢᠯᠲᠠ ᠤᠰᠤ᠎ᠶᠢᠨ ᠠᠵᠢᠯ᠎ᠢ ᠰᠢᠯᠢᠳᠡᠭᠵᠢᠭᠦᠯᠦᠨ ᠳᠣᠬᠢᠷᠠᠭᠤᠯᠵᠠᠢ᠃ 8 ᠳ᠋ᠤᠭᠠᠷ ᠰᠠᠷ᠎ᠠ᠎ᠶᠢᠨ 15᠎ᠤ ᠡᠳᠦᠷ ᠦᠶᠡᠷ᠎ᠦᠨ ᠬᠤᠭᠤᠴᠠᠭᠠᠨ᠎ᠳᠠᠬᠢ ᠲᠣᠬᠢᠷᠠᠭᠤᠯᠤᠯᠲᠠ᠎ᠶᠢ ᠡᠬᠢᠯᠡᠭᠦᠯᠦᠭᠰᠡᠨ᠎ᠡᠴᠡ ᠨᠠᠭᠠᠰᠢ᠂ ᠲᠠᠯᠪᠢᠵᠤ ᠤᠷᠤᠰᠬᠠᠭᠰᠠᠨ ᠠᠮᠢ ᠠᠬᠤᠢ᠎ᠶᠢᠨ ᠤᠰᠤᠨ᠎ᠤ ᠬᠡᠮᠵᠢᠶ᠎ᠡ ᠨᠡᠶ᠋ᠢᠲᠡ 1.84 ᠳ᠋ᠦᠩᠰᠢᠭᠤᠷ ᠺᠦᠪ ᠮᠧᠲᠷ ᠪᠣᠯᠣᠭᠰᠠᠨ ᠪᠥᠭᠡᠳ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤᠾᠧ ᠭᠣᠣᠯ᠎ᠳᠦ ᠨᠡᠮᠡᠷᠢᠯᠡᠬᠦ ᠢᠨᠵᠧᠨᠧᠷᠢᠩ᠎ᠢᠶᠡᠷ ᠳᠠᠮᠵᠢᠭᠤᠯᠤᠨ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ᠎ᠳᠤ 933.2 ᠲᠦᠮᠡᠨ ᠺᠦᠪ ᠮᠧᠲᠷ ᠤᠰᠤ ᠪᠦᠲᠦᠮᠵᠢᠲᠡᠶ ᠨᠥᠬᠥᠪᠦᠷᠢᠯᠡᠵᠦ᠂ ᠬᠢᠵᠠᠭᠠᠷ᠎ᠲᠠᠢ ᠤᠰᠤᠨ᠎ᠤ ᠡᠬᠢ ᠰᠤᠷᠪᠤᠯᠵᠢ᠎ᠶᠢᠨ ᠬᠠᠮᠤᠭ᠎ᠤᠨ ᠶᠡᠬᠡ ᠦᠢᠯᠡᠳᠦᠯ᠎ᠢ ᠨᠢ ᠭᠦᠢᠴᠡᠳ ᠪᠠᠳᠠᠷᠠᠭᠤᠯᠤᠭᠰᠠᠨ ᠪᠠᠢᠨ᠎ᠠ ᠃ ᠰᠠᠭᠠᠳ ᠲᠦᠭᠵᠢᠷᠡᠯ᠎ᠢ ᠴᠡᠪᠡᠷᠯᠡᠨ ᠠᠷᠢᠯᠭᠠᠬᠤ᠂ ᠭᠣᠣᠯ ᠮᠥᠷᠡᠨ᠎ᠦ ᠵᠠᠮ᠎ᠢ ᠯᠠᠢᠳᠠᠬᠤ ᠠᠵᠢᠯ᠎ᠢᠶᠠᠨ ᠴᠢᠩᠭᠠᠳᠬᠠᠬᠤ ᠲᠠᠯ᠎ᠠ᠎ᠪᠠᠷ᠂ ᠥᠩᠭᠡᠷᠡᠭᠰᠡᠨ᠎ᠦ ᠵᠠᠰᠠᠯᠲᠠ᠎ᠶᠢᠨ ᠦᠷ᠎ᠡ ᠪᠦᠲᠦᠮᠵᠢ᠎ᠶᠢᠨ ᠰᠠᠭᠤᠷᠢᠨ ᠳᠡᠭᠡᠷ᠎ᠡ᠂ ᠲᠤᠰᠬᠠᠢ ᠬᠦᠴᠦᠨ ᠲᠣᠬᠢᠷᠠᠭᠤᠯᠤᠨ ᠭᠣᠣᠯ᠎ᠤᠨ ᠵᠠᠮ᠎ᠢ ᠬᠠᠢᠨ ᠪᠠᠢᠴᠠᠭᠠᠵᠤ᠂ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ᠂ ᠰᠢᠶᠣᠣ ᠵᠤᠸᠠᠩ ᠾᠧ ᠭᠣᠣᠯ ᠵᠡᠷᠭᠡ ᠭᠣᠣᠯᠳᠠᠯᠭ᠎ᠠ ᠪᠣᠯᠬᠤ ᠭᠣᠣᠯ᠎ᠤᠨ ᠵᠠᠮ᠎ᠤᠨ ᠤᠰᠤ᠎ᠶᠢ ᠬᠣᠷᠢᠭ᠍ᠯᠠᠵᠤ ᠪᠠᠢᠭ᠍ᠰᠠᠨ 60 ᠭᠠᠷᠤᠢ ᠴᠡᠭ᠎ᠢ ᠴᠡᠪᠡᠷᠯᠡᠵᠦ᠂ ᠵᠡᠭᠦᠨ ᠭᠠᠳᠠᠷ ᠲᠣᠭᠣᠷᠢᠯ ᠵᠠᠮ᠎ᠤᠨ ᠬᠥᠭᠥᠷᠭᠡ ᠵᠢᠴᠢ ᠬᠤᠳᠠ᠎ᠶᠢᠨ ᠲᠣᠭᠣᠷᠢᠭ᠋᠎ᠤᠨ ᠭᠣᠣᠯ᠎ᠤᠨ ᠵᠠᠮ᠎ᠤᠨ ᠴᠡᠴᠡᠷᠯᠢᠭ᠎ᠦᠨ 6 ᠳ᠋ᠤᠭᠠᠷ ᠨᠣᠮᠧᠷᠲᠤ ᠬᠠᠰᠢᠯᠭ᠎ᠠ᠎ᠶᠢ ᠪᠡᠬᠢᠯᠡᠵᠦ᠂ ᠮᠠᠰᠢᠨ ᠲᠥᠬᠦᠭᠡᠷᠦᠮᠵᠢ ᠵᠢᠴᠢ ᠡᠳ᠋ ᠪᠣᠳᠠᠰ᠎ᠢ ᠵᠣᠬᠢᠶᠠᠨ ᠪᠠᠢᠭᠤᠯᠤᠨ ᠡᠳᠦᠷ ᠪᠦᠷᠢ ᠬᠠᠮᠠᠭᠠᠯᠠᠵᠤ᠂ ᠭᠣᠣᠯ᠎ᠤᠨ ᠵᠠᠮ᠎ᠢᠶᠠᠷ ᠤᠰᠤ᠎ᠶᠢ ᠰᠠᠭᠠᠳ ᠦᠭᠡᠢ ᠤᠷᠤᠰᠬᠠᠬᠤ ᠪᠠ ᠠᠮᠤᠷ ᠲᠦᠪᠰᠢᠨ ᠪᠠᠢᠬᠤ᠎ᠶᠢ ᠪᠠᠲᠤᠯᠠᠵᠠᠢ᠃ ᠤᠨᠢᠨ ᠳᠡᠭᠡᠷ᠎ᠡ ᠨᠢ ᠰᠡᠷᠡᠮᠵᠢᠯᠡᠭᠦᠯᠬᠦ᠂ ᠠᠮᠤᠷ ᠲᠦᠪᠰᠢᠨ᠎ᠦ ᠬᠠᠮᠢᠶᠠᠷᠤᠯᠲᠠ ᠡᠵᠡᠮᠳᠡᠯ᠎ᠢ ᠦᠨᠡᠨ ᠬᠦ᠌ ᠰᠠᠢᠲᠤᠷ ᠬᠢᠬᠦ ᠲᠠᠯ᠎ᠠ᠎ᠪᠠᠷ᠂ 《ᠪᠠᠷᠠᠭᠤᠨ ᠯᠢᠶᠣᠤᠾᠧ ᠭᠣᠣᠯ᠎ᠤᠨ ᠤᠰᠤ᠎ᠶᠢ ᠲᠠᠲᠠᠬᠤ ᠠᠵᠢᠯ᠎ᠢ ᠬᠠᠮᠵᠢᠯᠴᠠᠨ ᠰᠠᠢᠲᠤᠷ ᠬᠢᠬᠦ ᠲᠤᠬᠠᠢ ᠭᠣᠣᠯ᠎ᠤᠨ ᠳᠠᠷᠤᠭ᠎ᠠ᠎ᠶᠢᠨ ᠵᠠᠷᠯᠢᠭ᠋》 (2025 ᠣᠨ᠎ᠤ 3 ᠳ᠋ᠤᠭᠠᠷ ᠲᠣᠭᠠᠲᠤ)᠎ᠢ ᠨᠡᠢᠲᠡᠯᠡᠭᠡᠳ᠂ ᠡᠯ᠎ᠡ ᠱᠠᠲᠤᠨ᠎ᠤ ᠭᠣᠣᠯ᠎ᠤᠨ ᠳᠠᠷᠤᠭ᠎ᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠭᠣᠣᠯ ᠴᠠᠭᠳᠠᠬᠤ ᠠᠵᠢᠯ᠎ᠢ ᠴᠢᠩᠭᠠᠳᠬᠠᠨ᠂ ᠭᠣᠣᠯ᠎ᠤᠨ ᠵᠠᠮ᠎ᠢᠶᠠᠷ ᠤᠰᠤ ᠤᠷᠤᠰᠬᠠᠬᠤ᠎ᠳᠤ ᠠᠮᠤᠷ ᠲᠦᠪᠰᠢᠨ᠎ᠢ ᠪᠠᠲᠤᠯᠠᠭᠰᠠᠨ᠎ᠤ ᠬᠠᠮᠲᠤ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢ᠍ᠢᠳᠡ 41.2 ᠲᠦᠮᠡᠨ ᠬᠤᠪᠢ ᠨᠡᠢᠲᠡᠯᠡᠵᠦ᠂ ᠭᠣᠣᠯ ᠳᠠᠭᠠᠤ᠎ᠶᠢᠨ ᠰᠠᠭᠤᠭᠠᠯᠢ ᠠᠷᠠᠳ᠎ᠤᠨ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠬᠦᠴᠦᠲᠡᠢ ᠪᠠᠲᠤᠯᠠᠪᠠ᠃ 

ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠲᠣᠬᠢᠷᠠᠭᠤᠯᠤᠯᠲᠠ᠎ᠶᠢᠨ ᠠᠵᠢᠯ᠎ᠢᠶᠠᠷ ᠳᠡᠮᠵᠢᠨ᠂ ᠪᠠᠷᠠᠭᠤᠨ ᠯᠢᠶᠣᠤᠾᠧ ᠭᠣᠣᠯ᠎ᠤᠨ ᠪᠥᠬᠥ ᠱᠤᠭᠤᠮ᠎ᠢᠶᠠᠷ ᠤᠷᠤᠰᠬᠠᠯ ᠲᠠᠢ ᠪᠣᠯᠭᠠᠬᠤ ᠬᠠᠷᠠᠯᠲᠠ᠎ᠪᠠᠨ ᠳᠠᠬᠢᠨᠲᠠ ᠪᠡᠶᠡᠯᠡᠭᠦᠯᠬᠦ᠎ᠶᠢ ᠬᠦᠴᠦᠲᠡᠢ ᠪᠠᠲᠤᠯᠠᠭᠰᠠᠨ ᠪᠥᠭᠡᠳ ᠬᠣᠢᠰᠢᠳᠠ ᠪᠠᠷᠠᠭᠤᠨ ᠯᠢᠶᠣᠤᠾᠧ ᠭᠣᠣᠯ᠎ᠤᠨ ᠤᠰᠤᠨ᠎ᠤ ᠡᠬᠢ ᠰᠤᠷᠪᠤᠯᠵᠢ᠎ᠶᠢ ᠥᠨᠳᠥᠷ ᠪᠦᠲᠦᠮᠵᠢᠲᠡᠶ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠬᠤ᠎ᠳᠤ ᠦᠢᠯᠡᠳᠦᠯᠭᠡ᠎ᠶᠢᠨ ᠲᠤᠷᠰᠢᠯᠭ᠎ᠠ ᠬᠤᠷᠠᠮᠳᠤᠭᠤᠯᠪᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ