9 ᠳ᠋ᠦ᠍ᠭᠡᠷ ᠰᠠᠷ᠎ᠠ᠎ᠶᠢᠨ 22᠎ᠤᠨ ᠡᠳᠦᠷ᠂ 《ᠲᠦᠭ ᠲᠦᠮᠡᠨ ᠡᠷᠦᠬᠡ᠎ᠶᠢ ᠪᠣᠯᠪᠠᠰᠤᠨ ᠰᠢᠨ᠎ᠡ ᠵᠠᠩᠰᠢᠯ ᠲᠠᠢ ᠪᠣᠯᠭᠠᠬᠤ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠡᠪ ᠵᠠᠩᠰᠢᠯ᠎ᠢ ᠥᠭᠡᠷᠡᠴᠢᠯᠡᠬᠦ ᠠᠵᠢᠯ᠎ᠤᠨ ᠥᠯᠢᠭᠡᠷ᠎ᠤᠨ ᠴᠤᠭᠯᠠᠭᠠᠨ ᠬᠢᠩᠭᠠᠨ ᠠᠢᠮᠠᠭ᠎ᠲᠤ ᠶᠠᠪᠤᠭᠳᠠᠪᠠ᠃ ᠠᠵᠢᠯᠯᠠᠭ᠎ᠠ ᠨᠢ ᠲᠤᠬᠠᠢ᠎ᠶᠢᠨ ᠲᠠᠯᠠᠪᠤᠷ᠎ᠢᠶᠠᠷ ᠲᠣᠭᠣᠷᠢᠨ ᠦᠵᠡᠬᠦ ᠪᠠ ᠭᠣᠣᠯ ᠰᠡᠳᠦᠪᠲᠦ ᠦᠵᠡᠭᠦᠯᠭᠡ ᠲᠣᠭᠯᠠᠯᠲᠠ᠎ᠶᠢ ᠤᠶᠠᠯᠳᠤᠭᠤᠯᠤᠭᠰᠠᠨ ᠬᠡᠯᠪᠡᠷᠢ᠎ᠪᠡᠷ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠡᠪ ᠵᠠᠩᠰᠢᠯ᠎ᠢ ᠥᠭᠡᠷᠡᠴᠢᠯᠡᠬᠦ ᠠᠵᠢᠯ᠎ᠤᠨ ᠲᠠᠯ᠎ᠠ᠎ᠪᠠᠷ ᠣᠯᠣᠭᠰᠠᠨ ᠰᠢᠨ᠎ᠡ ᠡᠭᠦᠳᠦᠯᠲᠡ ᠲᠠᠢ ᠦᠢᠯᠡᠳᠦᠯᠭᠡ ᠪᠠ ᠢᠯᠡᠳᠲᠡ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠢᠯᠡᠷᠡᠭᠦᠯᠪᠡ᠃
ᠠᠵᠢᠯᠯᠠᠭ᠎ᠠ᠎ᠶᠢᠨ ᠲᠤᠬᠠᠢ᠎ᠶᠢᠨ ᠡᠳᠦᠷ᠂ ᠣᠷᠣᠨ᠎ᠤ ᠳᠣᠲᠣᠷ᠎ᠠ ᠭᠠᠳᠠᠨᠠᠬᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠰᠠᠯᠠᠭ᠎ᠠ ᠮᠥᠴᠢᠷ᠎ᠦᠨ ᠲᠥᠯᠥᠭᠡᠯᠡᠭᠴᠢᠳ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠠᠵᠢᠯᠲᠠᠳ ᠵᠢᠴᠢ ᠬᠡᠪ ᠵᠠᠩᠰᠢᠯ᠎ᠢ ᠥᠭᠡᠷᠡᠴᠢᠯᠡᠭᠰᠡᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠲᠥᠯᠥᠭᠡᠯᠡᠭᠴᠢᠳ᠎ᠢᠶᠡᠷ ᠪᠦᠷᠢᠯᠳᠦᠭᠰᠡᠨ ᠲᠣᠭᠣᠷᠢᠨ ᠦᠵᠡᠬᠦ ᠪᠦᠯᠬᠦᠮ ᠤᠷᠢᠳ ᠬᠣᠵᠢᠳ ᠤᠯᠠᠭᠠᠨᠬᠣᠲᠠ ᠪᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠬᠦᠷᠴᠦ ᠲᠤᠬᠠᠢ᠎ᠶᠢᠨ ᠲᠠᠯᠠᠪᠤᠷ᠎ᠲᠤ ᠨᠢ ᠲᠣᠭᠣᠷᠢᠨ ᠦᠵᠡᠭᠰᠡᠨ ᠪᠠᠢᠨ᠎ᠠ᠃ ᠳᠠᠷᠠᠭ᠎ᠠ ᠨᠢ᠂ ᠭᠣᠣᠯ ᠰᠡᠳᠦᠪᠲᠦ ᠦᠵᠡᠭᠦᠯᠭᠡ ᠲᠣᠭᠯᠠᠯᠲᠠ᠎ᠶᠢ ᠬᠢᠩᠭᠠᠨ ᠠᠢᠮᠠᠭ᠎ᠤᠨ ᠰᠣᠶᠣᠯ᠎ᠤᠨ ᠲᠥᠪ᠎ᠦᠨ ᠲᠣᠮᠣ᠌ ᠲᠢᠶᠠᠲᠷ᠎ᠲᠤ ᠲᠣᠭᠯᠠᠵᠤ᠂ ᠪᠦᠬᠦ ᠣᠷᠣᠨ᠎ᠤ ᠬᠡᠪ ᠵᠠᠩᠰᠢᠯ᠎ᠢ ᠥᠭᠡᠷᠡᠴᠢᠯᠡᠬᠦ ᠠᠵᠢᠯ᠎ᠢ ᠠᠬᠢᠭᠤᠯᠬᠤ᠎ᠳᠤ ᠳᠠᠭᠤᠷᠢᠶᠠᠵᠤ ᠪᠣᠯᠬᠤᠢᠴᠠ᠂ ᠳᠡᠯᠭᠡᠷᠡᠭᠦᠯᠵᠦ ᠪᠣᠯᠬᠤᠢᠴᠠ ᠨᠡᠢᠲᠡᠯᠢᠭ ᠵᠢᠱ᠌ᠢᠶᠡᠨᠦᠭᠦᠳᠢ ᠬᠠᠩᠭᠠᠪᠠ᠃
ᠣᠢᠯᠠᠭᠠᠭᠰᠠᠨ᠎ᠢᠶᠠᠷ᠂ ᠲᠤᠰ ᠤᠳᠠᠭᠠᠨ᠎ᠤ ᠠᠵᠢᠯᠯᠠᠭ᠎ᠠ ᠨᠢ ᠠᠩᠬ᠎ᠠ ᠤᠳᠠᠭ᠎ᠠ ᠮᠤᠵᠢ ᠣᠷᠣᠨ ᠠᠯᠤᠰᠯᠠᠨ ᠭᠦᠨᠵᠡᠭᠡᠢ ᠰᠣᠯᠢᠯᠴᠠᠭ᠎ᠠ ᠬᠢᠬᠦ ᠪᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠎ᠶᠢ ᠪᠡᠶᠡᠯᠡᠭᠦᠯᠵᠡᠢ᠂ ᠤᠷᠢᠭ᠍ᠳᠠᠨ ᠢᠷᠡᠭᠰᠡᠨ ᠬᠠᠷᠠᠮᠥ᠋ᠷᠡᠨ ᠮᠤᠵᠢ᠂ ᠭᠢᠷᠢᠨ ᠮᠤᠵᠢ᠎ᠶᠢᠨ ᠬᠢᠨ᠎ᠦ ᠬᠡᠪ ᠵᠠᠩᠰᠢᠯ᠎ᠢ ᠥᠭᠡᠷᠡᠴᠢᠯᠡᠬᠦ ᠠᠵᠢᠯ᠎ᠤᠨ ᠲᠠᠯ᠎ᠠ᠎ᠪᠠᠷ ᠬᠢ ᠪᠣᠯᠪᠠᠰᠤᠷᠠᠩᠭᠤᠢ ᠲᠤᠷᠰᠢᠯᠭ᠎ᠠ ᠬᠢᠭᠡᠳ ᠰᠢᠨ᠎ᠡ ᠬᠡᠪ ᠵᠠᠭᠪᠤᠷ᠎ᠢ ᠬᠢᠩᠭᠠᠨ ᠠᠢᠮᠠᠭ᠂ ᠬᠥᠯᠥᠨ ᠪᠣᠶ᠋ᠢᠷ ᠬᠣᠲᠠ᠂ ᠲᠦᠩᠯᠢᠶᠣᠣ ᠬᠣᠲᠠ᠂ ᠤᠯᠠᠭᠠᠨᠬᠠᠳᠠ ᠬᠣᠲᠠ᠂ ᠰᠢᠯᠢ᠎ᠶᠢᠨ ᠭᠣᠣᠯ ᠠᠢᠮᠠᠭ ᠵᠡᠷᠭᠡ ᠭᠠᠵᠠᠷ᠎ᠤᠨ ᠨᠡᠢᠲᠡᠯᠢᠭ ᠵᠢᠱ᠌ᠢᠶᠡᠨᠦᠭᠦᠳ ᠲᠠᠢ ᠬᠠᠮᠲᠤᠷᠠᠭᠤᠯᠤᠨ ᠨᠢᠭᠡ ᠲᠠᠢᠰᠤᠨ᠎ᠠ ᠳᠣᠭᠯᠠᠵᠤ᠂ ᠣᠷᠣᠨ ᠪᠦᠰᠡ ᠠᠯᠤᠰᠯᠠᠭᠰᠠᠨ᠂ ᠣᠯᠠᠨ ᠬᠠᠷᠠᠭᠠᠰᠤ᠎ᠠᠴᠠ ᠠᠳᠠᠯᠢ ᠪᠤᠰᠤ ᠣᠷᠣᠨ ᠨᠤᠲᠤᠭ᠎ᠤᠨ ᠵᠠᠩ ᠰᠤᠷᠲᠠᠬᠤᠨ᠎ᠤ ᠠᠬᠤᠢ ᠪᠠᠢᠳᠠᠯ᠎ᠳᠠᠬᠢ ᠪᠣᠯᠪᠠᠰᠤᠨ᠎ᠤ ᠦᠢᠯᠡᠳᠦᠯᠭᠡᠨᠦᠭᠦᠳᠢ ᠢᠯᠡᠷᠡᠭᠦᠯᠦᠭᠡᠳ᠂ ᠥᠩᠭᠡᠷᠡᠭᠰᠡᠨ᠎ᠦ ᠭᠠᠵᠠᠷ ᠣᠷᠣᠨ᠎ᠤ ᠬᠢᠵᠠᠭᠠᠷᠯᠠᠯ᠎ᠢ ᠡᠪᠳᠡᠵᠦ᠂ ᠥᠪᠥᠷ ᠮᠣᠩᠭᠣᠯ᠎ᠤᠨ ᠬᠡᠪ ᠵᠠᠩᠰᠢᠯ᠎ᠢ ᠥᠭᠡᠷᠡᠴᠢᠯᠡᠬᠦ ᠠᠵᠢᠯ᠎ᠢ ᠠᠬᠢᠭᠤᠯᠬᠤ ᠬᠠᠷᠠᠭᠠᠰᠤ ᠪᠠ ᠰᠡᠳᠬᠢᠮᠵᠢ᠎ᠶᠢ ᠢᠯᠡᠷᠬᠡᠢ ᠥᠷᠭᠡᠳᠬᠡᠭᠰᠡᠨ ᠪᠠᠢᠨ᠎ᠠ᠃ ᠴᠤᠭᠯᠠᠭᠠᠨ᠎ᠳᠤ ᠣᠷᠣᠯᠴᠠᠭᠰᠠᠨ ᠲᠥᠯᠥᠭᠡᠯᠡᠭᠴᠢᠳ᠂ ᠡᠨᠡ ᠬᠦ᠌ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠨ᠂ ᠲᠡᠷᠢᠭᠦᠨ᠎ᠦ ᠲᠤᠷᠰᠢᠯᠭᠠᠨᠤᠭᠤᠳᠢ ᠭᠦᠨᠵᠡᠭᠡᠢ ᠰᠤᠷᠤᠯᠴᠠᠨ ᠲᠣᠯᠢᠳᠠᠵᠤ᠂ ᠪᠣᠯᠪᠠᠰᠤᠨ᠎ᠤ ᠰᠢᠨ᠎ᠡ ᠰᠤᠷᠲᠠᠯ᠎ᠢ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠬᠡᠷᠲᠦ ᠳᠡᠯᠭᠡᠷᠡᠭᠦᠯᠬᠦ᠎ᠶᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠬᠡᠵᠡᠭᠡᠪᠡ᠃