9 ᠳ᠋ᠦ᠍ᠭᠡᠷ ᠰᠠᠷ᠎ᠠ᠎ᠶᠢᠨ 23᠎ᠤ ᠡᠳᠦᠷ᠂ 《ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ》 ᠰᠤᠷᠤᠯᠴᠠᠯᠭ᠎ᠠ᠎ᠶᠢᠨ ᠲᠠᠪᠴᠠᠩ ᠵᠢᠴᠢ 15 ᠮᠤᠵᠢ᠎ᠶᠢᠨ ᠲᠠᠰ᠎ᠤᠨ 《ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ》 ᠰᠤᠷᠤᠯᠴᠠᠯᠭ᠎ᠠ᠎ᠶᠢᠨ ᠲᠠᠪᠴᠠᠩ᠎ᠤᠨ ᠨᠠᠢᠷᠠᠭᠤᠯᠤᠭ᠍ᠴᠢ᠂ ᠰᠤᠷᠪᠤᠯᠵᠢᠯᠠᠭ᠍ᠴᠢ ᠵᠡᠷᠭᠡ 30 ᠭᠠᠷᠤᠢ ᠬᠥᠮᠥᠨ ᠤᠯᠠᠭᠠᠨᠴᠠᠪ᠎ᠲᠤ ᠦᠢᠯᠡᠳᠦᠯᠭᠡ ᠰᠡᠳᠬᠦᠯ᠎ᠦᠨ ᠬᠣᠷᠢᠶ᠎ᠠ ᠭᠣᠣᠯᠯᠠᠨ ᠡᠷᠭᠢᠯᠡᠭᠰᠡᠨ᠂ 《ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ》 ᠥᠪᠥᠷ ᠮᠣᠩᠭᠣᠯ᠎ᠤᠨ ᠰᠤᠷᠤᠯᠴᠠᠯᠭ᠎ᠠ᠎ᠶᠢᠨ ᠲᠠᠪᠴᠠᠩ ᠪᠠ ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠳᠠᠭᠠᠭᠠᠴᠢᠯᠠᠨ ᠡᠷᠭᠢᠯᠡᠭᠰᠡᠨ 《ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠰᠠᠭᠤᠭᠳᠠᠯ ᠄ ᠪᠡᠭᠡᠵᠢᠩ᠎ᠡᠴᠡ ᠪᠠᠷᠠᠭᠤᠨᠰᠢ ᠨᠢᠭᠡ ᠠᠯᠬᠤᠪᠠᠯ ᠳᠠᠷᠤᠢ ᠤᠯᠠᠭᠠᠨᠴᠠᠪ》 ᠵᠠᠭᠤᠴᠢᠯᠠᠭᠤᠷ᠎ᠤᠨ ᠲᠠᠨᠢᠯᠴᠠᠭᠤᠯᠭ᠎ᠠ᠎ᠶᠢᠨ ᠠᠵᠢᠯᠯᠠᠭ᠎ᠠ᠎ᠳᠤ ᠣᠷᠣᠯᠴᠠᠵᠠᠭᠠᠪᠠ᠃
ᠤᠯᠠᠭᠠᠨᠴᠠᠪ ᠬᠣᠲᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠲᠦ ᠪᠠᠢᠷᠢᠯᠠᠨ᠎ᠠ᠂ ᠶᠡᠷᠦᠩᠬᠡᠢ ᠲᠠᠯᠠᠪᠠᠶ ᠨᠢ 5.45 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠡᠷᠦᠬᠡ ᠠᠮᠠ᠎ᠶᠢᠨ ᠲᠠᠩᠰᠠ᠎ᠲᠠᠢ ᠬᠥᠮᠥᠨ ᠠᠮᠠ ᠨᠢ 255.1 ᠲᠦᠮᠡ᠂ ᠬᠠᠷᠢᠶᠠᠨ᠎ᠳᠤ ᠨᠢ 11 ᠬᠣᠰᠢᠭᠤ ᠰᠢᠶᠠᠨ ᠬᠣᠲᠠ ᠲᠣᠭᠣᠷᠢᠭ᠋ ᠲᠠᠢ᠂ ᠡᠬᠢ ᠪᠠᠶᠠᠯᠢᠭ᠎ᠢᠶᠠᠷ ᠥᠨᠢᠷ᠂ ᠬᠢᠵᠠᠭᠠᠷᠯᠠᠰᠢ ᠦᠭᠡᠢ ᠨᠣᠭᠣᠭᠠᠨ ᠡᠨᠧᠷᠭᠢ ᠲᠠᠢ ᠦᠵᠡᠮᠵᠢᠲᠦ ᠰᠠᠢᠬᠠᠨ ᠡᠷᠳᠡᠨᠢᠲᠦ ᠣᠷᠣᠨ᠂ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠤᠨ ᠬᠥᠲᠥᠯᠥᠨ ᠳᠠᠭᠠᠭᠤᠯᠤᠭᠰᠠᠨ᠂ ᠬᠢᠵᠠᠭᠠᠷᠯᠠᠰᠢ ᠦᠭᠡᠢ ᠠᠮᠢᠵᠢᠷᠠᠯ᠎ᠤᠨ ᠬᠦᠴᠦᠨ ᠲᠠᠢ ᠠᠵᠤ ᠦᠢᠯᠡᠰ᠎ᠦᠨ ᠬᠠᠯᠠᠮᠰᠢᠯ ᠣᠷᠣᠨ᠂ ᠣᠷᠣᠨ ᠪᠠᠢᠷᠢ᠎ᠶᠢᠨ ᠳᠠᠪᠠᠭᠤᠯᠢᠭ ᠲᠠᠢ᠂ ᠳᠥᠭᠥᠮ ᠳᠥᠲᠡ ᠵᠠᠮ ᠬᠠᠷᠢᠯᠴᠠᠭ᠎ᠠ ᠲᠠᠢ ᠨᠡᠭᠡᠭᠡᠯᠲᠡ᠎ᠶᠢᠨ ᠥᠨᠳᠥᠷᠯᠢᠭ ᠭᠠᠵᠠᠷ ᠪᠣᠯᠣᠨ᠎ᠠ᠃ 《ᠪᠥᠬᠥ ᠤᠯᠤᠰ᠎ᠤᠨ ᠪᠣᠯᠪᠠᠰᠤᠨ ᠬᠣᠲᠠ》᠂ 《ᠤᠯᠤᠰ᠎ᠤᠨ ᠣᠢ ᠴᠡᠴᠡᠷᠯᠢᠭ᠎ᠦᠨ ᠬᠣᠲᠠ》᠂ 《ᠤᠯᠤᠰ᠎ᠤᠨ ᠠᠷᠢᠭᠤᠨ ᠴᠡᠪᠡᠷ ᠬᠣᠲᠠ》᠂ 《ᠤᠯᠤᠰ᠎ᠤᠨ ᠢᠳᠡᠭᠡᠨ᠎ᠦ ᠠᠮᠤᠷ ᠲᠦᠪᠰᠢᠨ᠎ᠦ ᠵᠢᠱ᠌ᠢᠶ᠎ᠡ ᠦᠵᠡᠭᠦᠯᠬᠦ ᠬᠣᠲᠠ》 ᠵᠡᠷᠭᠡ ᠢᠷᠠᠭᠤ ᠠᠯᠳᠠᠷ᠎ᠢ ᠭᠥᠷᠳᠡᠵᠦ᠂ 《ᠳᠤᠮᠳᠠᠳᠤ ᠤᠯᠤᠰ᠎ᠤᠨ ᠲᠥᠮᠥᠰᠥ᠎ᠶᠢᠨ ᠬᠣᠲᠠ》᠂ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠵᠤᠰᠠᠯᠠᠩ᠎ᠤᠨ ᠬᠣᠲᠠ》᠂ 《ᠳᠤᠮᠳᠠᠳᠤ ᠤᠯᠤᠰ᠎ᠤᠨ ᠨᠣᠬᠠᠢ ᠬᠣᠰᠢᠭᠤ᠎ᠶᠢᠨ ᠬᠣᠲᠠ》᠂ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠡᠭᠡᠳᠡᠭᠰᠡᠨ ᠰᠦ᠎ᠶᠢᠨ ᠬᠣᠲᠠ》 ᠵᠡᠷᠭᠡ ᠢᠷᠠᠭᠤ ᠠᠯᠳᠠᠷ᠎ᠢ ᠬᠦᠷᠲᠡᠭᠰᠡᠨ ᠪᠠᠢᠳᠠᠭ᠃
ᠢᠷᠡᠬᠦ ᠬᠡᠳᠦᠨ ᠡᠳᠦᠷ᠎ᠲᠦ᠂ ᠡᠯ᠎ᠡ ᠭᠠᠵᠠᠷ᠎ᠤᠨ 《ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ》 ᠰᠤᠷᠤᠯᠴᠠᠯᠭ᠎ᠠ᠎ᠶᠢᠨ ᠲᠠᠪᠴᠠᠩ᠎ᠤᠨ ᠨᠠᠢᠷᠠᠭᠤᠯᠤᠭ᠍ᠴᠢ᠂ ᠰᠤᠷᠪᠤᠯᠵᠢᠯᠠᠭ᠍ᠴᠢ ᠨᠠᠷ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ᠂ ᠵᠢᠨᠢᠩ ᠲᠣᠭᠣᠷᠢᠭ᠋ ᠵᠡᠷᠭᠡ ᠭᠠᠵᠠᠷ᠎ᠢᠶᠠᠷ ᠬᠦᠷᠴᠦ᠂ ᠤᠯᠠᠭᠠᠨᠴᠠᠪ᠎ᠤᠨ ᠪᠠᠬᠠᠷᠤᠮ᠎ᠠ ᠰᠠᠢᠬᠠᠨ᠎ᠢ ᠣᠢᠯᠠᠭᠠᠨ ᠮᠡᠳᠡᠷᠡᠵᠦ᠂ ᠤᠯᠠᠭᠠᠨᠴᠠᠪ᠎ᠤᠨ ᠦᠯᠢᠭᠡᠷ᠎ᠢ ᠶᠠᠷᠢᠵᠤ᠂ ᠤᠯᠠᠭᠠᠨᠴᠠᠪ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠳᠠᠶᠠᠭᠠᠷ᠎ᠢᠶᠠᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠨ᠂ ᠠᠴᠢ ᠡᠨᠡᠷᠢᠯ᠎ᠳᠦ ᠲᠠᠯᠠᠷᠬᠠᠵᠤ ᠡᠷᠡᠯᠬᠡᠭᠯᠡᠨ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ᠎ᠢᠶᠡᠨ ᠪᠣᠯᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠤᠯᠠᠭᠠᠨᠴᠠᠪ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠭᠰᠡᠨ ᠠᠮᠢᠳᠤᠯᠢᠭ᠋ ᠦᠢᠯᠡᠳᠦᠯᠭᠡ᠎ᠶᠢ ᠢᠯᠡᠷᠡᠭᠦᠯᠬᠦ ᠪᠣᠯᠣᠨ᠎ᠠ᠃
ᠣᠢᠯᠠᠭᠠᠭᠰᠠᠨ᠎ᠢᠶᠠᠷ᠂ ᠡᠨᠡ ᠬᠦ᠌ ᠭᠣᠣᠯ ᠰᠡᠳᠦᠪᠲᠦ ᠰᠢᠷᠢᠰ ᠠᠵᠢᠯᠯᠠᠭ᠎ᠠ᠎ᠶᠢ ᠥᠩᠭᠡᠷᠡᠭᠰᠡᠨ᠎ᠳᠦ ᠲᠣᠰ ᠲᠣᠰ ᠬᠥᠯᠥᠨ ᠪᠣᠶ᠋ᠢᠷ ᠬᠣᠲᠠ ᠪᠠ ᠬᠥᠬᠡᠬᠣᠲᠠ᠎ᠳᠤ ᠬᠣᠶᠠᠷ ᠬᠤᠭᠤᠴᠠᠭ᠎ᠠ ᠠᠮᠵᠢᠯᠲᠠ᠎ᠲᠠᠢ ᠡᠷᠭᠢᠯᠡᠵᠦ᠂ ᠭᠤᠷᠪᠠᠳᠤᠭᠠᠷ ᠬᠤᠭᠤᠴᠠᠭ᠎ᠠ᠎ᠶᠢ ᠤᠯᠠᠭᠠᠨᠴᠠᠪ ᠬᠣᠲᠠ᠎ᠳᠤ ᠡᠷᠬᠢᠯᠡᠭᠰᠡᠨ ᠪᠠᠢᠨ᠎ᠠ᠃ ᠠᠵᠢᠯᠯᠠᠭ᠎ᠠ ᠨᠢ ᠬᠣᠯᠪᠤᠭᠠᠯᠠᠨ ᠬᠥᠳᠡᠯᠦᠯᠴᠡᠬᠦ ᠮᠠᠶᠢᠭ᠋᠎ᠤᠨ ᠤᠬᠠᠭᠤᠯᠭ᠎ᠠ᠂ ᠠᠭᠤᠰᠤᠯᠴᠠᠬᠤ ᠮᠠᠶᠢᠭ᠋᠎ᠤᠨ ᠳᠠᠮᠵᠢᠭᠤᠯᠭ᠎ᠠ᠎ᠪᠠᠷ ᠳᠠᠮᠵᠢᠭᠤᠯᠤᠨ ᠥᠪᠥᠷ ᠮᠣᠩᠭᠣᠯ᠎ᠢ ᠳᠡᠯᠭᠡᠨ ᠦᠵᠡᠭᠦᠯᠬᠦ᠂ ᠥᠪᠥᠷ ᠮᠣᠩᠭᠣᠯ᠎ᠢ ᠤᠬᠠᠭᠤᠯᠬᠤ᠂ ᠥᠪᠥᠷ ᠮᠣᠩᠭᠣᠯ᠎ᠢ ᠲᠠᠨᠢᠯᠴᠠᠭᠤᠯᠬᠤ ᠭᠡᠰᠡᠨ ᠵᠢᠱ᠌ᠢᠭᠰᠡᠨ ᠦᠷ᠎ᠡ ᠪᠦᠲᠦᠮᠵᠢ᠎ᠳᠦ᠎ᠪᠠᠨ ᠬᠥᠷᠪᠡ᠃