9 ᠳ᠋ᠦ᠍ᠭᠡᠷ ᠰᠠᠷ᠎ᠠ᠎ᠶᠢᠨ 23᠎ᠤ ᠡᠳᠦᠷ᠂ 《 ᠲᠦᠭ ᠲᠦᠮᠡᠨ ᠡᠷᠦᠬᠡ᠎ᠶᠢ ᠪᠣᠯᠪᠠᠰᠤᠨ ᠰᠢᠨ᠎ᠡ ᠵᠠᠩᠰᠢᠯ ᠲᠠᠢ ᠪᠣᠯᠭᠠᠬᠤ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠡᠪ ᠵᠠᠩᠰᠢᠯ᠎ᠢ ᠥᠭᠡᠷᠡᠴᠢᠯᠡᠬᠦ ᠠᠵᠢᠯ᠎ᠤᠨ ᠦᠯᠢᠭᠡᠷ᠎ᠦᠨ ᠴᠤᠭᠯᠠᠭᠠᠨ ( ᠪᠠᠷᠠᠭᠤᠨ ᠬᠡᠰᠡᠭ᠎ᠦᠨ ᠣᠷᠣᠨ ) ᠤᠯᠠᠭᠠᠨᠴᠠᠪ ᠬᠣᠲᠠ᠎ᠳᠤ ᠶᠠᠪᠤᠭᠳᠠᠪᠠ᠃ ᠠᠵᠢᠯᠯᠠᠭ᠎ᠠ᠎ᠶᠢᠨ ᠵᠣᠷᠢᠯᠭ᠎ᠠ ᠨᠢ ᠪᠥᠬᠥ ᠣᠷᠣᠨ᠎ᠤ ᠬᠡᠪ ᠵᠠᠩᠰᠢᠯ᠎ᠢ ᠥᠭᠡᠷᠡᠴᠢᠯᠡᠬᠦ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠣᠨ᠎ᠤ ᠪᠣᠯᠪᠠᠰᠤᠨ ᠰᠤᠷᠲᠠᠯ᠂ ᠰᠠᠢᠨ ᠰᠠᠢᠬᠠᠨ ᠭᠡᠷ᠎ᠦᠨ ᠰᠤᠷᠲᠠᠯ᠂ ᠠᠷᠠᠳ᠎ᠤᠨ ᠪᠣᠷᠣᠭᠵᠢᠭᠤᠨ ᠵᠠᠩ ᠰᠤᠷᠲᠠᠯ᠎ᠢ ᠪᠣᠶ ᠪᠣᠯᠭᠠᠨ᠂ ᠮᠠᠯᠴᠢᠨ ᠲᠠᠷᠢᠶᠠᠴᠢᠳ᠎ᠤᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠰᠠᠢᠵᠢᠷᠠᠭᠤᠯᠵᠤ᠂ ᠪᠥᠬᠥ ᠨᠡᠢᠭᠡᠮ᠎ᠦᠨ ᠪᠣᠯᠪᠠᠰᠤᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ ᠶᠤᠮ᠃
ᠲᠣᠰ ᠤᠳᠠᠭᠠᠨ᠎ᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠠᠯᠪᠠᠨ ᠭᠡᠷ ᠭᠣᠣᠯᠯᠠᠨ ᠡᠷᠭᠢᠯᠡᠵᠦ᠂ ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠤᠯᠠᠭᠠᠨᠴᠠᠪ ᠬᠣᠲᠠ᠎ᠶᠢᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠠᠯᠪᠠᠨ ᠭᠡᠷ ᠳᠠᠭᠠᠭᠠᠴᠢᠯᠠᠨ ᠡᠷᠬᠢᠯᠡᠵᠡᠢ᠃ ᠲᠤᠬᠠᠢ᠎ᠶᠢᠨ ᠡᠳᠦᠷ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠵᠡᠷᠭᠡ 7 ᠠᠢᠮᠠᠭ ᠬᠣᠲᠠ ᠵᠢᠴᠢ ᠲᠡᠳᠡᠭᠡᠷ᠎ᠦᠨ ᠬᠠᠷᠢᠶ᠎ᠠ ᠬᠣᠰᠢᠭᠤ ᠰᠢᠶᠠᠨ ( ᠬᠣᠲᠠ ᠲᠣᠭᠣᠷᠢᠭ᠋ )᠎ᠤ ᠤᠬᠠᠭᠤᠯᠬᠤ ᠰᠠᠯᠠᠭ᠎ᠠ ᠮᠥᠴᠢᠷ᠂ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠳ᠎ᠢᠶᠠᠷ ᠪᠦᠷᠢᠯᠳᠦᠭᠰᠡᠨ ᠲᠣᠭᠣᠷᠢᠨ ᠦᠵᠡᠬᠦ ᠪᠦᠯᠬᠦᠮ ᠤᠷᠢᠳ ᠬᠣᠵᠢᠳ ᠵᠢᠨᠢᠩ ᠲᠣᠭᠣᠷᠢᠭ᠋᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠡᠰᠡᠭ ᠰᠢᠶᠠᠩ ᠪᠠᠯᠭᠠᠰᠤᠨ᠎ᠳᠤ ᠬᠦᠷᠴᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠰᠤᠨ ᠬᠠᠢᠴᠢᠯᠠᠮᠠᠯ᠎ᠤᠨ ᠪᠦᠲᠦᠭᠡᠯ᠎ᠦᠨ ᠦᠵᠡᠭᠦᠯᠭᠡ᠂ ᠨᠣᠮ ᠪᠢᠴᠢᠭ᠎ᠢᠶᠠᠷ ᠡᠯᠪᠡᠭ ᠨᠣᠮ᠎ᠤᠨ ᠦᠷᠦᠭᠡ᠂ ᠳᠤᠷᠠᠰᠤᠮᠵᠢ ᠳᠦᠭᠦᠷᠡᠩ ᠲᠣᠰᠬᠣᠨ᠎ᠤ ᠲᠡᠦᠬᠡ᠎ᠶᠢᠨ ᠣᠷᠳᠣᠨ᠂ ᠰᠢᠨ᠎ᠡ ᠬᠡᠪ ᠰᠤᠷᠲᠠᠯ᠎ᠢ ᠬᠠᠳᠠᠭᠠᠯᠠᠨ ᠬᠠᠷᠠᠭᠤᠯᠬᠤ ᠬᠤᠷᠢᠮ᠎ᠤᠨ ᠵᠠᠩ ᠦᠢᠯᠡ᠎ᠶᠢᠨ ᠣᠷᠳᠣᠨ ᠵᠡᠷᠭᠡ᠎ᠶᠢ ᠲᠤᠬᠠᠢ᠎ᠶᠢᠨ ᠲᠠᠯᠠᠪᠤᠷ᠎ᠢᠶᠠᠷ ᠲᠣᠭᠣᠷᠢᠨ ᠦᠵᠡᠵᠦ᠂ ᠬᠡᠪ ᠵᠠᠩᠰᠢᠯ᠎ᠢ ᠥᠭᠡᠷᠡᠴᠢᠯᠡᠬᠦ ᠪᠠ ᠬᠥᠳᠡᠭᠡ ᠲᠣᠰᠬᠣᠨ᠎ᠤ ᠬᠥᠭᠵᠢᠯᠲᠡ᠎ᠶᠢ ᠭᠦᠨᠵᠡᠭᠡᠢ ᠠᠭᠤᠰᠤᠯᠴᠠᠭᠤᠯᠵᠤ᠂ ᠲᠤᠬᠠᠢ᠎ᠶᠢᠨ ᠭᠠᠵᠠᠷ᠎ᠤᠨ ᠬᠡᠪ ᠵᠠᠩᠰᠢᠯ᠎ᠢ ᠥᠭᠡᠷᠡᠴᠢᠯᠡᠬᠦ ᠠᠵᠢᠯ᠎ᠤᠨ ᠠᠮᠢᠳᠤᠯᠢᠭ᠋ ᠦᠢᠯᠡᠳᠦᠯᠭᠡᠨᠦᠭᠦᠳᠢ ᠪᠡᠶᠡᠴᠢᠯᠡᠨ ᠣᠢᠯᠠᠭᠠᠪᠠ᠃ ᠲᠤᠬᠠᠢ᠎ᠶᠢᠨ ᠡᠳᠦᠷ᠎ᠦᠨ ᠣᠷᠣᠢ᠂ ᠤᠷᠠᠨ ᠰᠠᠢᠬᠠᠨ᠎ᠤ ᠲᠣᠭᠯᠠᠯᠲᠠ ᠦᠵᠡᠭᠦᠯᠭᠡ ᠨᠢ ᠳᠠᠭᠤᠤ ᠪᠥᠵᠢᠭ 《 ᠰᠦᠷ ᠵᠢᠪᠬᠤᠭᠠᠲᠤ ᠥᠪᠥᠷ ᠮᠣᠩᠭᠣᠯ》᠎ᠤᠨ ᠳᠤᠮᠳᠠ ᠬᠥᠰᠢᠭᠡ᠎ᠪᠡᠨ ᠰᠡᠬᠦᠵᠦ᠂ ᠬᠣᠶᠠᠷ ᠬᠥᠮᠥᠨ᠎ᠦ ᠡᠯᠭᠦᠯᠴᠡᠭᠡ᠂ ᠱᠣᠭ ᠵᠦᠴᠦᠭᠡ ᠵᠡᠷᠭᠡ ᠠᠷᠪᠠᠨ ᠬᠡᠳᠦᠨ ᠭᠣᠢᠳᠠ ᠰᠠᠢᠬᠠᠨ ᠲᠣᠭᠯᠠᠯᠲᠠ ᠭᠠᠷᠭᠠᠭᠠᠳ᠂ ᠤᠯᠠᠨ ᠵᠦᠢᠯ᠎ᠦᠨ ᠤᠷᠠᠯᠢᠭ᠋᠎ᠤᠨ ᠬᠡᠯᠪᠡᠷᠢ᠎ᠪᠡᠷ ᠮᠠᠨ᠎ᠤ ᠣᠷᠣᠨ᠎ᠤ ᠬᠡᠪ ᠵᠠᠩᠰᠢᠯ᠎ᠢ ᠥᠭᠡᠷᠡᠴᠢᠯᠡᠬᠦ ᠠᠵᠢᠯ᠎ᠤᠨ ᠲᠠᠯ᠎ᠠ᠎ᠪᠠᠷ ᠣᠯᠣᠭᠰᠠᠨ ᠦᠷ᠎ᠡ ᠪᠦᠲᠦᠮᠵᠢᠨᠦᠭᠦᠳᠢ ᠲᠥᠪᠯᠡᠷᠡᠭᠦᠯᠦᠨ ᠳᠡᠯᠭᠡᠨ ᠦᠵᠡᠭᠦᠯᠪᠡ᠃