9 ᠳ᠋ᠦ᠍ᠭᠡᠷ ᠰᠠᠷ᠎ᠠ᠎ᠶᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠧᠨᠵᠧᠨ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠠ ᠥᠪᠥᠷ ᠮᠣᠩᠭᠤᠯ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠎ᠡᠴᠡ ᠬᠠᠮᠲᠤᠷᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ᠎ᠤ 《ᠥᠪᠥᠷ ᠮᠣᠩᠭᠤᠯ ᠭᠤᠸᠠᠩᠳᠦ᠋ᠩ ᠬᠤᠰᠢᠭᠤᠴᠢ》 ᠬᠤᠨᠳᠠᠭᠠᠲᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠤᠷᠤᠯᠳᠤᠭᠠᠨ ᠬᠢᠭᠡᠳ 2025 ᠣᠨ᠎ᠤ 《ᠮᠸᠩ ᠺᠸ ᠵᠢᠦᠢ》ᠲᠤᠰᠬᠠᠶ ᠰᠡᠳᠦᠪᠲᠦ ᠰᠣᠨᠢᠨ ᠮᠡᠳᠡᠭᠡ᠎ᠶ᠋ᠢ ᠨᠡᠶ᠋ᠢᠲᠡᠯᠡᠬᠦ ᠬᠤᠷᠠᠯ ᠬᠥᠬᠡᠬᠤᠲᠠ᠎ᠳᠤ ᠶᠠᠪᠤᠭᠳᠠᠪᠠ᠃
ᠲᠣᠰ ᠤᠳᠠᠭᠠᠨ᠎ᠤ ᠠᠵᠢᠯᠯᠠᠭ᠎ᠠ ᠪᠣᠯ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠤᠯ᠎ᠤᠨ 《ᠴᠢᠳᠠᠪᠤᠷᠢᠲᠠᠨ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠳᠡᠭᠡᠳᠦ ᠳᠡᠰ᠎ᠦᠨ ᠴᠢᠳᠠᠪᠤᠷᠢᠲᠠᠳ᠎ᠤᠨ ᠬᠠᠮᠲᠤᠷᠠᠯᠴᠠᠭ᠎ᠠ ᠰᠣᠯᠢᠯᠴᠠᠭᠠᠨ᠎ᠤ ᠬᠤᠷᠠᠯ ᠪᠠ ᠴᠢᠳᠠᠪᠤᠷᠢᠲᠠᠳ᠎ᠤᠨ ᠰᠢᠨ᠎ᠡ᠎ᠶᠢ ᠡᠭᠦᠳᠦᠨ ᠦᠢᠯᠡᠰ ᠪᠣᠰᠬᠠᠬᠤ ᠭᠠᠷᠠᠭ᠎ᠤᠨ ᠰᠢᠷᠢᠰ ᠠᠵᠢᠯᠯᠠᠭ᠎ᠠ᠎ᠶᠢᠨ ᠨᠢᠭᠡ ᠪᠠᠢᠵᠤ᠂ 《ᠴᠢᠳᠠᠪᠤᠷᠢᠲᠠᠳ᠎ᠢ ᠥᠷᠭᠡᠨ᠎ᠢᠶᠠᠷ ᠡᠯᠰᠡᠨ ᠬᠡᠷᠡᠭᠯᠡᠬᠦ᠂ ᠣᠶᠣᠨ᠎ᠢ ᠲᠥᠪᠯᠡᠷᠡᠭᠦᠯᠦᠨ ᠥᠪᠥᠷ ᠮᠣᠩᠭᠤᠯ᠎ᠢᠶᠠᠨ ᠮᠠᠨᠳᠤᠭᠤᠯᠬᠤ᠂ ᠥᠪᠥᠷ ᠮᠣᠩᠭᠤᠯ ᠭᠤᠸᠠᠩᠳᠦ᠋ᠩ ᠬᠠᠮᠵᠢᠯᠴᠠᠬᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠡᠭᠦᠳᠦᠯᠲᠡ᠎ᠪᠡᠷ ᠬᠠᠮᠲᠤ᠎ᠶ᠋ᠢᠨ ᠢᠷᠠᠭᠤ ᠠᠯᠳᠠᠷ᠎ᠢᠶᠠᠨ ᠪᠣᠯᠭᠠᠬᠤ》᠎ᠪᠠᠷ ᠭᠤᠤᠯ ᠰᠡᠳᠦᠪ ᠪᠣᠯᠭᠠᠪᠠ᠃ ᠠᠵᠢᠯᠯᠠᠭ᠎ᠠ᠎ᠶᠢᠨ ᠠᠬᠤᠢ ᠲᠠᠯᠠᠪᠠᠶ᠎ᠳᠤ᠂ ᠰᠢᠢᠳᠪᠦᠷᠢᠲᠦ ᠤᠷᠤᠯᠳᠤᠭᠠᠨ᠎ᠳᠤ ᠨᠡᠷ᠎ᠡ ᠳᠡᠪᠱᠢᠭ᠌ᠰᠡᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠢᠯ᠎ᠤᠨ 13 ᠪᠦᠯᠬᠦᠮ᠎ᠨᠢ 《8 ᠮᠢᠨᠦ᠋ᠲ᠎ᠤᠨ ᠤᠷᠢᠳᠴᠢᠯᠠᠭᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ᠎ᠶᠢᠨ ᠠᠵᠢᠯᠯᠠᠭ᠎ᠠ + 3 ᠮᠢᠨᠦ᠋ᠲ᠎ᠤᠨ ᠬᠠᠷᠢᠭᠤ ᠮᠠᠷᠭᠤᠯᠳᠤᠭᠠᠨ》᠎ᠤ ᠬᠡᠯᠪᠡᠷᠢ᠎ᠪᠠᠷ ᠰᠢᠷᠦᠭᠦᠨ ᠥᠷᠢᠰᠥᠯᠳᠦᠭᠡᠨ ᠶᠠᠪᠤᠭᠤᠯᠵᠤ᠂ ᠲᠤᠰᠬᠠᠶ ᠮᠡᠷᠭᠡᠵᠢᠯᠲᠡᠳ᠎ᠦᠨ ᠬᠢᠨᠠᠨ ᠲᠣᠭᠲᠠᠭᠠᠬᠤ ᠪᠦᠯᠬᠦᠮ᠎ᠤᠨ ᠶᠡᠷᠦᠩᠬᠡᠶ᠋ᠢᠯᠡᠭᠰᠡᠨ ᠦᠨᠡᠯᠡᠯᠲᠡ ᠪᠠ ᠠᠬᠤᠢ ᠲᠠᠯᠠᠪᠠᠢ᠎ᠳᠤ ᠬᠤᠪᠢ ᠣᠨᠣᠭᠠᠭ᠍ᠰᠠᠨᠤ ᠡᠴᠦᠰ᠎ᠲᠦ ᠰᠢᠨ᠎ᠡ ᠬᠡᠯᠪᠡᠷᠢ᠎ᠶᠢᠨ ᠨᠠᠨᠦᠮᠧᠲᠷ ᠨᠡᠭᠦᠷᠡᠰᠦᠲᠥ᠋ᠷᠥᠭᠴᠢ᠎ᠪᠠᠷ ᠭᠣᠣᠯᠯᠠᠭᠤᠯᠤᠭ᠍ᠰᠠᠨ ᠨᠡᠢᠯᠡᠯ ᠮᠠᠲᠧᠷᠢᠶᠠᠯ᠎ᠢ ᠠᠵᠤ ᠦᠢᠯᠡᠰᠵᠢᠭᠦᠯᠬᠦ ᠬᠡᠷᠡᠭᠯᠡᠭᠡᠨ᠎ᠤ ᠲᠥᠷᠥᠯ ᠵᠦᠢᠯ᠎ᠨᠢ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃
ᠣᠶ᠋ᠢᠯᠠᠭᠠᠭᠰᠠᠨ᠎ᠢᠶᠠᠷ᠂ ᠥᠪᠥᠷ ᠮᠣᠩᠭᠤᠯ ᠭᠤᠸᠠᠩᠳᠦ᠋ᠩ ᠬᠤᠶᠠᠷ ᠭᠠᠵᠠᠷ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠣᠯᠢᠯᠴᠠᠭ᠎ᠠ ᠬᠢᠭᠡᠳ ᠦᠷ᠎ᠡ ᠪᠦᠲᠦᠭᠡᠯ᠎ᠤᠨ ᠤᠯᠠᠷᠢᠭᠤᠯᠤᠯᠲᠠ᠎ᠶᠢ ᠨᠠᠩ ᠰᠠᠶ᠋ᠢᠲᠤᠷ ᠠᠬᠢᠭᠤᠯᠬᠤ᠎ᠶᠢᠨ ᠲᠥᠯᠥᠭᠡ᠂ ᠡᠨᠡ ᠵᠢᠯ᠎ᠤᠨ 6 ᠳ᠋ᠤᠭᠠᠷ ᠰᠠᠷ᠎ᠠ᠎ᠳᠤ᠂ ᠥᠪᠥᠷ ᠮᠣᠩᠭᠤᠯ 《ᠥᠪᠥᠷ ᠮᠣᠩᠭᠤᠯ ᠭᠤᠸᠠᠩᠳᠦ᠋ᠩ ᠬᠤᠱᠢᠭᠤᠴᠢ》 ᠬᠤᠨᠳᠠᠭᠠᠲᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠤᠷᠤᠯᠳᠤᠭᠠᠨ᠎ᠢᠶᠠᠨ ᠡᠬᠢᠯᠡᠭᠦᠯᠵᠦ᠂ ᠰᠢᠶᠠᠩᠭᠠᠩ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠠᠵᠤ ᠦᠢᠯᠡᠳᠪᠦᠷᠢ᠎ᠶᠢᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ ᠵᠡᠷᠭᠡ 70 ᠭᠠᠷᠤᠶ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠢᠳᠡᠪᠬᠢᠲᠡᠶ ᠣᠷᠣᠯᠴᠠᠭᠤᠯᠵᠤ᠂ ᠨᠡᠶ᠋ᠢᠲᠡ 95 ᠲᠥᠷᠥᠯ ᠵᠦᠢᠯ᠎ᠢ ᠴᠤᠭᠯᠠᠭᠤᠯᠪᠠ᠃ ᠲᠤᠰᠬᠠᠶ ᠮᠡᠷᠭᠡᠵᠢᠯᠲᠡᠳ᠎ᠦᠨ ᠴᠢᠩᠭ᠎ᠠ ᠬᠢᠨᠠᠨ ᠲᠣᠭᠲᠠᠭᠠᠯᠲᠠ᠎ᠪᠠᠷ ᠡᠴᠦᠰ᠎ᠲᠦ᠎ᠪᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠶᠡᠭᠡ ᠠᠵᠤ ᠦᠢᠯᠡᠰ᠎ᠤᠨ ᠪᠦᠯᠦᠭᠵᠢᠯ᠎ᠢ ᠳᠡᠭᠡᠳᠦ ᠬᠡᠮᠵᠢᠶ᠎ᠡ᠎ᠪᠠᠷ ᠳᠣᠬᠢᠷᠠᠯᠴᠠᠭᠤᠯᠤᠭ᠍ᠰᠠᠨ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠳᠣᠣᠷ᠎ᠠ ᠠᠭᠠᠷ᠎ᠤᠨ ᠠᠵᠤ ᠠᠬᠤᠶ ᠵᠡᠷᠭᠡ ᠭᠤᠤᠯᠳᠠᠯᠭ᠎ᠠ ᠪᠣᠯᠬᠤ 13 ᠬᠦᠷᠢᠶ᠎ᠡ᠎ᠶ᠋ᠢ ᠬᠠᠮᠤᠷᠤᠭᠰᠠᠨ ᠲᠥᠷᠥᠯ ᠵᠦᠢᠯ᠎ᠤᠳ ᠴᠣᠯᠭᠤᠷᠠᠨ ᠭᠠᠷᠴᠤ᠂ ᠰᠢᠢᠳᠪᠦᠷᠢᠲᠦ ᠤᠷᠤᠯᠳᠤᠭᠠᠨ᠎ᠳᠤ ᠳᠠᠪᠰᠢᠪᠠ᠃