ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
2025 ᠤᠮᠠᠷᠠᠲᠤ ᠬᠢᠵᠠᠭᠠᠷ᠎ᠤᠨ ᠨᠣᠮ᠎ᠤᠨ ᠦᠵᠡᠰᠬᠦᠯᠡᠩ ᠥᠪᠥᠷ ᠮᠣᠩᠭᠣᠯ᠎ᠤᠨ ᠰᠣᠶᠣᠯ᠎ᠤᠨ ᠦᠪᠡᠳᠡᠭᠰᠢ ᠨᠠᠢᠷ᠎ᠤᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭ᠌ᠯᠡᠵᠦ᠍ ᠪᠤᠢ
ᠨᠡᠶ᠋ᠢᠲᠡᠯᠡᠭᠰᠡᠨ ᠴᠠᠭ᠄ 2025-09-04

8 ᠳ᠋ᠤᠭᠠᠷ ᠰᠠᠷ᠎ᠠ᠎ᠶᠢᠨ 31 ᠎ᠦ ᠡᠳᠦᠷ᠎ᠦᠨ ᠣᠷᠣᠢ᠂ 5 ᠡᠳᠦᠷ᠎ᠦᠨ ᠬᠤᠭᠤᠴᠠᠭ᠎ᠠ᠎ᠲᠠᠢ ᠶᠠᠪᠤᠭ᠍ᠳᠠᠭ᠍ᠰᠠᠨ 2025 ᠤᠮᠠᠷᠠᠲᠤ ᠬᠢᠵᠠᠭᠠᠷ᠎ᠤᠨ ᠨᠣᠮ᠎ᠤᠨ ᠦᠵᠡᠰᠬᠦᠯᠡᠩ ᠥᠪᠥᠷ ᠮᠣᠩᠭᠣᠯ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠥᠨᠳᠥᠷᠯᠡᠪᠡ᠃ 

ᠡᠨᠡ ᠤᠳᠠᠭ᠎ᠠ᠎ᠶᠢᠨ 《ᠤᠮᠠᠷᠠᠲᠤ ᠬᠢᠵᠠᠭᠠᠷ᠎ᠤᠨ ᠨᠣᠮ᠎ᠤᠨ ᠪᠣᠯᠵᠣᠭ᠎ᠠ · ᠤᠩᠰᠢᠯᠭ᠎ᠠ᠎ᠶᠢᠨ ᠭᠣᠸ᠎ᠠ ᠰᠠᠢᠬᠠᠨ》 ᠭᠡᠬᠦ ᠭᠣᠣᠯ ᠰᠡᠳᠦᠪᠲᠦ ᠰᠣᠶᠣᠯ᠎ᠤᠨ ᠦᠪᠡᠳᠡᠭᠰᠢ ᠴᠣᠭ᠍ᠯᠠᠭᠠᠨ ᠪᠣᠯᠵᠤ ᠨᠢᠭᠡ ᠬᠤᠪᠢ ᠭᠢᠯᠠᠯᠵᠠᠭᠰᠠᠨ ᠰᠢᠯᠭᠠᠯᠲᠠ᠎ᠶᠢᠨ ᠬᠠᠭᠤᠳᠠᠰᠤ ᠲᠤᠰᠢᠶᠠᠪᠠ᠄ 7 ᠲᠦᠮᠡ ᠰᠢᠬᠠᠮ ᠤᠩᠰᠢᠭ᠍ᠴᠢᠳ ᠨᠣᠮ᠎ᠤᠨ ᠦᠵᠡᠰᠬᠦᠯᠡᠩ᠎ᠦᠨ 《ᠨᠣᠮ᠎ᠤᠨ ᠪᠣᠯᠵᠣᠭ᠎ᠠ》᠎ᠳᠦ ᠣᠷᠣᠯᠴᠠᠵᠤ᠂ ᠰᠦᠯᠵᠢᠶ᠎ᠡ᠎ᠪᠡᠷ ᠪᠠ ᠰᠦᠯᠵᠢᠶᠡᠨ᠎ᠡᠴᠡ ᠭᠠᠳᠠᠭᠤᠷᠬᠢ ᠪᠣᠷᠤᠯᠠᠭᠤᠯᠭ᠎ᠠ᠎ᠶᠢᠨ ᠨᠤᠷᠮ᠎ᠠ 1500 ᠲᠦᠮᠡᠨ ᠲᠥᠭᠥᠷᠢᠭ᠎ᠢ ᠳᠠᠪᠠᠵᠠᠢ᠃ 

ᠪᠥᠬᠥ ᠬᠦᠷᠢᠶ᠎ᠡ ᠴᠠᠷᠠᠭᠠᠨ᠎ᠳᠠᠬᠢ ᠣᠷᠤᠯᠴᠠᠯᠭ᠎ᠠ᠄ 《1+12》᠎ᠤᠨ ᠬᠡᠪ ᠵᠠᠭᠪᠤᠷ᠎ᠢᠶᠠᠷ ᠪᠥᠬᠥ ᠠᠷᠠᠳ᠎ᠤᠨ ᠤᠩᠰᠢᠯᠭ᠎ᠠ᠎ᠶᠢᠨ ᠲᠣᠮᠣ᠌ ᠲᠠᠪᠴᠠᠩ᠎ᠢ ᠪᠣᠶ ᠪᠣᠯᠭᠠᠵᠠᠢ

2025 ᠤᠮᠠᠷᠠᠲᠤ ᠬᠢᠵᠠᠭᠠᠷ᠎ᠤᠨ ᠨᠣᠮ᠎ᠤᠨ ᠦᠵᠡᠰᠬᠦᠯᠡᠩ᠎ᠢ ᠳᠤᠮᠳᠠᠳᠤ ᠤᠯᠤᠰ᠎ᠤᠨ ᠬᠡᠪᠯᠡᠯ᠎ᠦᠨ ᠨᠡᠢᠭᠡᠮᠯᠢᠭ᠂ ᠳᠤᠮᠳᠠᠳᠤ ᠤᠯᠤᠰ᠎ᠤᠨ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠭᠣᠣᠯᠴᠢᠯᠠᠨ ᠡᠷᠭᠢᠯᠡᠵᠦ᠂ ᠥᠪᠥᠷ ᠮᠣᠩᠭᠣᠯ᠎ᠤᠨ ᠱᠢᠨᠬᠤᠸᠠ ᠲᠠᠷᠬᠠᠭᠠᠯᠲᠠ᠎ᠶᠢᠨ ᠪᠦᠯᠦᠭᠯᠡᠯ ᠪᠣᠯᠣᠨ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠬᠠᠮᠲᠤᠷᠠᠨ ᠳᠠᠭᠠᠭᠠᠴᠢᠯᠠᠨ ᠡᠷᠬᠢᠯᠡᠵᠡᠢ᠂ 《1+12》 ᠬᠣᠯᠪᠤᠭᠠᠯᠠᠨ ᠬᠥᠳᠡᠯᠦᠯᠴᠡᠬᠦ ᠬᠡᠪ ᠵᠠᠭᠪᠤᠷ᠎ᠢ ᠰᠢᠨ᠎ᠡ᠎ᠪᠡᠷ ᠡᠭᠦᠳᠪᠡ — 1.8 ᠲᠦᠮᠡᠨ ᠺᠦᠸᠠᠳ᠋ ᠮᠧᠲᠷ᠎ᠦᠨ ᠥᠪᠥᠷ ᠮᠣᠩᠭᠣᠯ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠢᠶᠡᠷ ᠭᠣᠣᠯ ᠴᠤᠭ᠍ᠯᠠᠭᠠᠨ᠎ᠤ ᠲᠠᠯᠠᠪᠠᠢ ᠪᠣᠯᠭᠠᠨ᠂ 12 ᠠᠢᠮᠠᠭ ᠬᠤᠳᠠ᠎ᠶᠢᠨ ᠱᠢᠨᠬᠤᠸᠠ ᠨᠣᠮ᠎ᠤᠨ ᠳᠡᠯᠭᠡᠭᠦᠷ᠎ᠤᠳ ᠵᠡᠷᠭᠡ᠎ᠳᠤ ᠨᠢ ᠬᠤᠪᠢᠶᠠᠷᠢ ᠲᠠᠯᠠᠪᠠᠢ ᠲᠣᠬᠢᠷᠠᠭᠤᠯᠵᠤ᠂ ᠯᠤᠲᠤ ᠶᠡᠬᠡ ᠤᠩᠰᠢᠯᠭ᠎ᠠ᠎ᠶᠢᠨ ᠲᠣᠣᠷ ᠮᠡᠲᠦ᠎ᠪᠡᠷ ᠰᠣᠶᠣᠯ᠎ᠤᠨ ᠲᠡᠵᠢᠭᠡᠯ᠎ᠢ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠥᠨᠴᠥᠭ ᠪᠤᠯᠤᠩ᠎ᠳᠦ ᠬᠦᠷᠲᠡᠭᠡᠭ᠌ᠰᠡᠨ ᠪᠠᠢᠨ᠎ᠠ᠃ 

ᠬᠥᠬᠡᠬᠣᠲᠠ᠎ᠳᠠᠬᠢ ᠭᠣᠣᠯ ᠴᠤᠭ᠍ᠯᠠᠭᠠᠨ᠎ᠤ ᠲᠠᠯᠠᠪᠠᠢ᠎ᠪᠠᠷ ᠣᠷᠣᠬᠤ᠎ᠳᠤ᠂ ᠨᠠᠢ᠍ᠮᠠᠨ ᠶᠡᠬᠡ ᠭᠣᠣᠯ ᠰᠡᠳᠦᠪᠲᠦ ᠦᠵᠡᠭᠦᠯᠭᠡ᠎ᠶ᠋ᠢᠨ ᠲᠣᠭᠣᠷᠢᠭ᠋ ᠳᠠᠷᠠᠭᠠᠯᠠᠨ ᠵᠢᠭ᠍ᠰᠠᠵᠤ᠂ ᠦᠵᠡᠭᠦᠯᠭᠡ᠎ᠶ᠋ᠢᠨ ᠲᠣᠭᠣᠷᠢᠭ᠋ ᠪᠣᠯᠭᠠᠨ᠎ᠳᠤ ᠥᠪᠡᠷᠮᠢᠴᠡ ᠣᠨᠴᠠᠯᠢᠭ᠋᠎ᠲᠠᠢ ᠰᠣᠶᠣᠯ᠎ᠤᠨ ᠷᠢᠳᠢ ᠱᠢᠳᠢ ᠨᠢᠭᠤᠭᠳᠠᠵᠤ ᠪᠠᠢᠯ᠎ᠠ᠃ 《ᠦᠨᠡᠨ ᠶᠣᠰᠣᠨ᠎ᠤ ᠭᠡᠷᠡᠯ ᠭᠢᠯᠪᠠᠭ᠎ᠠ》 ᠦᠵᠡᠭᠦᠯᠭᠡ᠎ᠶ᠋ᠢᠨ ᠲᠣᠭᠣᠷᠢᠭ᠋᠎ᠲᠤ᠂ ᠨᠠᠮ᠎ᠤᠨ ᠰᠢᠨ᠎ᠡ᠎ᠶᠢ ᠡᠭᠦᠳᠦᠭᠰᠡᠨ ᠤᠨᠤᠯ᠎ᠤᠨ ᠬᠡᠪᠯᠡᠯ᠎ᠦᠨ ᠦᠷ᠎ᠡ ᠪᠦᠲᠦᠭᠡᠯ᠎ᠦᠳ᠎ᠢ ᠲᠡᠷᠢ ᠲᠡᠭᠰᠢ ᠳᠡᠯᠭᠡᠨ ᠦᠵᠡᠭᠦᠯᠪᠡ; 《ᠤᠮᠠᠷᠠᠲᠤ ᠬᠢᠵᠠᠭᠠᠷ᠎ᠤᠨ ᠰᠣᠶᠣᠯ》᠎ᠦᠨ ᠦᠵᠡᠭᠦᠯᠭᠡ᠎ᠶ᠋ᠢᠨ ᠲᠣᠭᠣᠷᠢᠭ᠋᠎ᠲᠤ᠂ 《ᠥᠪᠥᠷ ᠮᠣᠩᠭᠣᠯ᠎ᠤᠨ ᠨᠡᠪᠲᠡᠷᠬᠡᠢ ᠲᠡᠦᠬᠡ》 《ᠤᠮᠠᠷᠠᠲᠤ ᠬᠢᠵᠠᠭᠠᠷ᠎ᠤᠨ ᠠᠷᠠᠳ᠎ᠤᠨ ᠠᠮᠠᠨ ᠥᠯᠢᠭᠡᠷ᠎ᠦᠨ ᠲᠡᠭᠦᠪᠦᠷᠢ》 ᠵᠡᠷᠭᠡ ᠨᠣᠮ ᠪᠢᠴᠢᠭ ᠨᠢ ᠲᠠᠯ᠎ᠠ ᠨᠤᠲᠤᠭ᠎ᠤᠨ ᠥᠩᠭᠡᠷᠡᠭᠰᠡᠨ ᠪᠠ ᠡᠳᠦᠭᠡ᠎ᠶᠢᠨ ᠪᠠᠢᠳᠠᠯ᠎ᠢ ᠭᠦᠦᠷᠨᠢᠨ ᠲᠣᠭᠠᠴᠢᠵᠤ ᠪᠠᠢᠭ᠎ᠠ ᠮᠡᠲᠦ; ᠬᠠᠮᠤᠭ᠎ᠤᠨ ᠬᠥᠭ᠌ᠵᠢᠶᠡᠨᠲᠡᠢ ᠨᠢ 《ᠳ᠋ᠢᠭᠢᠲᠴᠢᠯᠡᠭ᠌ᠰᠡᠨ ᠣᠢᠯᠠᠭᠠᠯᠲᠠ》 ᠦᠵᠡᠭᠦᠯᠭᠡ᠎ᠶ᠋ᠢᠨ ᠲᠣᠭᠣᠷᠢᠭ᠋ ᠪᠣᠯᠣᠨ᠎ᠠ᠂ ᠤᠩᠰᠢᠭ᠍ᠴᠢᠳ VR ᠨᠢᠳᠦᠨ ᠱᠢᠯ᠎ᠢ ᠵᠡᠭᠦᠪᠡᠯ ᠳᠠᠷᠤᠢ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶᠢᠨ ᠬᠠᠭᠤᠴᠢ ᠰᠤᠳᠤᠯᠤᠯ᠎ᠤᠨ ᠲᠤᠬᠠᠢ᠎ᠶᠢᠨ ᠲᠠᠯᠠᠪᠠᠢ᠎ᠳᠤ ᠣᠴᠢᠴᠢᠬᠠᠨ᠎ᠠ᠃ 

ᠨᠣᠮ᠎ᠤᠨ ᠦᠵᠡᠰᠬᠦᠯᠡᠩ᠎ᠦᠨ ᠬᠤᠭᠤᠴᠠᠭᠠᠨ᠎ᠳᠤ᠂ ᠪᠦᠬᠦ ᠤᠯᠤᠰ᠎ᠤᠨ 300 ᠭᠠᠷᠤᠢ ᠬᠡᠪᠯᠡᠯ᠎ᠦᠨ ᠪᠠᠢᠭᠤᠯᠤᠮᠵᠢ 10 ᠲᠦᠮᠡ ᠭᠠᠷᠤᠢ ᠵᠦᠢᠯ᠎ᠤᠨ 100 ᠭᠠᠷᠤᠢ ᠲᠦᠮᠡᠨ ᠳᠡᠪᠲᠡᠷ ᠰᠣᠳᠣᠨ ᠨᠣᠮ ᠪᠢᠴᠢᠭ᠎ᠢ ᠬᠥᠬᠡᠬᠣᠲᠠ᠎ᠳᠤ ᠠᠪᠴᠢᠷᠠᠵᠠᠢ᠂ ᠡᠷᠳᠡᠮ ᠰᠢᠨᠵᠢᠯᠡᠭᠡᠨ᠎ᠦ ᠲᠤᠰᠬᠠᠢ ᠪᠦᠲᠦᠭᠡᠯ᠎ᠡᠴᠡ ᠠᠮᠢᠳᠤᠷᠠᠯ᠎ᠤᠨ ᠮᠡᠳᠡᠯᠭᠡ᠎ᠶ᠋ᠢᠨ ᠪᠦᠲᠦᠭᠡᠯ ᠬᠦᠷᠲᠡᠯ᠎ᠡ᠂ ᠰᠣᠩᠭᠣᠳᠠᠭ ᠤᠷᠠᠨ ᠵᠣᠬᠢᠶᠠᠯ᠎ᠠᠴᠠ ᠬᠡᠦᠬᠡᠳ᠎ᠦᠨ ᠵᠢᠷᠤᠭᠲᠤ ᠳᠡᠪᠲᠡᠷ ᠬᠦᠷᠲᠡᠯ᠎ᠡ ᠪᠦᠷ ᠪᠤᠢ᠃ 

ᠣᠯᠠᠨ ᠡᠰᠢᠲᠦ ᠬᠠᠷᠢᠯᠴᠠᠭ᠎ᠠ᠄ ᠨᠠᠷᠠᠲᠤ ᠬᠥᠮᠥᠰ᠎ᠦᠨ ᠶᠠᠷᠢᠯᠴᠠᠭ᠎ᠠ ᠪᠠ ᠠᠷᠠᠳ᠎ᠲᠤ ᠠᠰᠢᠭ᠋ ᠬᠦᠷᠲᠡᠭᠡᠬᠦ ᠠᠰᠠᠷᠠᠮᠵᠢ ᠨᠢ ᠣᠯᠠᠨ ᠲᠦᠮᠡᠨ᠎ᠦ ᠤᠩᠰᠢᠯᠭ᠎ᠠ᠎ᠶᠢᠨ ᠤᠷᠮᠠᠰ᠎ᠢ ᠬᠥᠭᠵᠢᠭᠡᠪᠡ 

8 ᠳ᠋ᠤᠭᠠᠷ ᠰᠠᠷ᠎ᠠ᠎ᠶᠢᠨ 27 ᠎ᠤ ᠡᠳᠦᠷ᠂ ᠠᠯᠳᠠᠷᠲᠤ ᠵᠣᠬᠢᠶᠠᠯᠴᠢ ᠯᠢᠶᠠᠩ ᠰᠢᠶᠣᠣ ᠱᠧᠩ 《ᠬᠥᠮᠥᠨ᠎ᠦ ᠶᠢᠷᠲᠢᠨᠴᠦ᠎ᠳᠤ》 ᠭᠡᠬᠦ ᠰᠣᠳᠣᠨ ᠪᠦᠲᠦᠭᠡᠯ ᠲᠠᠢ᠎ᠪᠠᠨ ᠬᠥᠬᠡᠬᠣᠲᠠ᠎ᠳᠤ ᠢᠷᠡᠵᠦ᠍ ᠤᠩᠰᠢᠭ᠍ᠴᠢᠳ ᠯᠤᠭ᠎ᠠ ᠠᠭᠤᠯᠵᠠᠵᠤ ᠡᠶᠡᠯᠰᠡᠭ ᠲᠣᠲᠣᠨᠣ ᠶᠠᠷᠢᠯᠴᠠᠭ᠎ᠠ ᠦᠷᠨᠢᠭᠦᠯᠵᠡᠢ᠃ ᠬᠤᠪᠢᠶᠠᠯᠴᠠᠬᠤ ᠭᠣᠭ᠍ᠴᠣᠭ᠎ᠠ᠎ᠪᠠᠷ᠂ ᠯᠢᠶᠠᠩ ᠰᠢᠶᠣᠣ ᠱᠧᠩ ᠥᠪᠡᠷ᠎ᠦᠨ ᠵᠣᠬᠢᠶᠠᠨ ᠪᠦᠲᠦᠭᠡᠯᠭᠡ ᠪᠠ ᠤᠩᠰᠢᠯᠭ᠎ᠠ᠎ᠶᠢᠨ ᠥᠩᠭᠡᠷᠡᠯᠲᠡ᠎ᠲᠠᠢ᠎ᠪᠡᠨ ᠤᠶᠠᠯᠳᠤᠭᠤᠯᠤᠨ᠂ ᠤᠩᠰᠢᠯᠭ᠎ᠠ ᠪᠣᠯ ᠣᠶᠤᠨ ᠰᠠᠨᠠᠭ᠎ᠠ᠎ᠪᠠᠨ ᠤᠮᠳᠠᠯᠠᠵᠤ᠂ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠬᠤ 《ᠳᠠᠯᠳᠠ ᠬᠥᠭᠥᠷᠭᠡ》 ᠮᠥᠨ ᠭᠡᠵᠡᠢ᠃ ᠲᠡᠷᠡ ᠰᠤᠷᠲᠠᠯᠴᠢᠯᠠᠨ ᠳᠡᠯᠭᠡᠷᠡᠭᠦᠯᠬᠦ᠌ ᠡᠯᠴᠢ᠎ᠶ᠋ᠢᠨ ᠬᠤᠪᠢ᠎ᠪᠠᠷ ᠥᠪᠥᠷ ᠮᠣᠩᠭᠣᠯ᠎ᠤᠨ ᠨᠡᠩ ᠤᠯᠠᠨ ᠤᠯᠠᠨ ᠲᠦᠮᠡᠨ᠎ᠢ ᠳᠠᠢᠴᠢᠯᠠᠵᠤ ᠨᠣᠮ ᠤᠩᠰᠢᠬᠤ ᠳᠤᠷᠠᠲᠠᠢ ᠪᠣᠯᠭᠠᠬᠤ᠎ᠶᠢ ᠬᠦᠰᠡᠪᠡ᠃ 

2025 ᠤᠮᠠᠷᠠᠲᠤ ᠬᠢᠵᠠᠭᠠᠷ᠎ᠤᠨ ᠨᠣᠮ᠎ᠤᠨ ᠦᠵᠡᠰᠬᠦᠯᠡᠩ ᠨᠢ ᠵᠥᠪᠬᠡᠨ ᠨᠣᠮ ᠪᠢᠴᠢᠭ᠎ᠦᠨ ᠳᠡᠯᠭᠡᠨ ᠪᠣᠷᠣᠯᠠᠭᠤᠯᠤᠯᠲᠠ᠎ᠶᠢᠨ ᠴᠤᠭᠯᠠᠭᠠᠨ ᠲᠡᠳᠦᠢ ᠪᠢᠰᠢ᠂ ᠨᠡᠩ ᠴᠤ᠌ ᠰᠣᠨᠣᠰᠴᠤ᠌᠂ ᠤᠩᠱᠢᠵᠤ᠂ ᠬᠠᠷᠠᠵᠤ᠂ ᠨᠠᠭᠠᠳᠴᠤ ᠪᠣᠯᠬᠤ ᠰᠣᠶᠣᠯ᠎ᠤᠨ ᠦᠪᠡᠳᠡᠭ᠌ᠰᠢ ᠴᠤᠭ᠍ᠯᠠᠭᠠᠨ ᠪᠣᠯᠬᠤ ᠶᠤᠮ᠃ ᠮᠠᠤ ᠳ᠋ᠦᠨ ᠤᠳᠬ᠎ᠠ ᠵᠣᠬᠢᠶᠠᠯ᠎ᠤᠨ ᠱᠠᠩᠨᠠᠯ ᠬᠦᠷᠲᠡᠭᠴᠢ ᠯᠢᠶᠠᠩ ᠰᠢᠶᠣᠣ ᠱᠧᠩ᠂ ᠬᠡᠦᠬᠡᠳ᠎ᠦᠨ ᠤᠷᠠᠨ ᠵᠣᠬᠢᠶᠠᠯᠴᠢ ᠼᠤᠤ ᠸᠸᠨ ᠱᠢᠤᠸᠠᠨ᠂ ᠨᠡᠷᠡᠲᠦ ᠵᠣᠬᠢᠶᠠᠯᠴᠢ ᠸᠠᠩ ᠶᠤᠸᠠᠢ ᠸᠸᠨ ᠵᠡᠷᠭᠡ ᠰᠣᠶᠣᠯ᠎ᠤᠨ 30 ᠨᠡᠷᠡᠲᠦ ᠬᠥᠮᠥᠰ ᠠᠬᠤᠢ ᠲᠠᠯᠠᠪᠠᠶ᠎ᠳᠤ ᠬᠦᠷᠦᠯᠴᠡᠨ ᠢᠷᠡᠵᠦ᠍᠂ ᠭᠣᠣᠯ ᠰᠡᠳᠦᠪᠲᠦ ᠶᠠᠷᠢᠶᠠᠨ᠎ᠤ ᠲᠠᠪᠴᠠᠩ᠂ ᠶᠡᠬᠡ ᠪᠠᠭ᠍ᠰᠢᠲᠠᠨ᠎ᠤ ᠲᠠᠢᠯᠤᠮᠵᠢ᠂ ᠰᠢᠨ᠎ᠡ ᠨᠣᠮ᠎ᠳᠤ ᠭᠠᠷ᠎ᠤᠨ ᠦᠰᠦᠭ ᠵᠢᠷᠤᠵᠤ ᠬᠤᠳᠠᠯᠳᠤᠬᠤ ᠵᠡᠷᠭᠡ ᠠᠵᠢᠯᠯᠠᠭ᠎ᠠ᠎ᠪᠠᠷ ᠳᠠᠮᠵᠢᠨ᠂ ᠤᠩᠰᠢᠭ᠍ᠴᠢᠳ᠎ᠢ ᠨᠡᠷᠡᠲᠦ ᠬᠥᠮᠥᠰ ᠯᠦ᠍ᠭᠡ ᠵᠣᠯᠭᠠᠭᠤᠯᠵᠠᠢ᠃ 

ᠨᠡᠩ ᠤᠯᠠᠨ ᠬᠦᠮᠦᠰ᠎ᠢ ᠨᠣᠮ ᠤᠩᠰᠢᠬᠤ᠎ᠳᠦ ᠪᠠᠬᠠᠲᠠᠢ ᠪᠣᠯᠭᠠᠬᠤ᠎ᠶᠢᠨ ᠲᠥᠯᠥᠭᠡ᠂ ᠭᠣᠣᠯᠴᠢᠯᠠᠨ ᠡᠷᠬᠢᠯᠡᠭ᠌ᠰᠡᠨ ᠲᠠᠯ᠎ᠠ᠎ᠶᠢᠨ ᠬᠢᠨ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠪᠡᠷ 700 ᠲᠦᠮᠡᠨ ᠲᠥᠭᠥᠷᠢᠭ ᠭᠠᠷᠭᠠᠵᠤ᠂ 30 ᠲᠦᠮᠡ ᠭᠠᠷᠤᠢ ᠬᠤᠪᠢ ᠨᠣᠮ ᠬᠤᠳᠠᠯᠳᠤᠨ ᠠᠪᠬᠤ ᠲᠡᠮᠳᠡᠭᠲᠦ᠎ᠶᠢ ᠤᠩᠰᠢᠭ᠍ᠴᠢᠳ᠎ᠲᠤ ᠬᠦᠷᠭᠡᠵᠦ᠍᠂ ᠲᠡᠮᠳᠡᠭᠲᠦ᠎ᠪᠡᠷ ᠨᠢ ᠳᠠᠪᠲᠠᠨ ᠨᠤᠭᠤᠯᠵᠤ ᠪᠤᠳᠤᠬᠤ ᠬᠢᠮᠳᠠᠷᠠᠯ ᠥᠭ᠌ᠴᠡᠢ; ᠨᠣᠮ᠎ᠤᠨ ᠰᠠᠩ᠂ ᠮᠦᠽᠧᠢ᠎ᠶ᠋ᠢᠨ ᠡᠭᠦᠳᠡᠨ ᠪᠢᠯᠧᠲ ᠲᠠᠢ ᠪᠣᠯ ᠪᠠᠰᠠ ᠨᠣᠮ ᠬᠤᠳᠠᠯᠳᠤᠨ ᠠᠪᠬᠤ ᠬᠠᠷᠠᠭᠠᠯᠵᠠᠯ ᠭᠥᠷᠳᠡᠵᠦ ᠪᠣᠯᠣᠨ᠎ᠠ᠃ 

ᠰᠣᠶᠣᠯ᠎ᠤᠨ ᠤᠯᠪᠠᠭ᠎ᠠ᠎ᠶ᠋ᠢᠨ ᠵᠠᠯᠭᠠᠮᠵᠢᠯᠠᠯ᠄ ᠨᠣᠮ᠎ᠢᠶᠠᠷ ᠵᠠᠭᠤᠴᠢ ᠪᠣᠯᠭᠠᠨ ᠤᠮᠠᠷᠠᠲᠤ ᠬᠢᠵᠠᠭᠠᠷ᠎ᠤᠨ ᠰᠣᠶᠣᠯ᠎ᠤᠨ ᠰᠢᠨ᠎ᠡ ᠡᠭᠦᠳᠦᠯᠲᠡ ᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ

ᠦᠵᠡᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠦᠨ ᠦᠵᠡᠭᠦᠯᠭᠡ᠎ᠶ᠋ᠢᠨ ᠲᠣᠭᠣᠷᠢᠭ᠋ ᠴᠤ᠌ ᠭᠣᠢᠳᠠ ᠰᠠᠢᠬᠠᠨ ᠪᠠᠢᠯ᠎ᠠ᠃ 《ᠤᠮᠠᠷᠠᠲᠤ ᠬᠢᠵᠠᠭᠠᠷ᠎ᠤᠨ ᠰᠣᠶᠣᠯ᠎ᠤᠨ ᠬᠥᠮᠥᠷᠭᠡ》᠎ᠶ᠋ᠢᠨ ᠠᠩᠬᠠᠨ᠎ᠤ ᠪᠦᠯᠦᠭ᠎ᠦᠨ ᠦᠷ᠎ᠡ ᠪᠦᠲᠦᠭᠡᠯ᠎ᠦᠳ᠎ᠢᠶᠠᠨ ᠨᠡᠢᠲᠡᠯᠡᠵᠦ᠂ ᠤᠮᠠᠷᠠᠲᠤ ᠬᠢᠵᠠᠭᠠᠷ᠎ᠤᠨ ᠰᠣᠶᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠢᠶᠠᠨ ᠳᠡᠯᠭᠡᠨ ᠦᠵᠡᠭᠦᠯᠬᠦ ᠲᠠᠪᠴᠠᠩ᠎ᠢ ᠴᠣᠭ᠍ᠴᠠᠯᠠᠪᠠ; ᠳᠤᠮᠳᠠᠳᠤ ᠤᠯᠤᠰ᠎ᠤᠨ ᠬᠣᠯᠪᠣᠭᠠᠯᠠᠭ᠍ᠰᠠᠨ ᠰᠦᠯᠵᠢᠶᠡᠨ᠎ᠦ ᠴᠢᠮᠡᠭᠡ ᠬᠣᠯᠪᠣᠭ᠎ᠠ᠎ᠶᠢᠨ ᠬᠢᠵᠠᠭᠠᠷᠲᠤ ᠺᠣᠮᠫᠠᠨᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠬᠤᠪᠢᠶᠠᠷᠢ ᠺᠣᠮᠫᠠᠨᠢ ᠯᠤᠭ᠎ᠠ ᠪᠠᠢᠯᠳᠤᠬᠤ ᠪᠣᠳᠣᠯᠭ᠎ᠠ᠎ᠶᠢᠨ ᠵᠥᠪᠯᠡᠯᠴᠡᠭᠡᠷ ᠲᠣᠬᠢᠷᠠᠯᠴᠠᠵᠤ᠂ ᠰᠣᠶᠣᠯ᠎ᠤᠨ ᠳᠠᠮᠵᠢᠭᠤᠯᠭ᠎ᠠ᠎ᠳᠤ ᠰᠢᠨ᠎ᠡ ᠵᠠᠮ᠎ᠢ ᠨᠡᠭᠡᠭᠡᠵᠦ ᠥᠭᠪᠡ᠃ ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ ᠯᠢᠶᠠᠩ ᠰᠢᠶᠣᠣ ᠱᠧᠩ᠎ᠦᠨ 《ᠠᠮᠢᠳᠤᠷᠠᠯ᠎ᠢ ᠲᠤᠩᠭᠠᠭᠠᠬᠤᠢ》 ᠭᠡᠬᠦ᠌ ᠰᠢᠨ᠎ᠡ ᠨᠣᠮ᠎ᠤᠨ ᠨᠡᠢᠲᠡᠯᠡᠬᠦ ᠬᠤᠷᠠᠯ᠎ᠢ ᠡᠷᠭᠢᠯᠡᠵᠦ᠂ ᠤᠩᠰᠢᠭ᠍ᠴᠢᠳ᠎ᠲᠤ ᠨᠠᠷᠠᠲᠤ ᠵᠣᠬᠢᠶᠠᠯᠴᠢᠳ᠎ᠲᠠᠢ ᠭᠦᠨᠵᠡᠭᠡᠢ ᠶᠠᠷᠢᠯᠴᠠᠬᠤ ᠵᠠᠪᠰᠢᠶᠠᠨ ᠣᠯᠭᠣᠵᠠᠢ; ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠎ᠶᠢᠨ ᠡᠷᠭᠢᠯᠡᠭᠰᠡᠨ 《ᠲᠥᠷᠥ᠎ᠶᠢᠨ ᠬᠡᠱᠢᠭ᠌ᠲᠦ ᠴᠠᠭᠠᠨ ᠦᠬᠡᠷ》 ᠭᠡᠬᠦ ᠰᠢᠨ᠎ᠡ ᠨᠣᠮ᠎ᠤᠨ ᠨᠡᠢᠲᠡᠯᠡᠬᠦ ᠬᠤᠷᠠᠯ ᠨᠢ ᠨᠣᠮ᠎ᠤᠨ ᠴᠠᠭᠠᠨ᠎ᠠ ᠨᠢᠭᠤᠭ᠍ᠳᠠᠭ᠍ᠰᠠᠨ ᠦᠯᠢᠭᠡᠷ᠎ᠤᠳ᠎ᠢ ᠬᠤᠪᠢᠶᠠᠯᠴᠠᠪᠠ; ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ ᠡᠷᠡᠭᠦᠯ ᠮᠡᠨᠳᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠢᠲᠠᠳ ᠮᠣᠩᠭᠣᠯ ᠡᠮ ᠡᠮᠨᠡᠯᠭᠡ᠎ᠶ᠋ᠢᠨ ᠪᠡᠶ᠎ᠡ ᠰᠤᠪᠢᠯᠠᠯᠲᠠ᠎ᠶᠢᠨ ᠲᠠᠢᠯᠤᠮᠵᠢ ᠬᠢᠭ᠌ᠰᠡᠨ᠎ᠦ ᠬᠠᠮᠲᠤ ᠲᠤᠰᠬᠠᠢ ᠮᠡᠷᠭᠡᠵᠢᠯᠲᠡᠨ᠎ᠦ ᠠᠰᠠᠭᠤᠵᠤ ᠣᠨᠣᠰᠢᠯᠠᠬᠤ ᠦᠢᠯᠡᠴᠢᠯᠡᠭᠡ ᠬᠠᠩᠭᠠᠵᠤ᠂ ᠤᠩᠰᠢᠯᠭ᠎ᠠ᠎ᠶᠢ ᠡᠷᠡᠭᠦᠯ ᠮᠡᠨᠳᠦ ᠠᠮᠢᠳᠤᠷᠠᠯ ᠯᠤᠭ᠎ᠠ ᠨᠢᠭ᠍ᠲᠠ ᠬᠣᠯᠪᠣᠭ᠍ᠳᠠᠭᠤᠯᠵᠠᠢ᠃ 

2025 ᠤᠮᠠᠷᠠᠲᠤ ᠬᠢᠵᠠᠭᠠᠷ᠎ᠤᠨ ᠨᠣᠮ᠎ᠤᠨ ᠦᠵᠡᠰᠬᠦᠯᠡᠩ ᠨᠢᠭᠡᠨᠲᠡ ᠥᠨᠳᠥᠷᠯᠡᠭᠰᠡᠨ ᠴᠦ᠍ ᠤᠩᠰᠢᠯᠭ᠎ᠠ᠎ᠶᠢᠨ ᠦᠷ᠎ᠡ ᠱᠢᠮ᠎ᠡ ᠨᠢ ᠤᠮᠠᠷᠠᠲᠤ ᠬᠢᠵᠠᠭᠠᠷ᠎ᠤᠨ ᠡᠬᠡ ᠭᠠᠵᠠᠷ᠎ᠢ ᠤᠮᠳᠠᠯᠠᠵᠠᠢ᠃ 《ᠬᠣᠢᠱᠢᠳᠠ᠎ᠳᠤ᠎ᠪᠠᠨ᠂ ᠪᠢᠳᠡ 〈1+12〉᠎ᠤᠨ ᠬᠡᠪ ᠵᠠᠭᠪᠤᠷ᠎ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠨᠡᠷᠡᠳᠦ ᠵᠣᠬᠢᠶᠠᠭ᠍ᠴᠢ᠎ᠶ᠋ᠢ ᠤᠷᠢᠨ ᠣᠷᠣᠯᠴᠠᠭᠤᠯᠵᠤ᠂ ᠠᠷᠠᠳ᠎ᠲᠤ ᠠᠰᠢᠭ᠋ ᠬᠦᠷᠲᠡᠭᠡᠬᠦ ᠨᠡᠩ ᠪᠣᠳᠠᠲᠠᠢ ᠲᠦᠷᠦ᠎ᠶᠢᠨ ᠪᠣᠳᠣᠯᠭ᠎ᠠ᠎ᠶᠢ ᠬᠡᠷᠡᠭ᠌ᠵᠢᠭᠦᠯᠦᠨ᠂ ᠤᠮᠠᠷᠠᠲᠤ ᠬᠢᠵᠠᠭᠠᠷ᠎ᠤᠨ ᠨᠣᠮ᠎ᠤᠨ ᠦᠵᠡᠰᠬᠦᠯᠡᠩ᠎ᠢ ᠰᠣᠶᠣᠯ᠎ᠢᠶᠠᠨ ᠤᠯᠠᠮᠵᠢᠯᠠᠨ ᠵᠠᠯᠭᠠᠮᠵᠢᠯᠠᠬᠤ᠂ ᠤᠶᠤᠨ ᠰᠠᠨᠠᠭ᠎ᠠ᠎ᠪᠠᠨ ᠤᠮᠳᠠᠯᠠᠬᠤ ᠴᠢᠬᠤᠯᠠ ᠲᠠᠪᠴᠠᠩ ᠪᠣᠯᠭᠠᠨ᠎ᠠ》 ᠭᠡᠵᠦ ᠥᠪᠥᠷ ᠮᠣᠩᠭᠣᠯ᠎ᠤᠨ ᠱᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠤᠬᠠᠭᠤᠯᠭ᠎ᠠ᠎ᠶᠢᠨ ᠠᠯᠪᠠᠨ ᠭᠡᠷ᠎ᠦᠨ ᠡᠷᠬᠢᠯᠡᠭᠴᠢ ᠵᠠᠩ ᠬᠦᠢ ᠰᠢᠶᠠ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ