9 ᠳ᠋ᠦ᠍ᠭᠡᠷ ᠰᠠᠷ᠎ᠠ᠎ᠶᠢᠨ 3 ᠤ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠂ ᠡᠨᠧᠷᠭᠢ᠎ᠶᠢᠨ ᠲᠣᠪᠴᠢᠶ᠎ᠠ ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠬᠢᠵᠤ ᠡᠭᠦᠰᠴᠦ ᠪᠣᠯᠬᠤᠢ᠍ᠢᠴᠠ ᠡᠨᠧᠷᠭᠢ᠎ᠶᠢᠨ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ ᠲᠣᠭᠲᠠᠴᠠ᠎ᠳᠤ ᠱᠢᠨ᠎ᠡ᠎ᠶ᠋ᠢ ᠡᠭᠦᠳᠬᠦ᠌᠎ᠶ᠋ᠢᠨ ᠬᠡᠷᠡᠭᠵᠢᠭᠦᠯᠬᠦ ᠲᠥᠰᠥᠯ》 (ᠳᠣᠷᠣᠭ᠍ᠰᠢ 《ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃ ᠲᠣᠭᠲᠠᠴᠠ᠎ᠳᠤ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ ᠂ 《ᠰᠠᠯᠬᠢ ᠭᠡᠷᠡᠯᠴᠢ ᠴᠡᠨᠡᠭ》 ᠡᠬᠢ ᠪᠠᠶᠠᠯᠢᠭ᠋᠎ᠲᠤ ᠦᠨ᠎ᠡ ᠬᠠᠳᠠᠵᠤ᠂ ᠪᠣᠬᠢᠷᠲᠤᠯ ᠦᠭᠡᠢ ᠴᠠᠬᠢᠯᠭᠠᠨ ᠬᠦᠴᠦᠨ᠎ᠢᠶᠠᠨ 《ᠠᠯᠲᠠ》 ᠪᠣᠯᠭᠠᠵᠤ᠂ 《ᠬᠥᠬᠡᠮᠳᠦᠭ ᠨᠣᠭᠣᠭᠠᠨ ᠠᠭᠤᠯᠠ ᠤᠰᠤ》᠎ᠶ᠋ᠢ 《ᠠᠯᠲᠠ ᠮᠥᠩᠭᠥᠨ ᠠᠭᠤᠯᠠ》 ᠪᠣᠯᠭᠠᠨ ᠤᠯᠠᠷᠢᠭᠤᠯᠬᠤ ᠪᠣᠳᠠᠲᠠᠢ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ᠃ ᠲᠣᠰ 《ᠲᠥᠰᠥᠯ》᠎ᠢ ᠡᠨᠡ ᠵᠢᠯ᠎ᠦᠨ ᠪᠥᠬᠥ ᠤᠯᠤᠰ᠎ᠤᠨ ᠠᠮᠢ ᠠᠬᠤᠢ᠎ᠶᠢᠨ ᠡᠳᠦᠷ᠎ᠦᠨ ᠥᠪᠥᠷ ᠮᠣᠩᠭᠣᠯ᠎ᠳᠡᠬᠢ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ᠎ᠪᠠᠷ ᠨᠡᠢᠲᠡᠯᠡᠪᠡ᠃
ᠤᠯᠤᠰ᠎ᠤᠨ ᠴᠢᠬᠤᠯᠠ ᠡᠨᠧᠷᠭᠢ᠎ᠶᠢᠨ ᠰᠠᠭᠤᠷᠢᠨ ᠪᠠ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ ᠠᠮᠢ ᠠᠬᠤᠢ᠎ᠶ᠋ᠢ ᠬᠠᠮᠠᠭᠠᠯᠠᠬᠤ᠎ᠶ᠋ᠢ ᠨᠢᠭᠡᠳᠦᠯᠲᠡᠢ ᠲᠦᠯᠦᠪᠯᠡᠬᠦ᠌ ᠲᠠᠯ᠎ᠠ᠎ᠪᠠᠷ ᠣᠨᠴᠠᠭᠠᠢ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ᠎ᠲᠠᠢ ᠶᠤᠮ᠃ 《ᠲᠥᠰᠥᠯ》᠎ᠳᠦ ᠵᠢᠭᠠᠵᠤ ᠭᠠᠷᠭᠠᠭᠰᠠᠨ᠎ᠢᠶᠠᠷ᠂ ᠳᠠᠬᠢᠵᠤ ᠡᠭᠦᠰᠴᠦ ᠪᠣᠯᠬᠤᠢ᠍ᠢᠴᠠ ᠡᠨᠧᠷᠭᠢ᠎ᠶᠢᠨ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ ᠲᠣᠭᠲᠠᠴᠠ᠎ᠶᠢ ᠪᠠᠶ᠋ᠢᠭᠤᠯᠬᠤ ᠪᠣᠯ ᠠᠮᠢ ᠠᠬᠤᠢ᠎ᠶᠢᠨ ᠡᠬᠢ ᠪᠠᠶᠠᠯᠢᠭ᠋᠎ᠲᠤ ᠠᠭᠤᠯᠤᠭᠳᠠᠵᠤ ᠪᠠᠢᠭ᠎ᠠ ᠣᠯᠠᠨ ᠬᠡᠮᠵᠢᠯᠲᠦ ᠥᠷᠲᠡᠭ᠎ᠢ ᠠᠵᠤ ᠠᠬᠤᠢ᠎ᠶᠢᠨ ᠥᠷᠲᠡᠭ ᠪᠣᠯᠭᠠᠨ ᠤᠯᠠᠷᠢᠭᠤᠯᠬᠤ ᠴᠢᠬᠤᠯᠠ ᠳᠦᠷᠢᠮ᠎ᠦᠨ ᠰᠢᠨ᠎ᠡ ᠡᠭᠦᠳᠦᠯᠲᠡ ᠪᠣᠯᠣᠨ᠎ᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠯᠬᠢᠨ ᠠᠬᠢᠭᠤᠯᠬᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢᠨ ᠴᠢᠬᠤᠯᠠ ᠭᠠᠷᠳᠠᠴᠠ ᠪᠣᠯᠣᠨ᠎ᠠ᠃
《ᠲᠥᠰᠥᠯ》᠎ᠳᠦ ᠬᠣᠶᠠᠷ ᠱᠠᠲᠤ ᠦᠶ᠎ᠡ᠎ᠶᠢᠨ ᠬᠠᠷᠠᠯᠲᠠ᠎ᠶᠢ ᠲᠣᠳᠣᠷᠬᠠᠢ ᠳᠤᠷᠠᠳᠤᠨ ᠭᠠᠷᠭᠠᠪᠠ᠄ 2027 ᠣᠨ ᠪᠣᠯᠬᠤ᠎ᠳᠤ᠂ ᠥᠪᠥᠷ ᠮᠣᠩᠭᠣᠯ᠎ᠤᠨ ᠣᠨᠴᠠᠯᠢᠭ᠋ ᠪᠦᠬᠦᠢ ᠳᠠᠬᠢᠵᠤ ᠡᠭᠦᠰᠴᠦ ᠪᠣᠯᠬᠤᠢ᠍ᠢᠴᠠ ᠡᠨᠧᠷᠭᠢ᠎ᠶᠢᠨ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ ᠳᠦᠷᠢᠮ᠎ᠦᠨ ᠪᠣᠷᠣ᠌ ᠲᠦᠰᠦᠪ᠎ᠢ ᠦᠨᠳᠦᠰᠦᠨ᠎ᠳᠦ᠎ᠪᠡᠨ ᠪᠠᠢᠭᠤᠯᠵᠤ᠂ ᠦᠢᠯᠡᠳᠬᠦᠨ᠎ᠦ ᠭᠠᠷᠴᠠᠭ᠂ ᠪᠠᠢᠴᠠᠭᠠᠯᠲᠠ ᠬᠢᠨᠠᠨ ᠱᠢᠨᠵᠢᠯᠲᠡ᠂ ᠬᠠᠷᠭᠤᠭᠤᠯᠤᠨ ᠪᠣᠳᠣᠯᠲᠠ ᠦᠨᠡᠯᠡᠯᠲᠡ ᠪᠠ ᠦᠷᠲᠡᠭ᠎ᠦᠨ ᠤᠯᠠᠷᠢᠭᠤᠯᠤᠯᠲᠠ᠎ᠶ᠋ᠢ ᠬᠠᠮᠤᠷᠤᠭᠰᠠᠨ ᠲᠥᠷᠥ᠎ᠶᠢᠨ ᠪᠣᠳᠣᠯᠭ᠎ᠠ᠎ᠶ᠋ᠢᠨ ᠲᠣᠭ᠍ᠲᠠᠯᠴᠠᠭ᠎ᠠ᠎ᠶ᠋ᠢ ᠠᠩᠬ᠎ᠠ ᠠᠯᠬᠤᠮ ᠪᠦᠷᠢᠯᠳᠦᠭᠦᠯᠦᠨ᠎ᠡ; 2030 ᠣᠨ ᠪᠣᠯᠬᠤ᠎ᠳᠤ᠂ ᠲᠣᠭᠲᠠᠴᠠ᠎ᠶᠢ ᠪᠥᠬᠥ ᠲᠠᠯ᠎ᠠ᠎ᠪᠠᠷ ᠪᠣᠯᠪᠠᠰᠤᠷᠠᠩᠭᠤᠢ ᠪᠣᠯᠭᠠᠵᠤ᠂ ᠪᠠᠷᠢᠮᠵᠢᠶ᠎ᠠ ᠵᠢᠷᠤᠮᠵᠢᠯ ᠪᠠ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠠᠩ ᠲᠡᠭᠦᠯᠳᠡᠷᠵᠢᠭᠦᠯᠦᠨ᠂ ᠠᠵᠤ ᠠᠬᠤᠢ ᠨᠡᠢᠭᠡᠮ᠎ᠦᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ᠎ᠳᠤ ᠳᠠᠬᠢᠵᠤ ᠡᠭᠦᠰᠴᠦ ᠪᠣᠯᠬᠤᠢ᠍ᠢᠴᠠ ᠡᠨᠧᠷᠭᠢ᠎ᠶᠢᠨ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠦᠨ ᠦᠵᠡᠭᠦᠯᠬᠦ᠌ ᠦᠢᠯᠡᠳᠦᠯ᠎ᠢ ᠢᠯᠡᠳᠲᠡ ᠪᠣᠯᠭᠠᠨ᠎ᠠ᠃
ᠦᠢᠯᠡᠳᠬᠦᠨ᠎ᠦ ᠬᠠᠩᠭᠠᠯᠭ᠎ᠠ᠎ᠶᠢ ᠴᠢᠩᠭᠠᠳᠬᠠᠬᠤ᠂ ᠬᠡᠷᠡᠭᠯᠡᠭᠡᠨ᠎ᠦ ᠪᠠᠢᠳᠠᠯ᠎ᠢ ᠥᠷᠭᠡᠳᠬᠡᠬᠦ᠂ ᠦᠷᠳᠡᠭ᠎ᠦᠨ ᠨᠡᠮᠡᠭᠳᠡᠯ᠎ᠢ ᠠᠬᠢᠭᠤᠯᠬᠤ 3 ᠲᠠᠯ᠎ᠠ᠎ᠶ᠋ᠢᠨ ᠲᠣᠭᠤᠷᠢᠨ᠎ᠳᠤ᠂ 《ᠲᠥᠰᠥᠯ》 ᠨᠢ 12 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠰᠢᠰᠲᠧᠮ᠎ᠲᠠᠢ᠎ᠪᠡᠷ ᠳᠤᠷᠠᠳᠤᠨ ᠭᠠᠷᠭᠠᠭᠰᠠᠨ ᠪᠥᠭᠡᠳ ᠬᠠᠷᠢᠭᠤᠴᠠᠬᠤ ᠨᠢᠭᠡᠴᠢ ᠪᠠ ᠪᠠᠲᠤᠯᠠᠬᠤ ᠲᠣᠭᠲᠠᠴᠠ᠎ᠶᠢ ᠨᠢ ᠲᠣᠳᠣᠷᠬᠠᠢᠯᠠᠪᠠ᠃ ᠭᠣᠣᠯᠳᠠᠭᠤ ᠳᠠᠬᠢᠵᠤ ᠡᠭᠦᠰᠴᠦ ᠪᠣᠯᠬᠤᠢ᠍ᠢᠴᠠ ᠡᠨᠧᠷᠭᠢ᠎ᠶᠢᠨ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ ᠲᠥᠷᠥᠯ ᠵᠦᠢᠯ᠎ᠦᠨ ᠨᠥᠭᠡᠴᠡ ᠬᠥᠮᠥᠷᠭᠡ ᠪᠠ ᠵᠢᠱ᠌ᠢᠶ᠎ᠡ ᠦᠵᠡᠭᠦᠯᠬᠦ ᠨᠠᠷᠢᠨ ᠳᠠᠩᠰᠠ᠎ᠶ᠋ᠢ ᠪᠠᠶ᠋ᠢᠭᠤᠯᠬᠤ᠂ 《ᠭᠡᠷᠡᠯᠴᠢ ᠴᠡᠨᠡᠭ +》 《ᠰᠠᠯᠬᠢᠨ ᠬᠦᠴᠦᠨ᠎ᠦ ᠴᠠᠬᠢᠯᠭᠠᠨ +》 ᠵᠡᠷᠭᠡ ᠠᠮᠢ ᠠᠬᠤᠢ᠎ᠶᠢᠨ ᠨᠥᠬᠥᠷᠰᠡᠭ ᠬᠡᠯᠪᠡᠷᠢᠲᠦ ᠠᠵᠤ ᠦᠢᠯᠡᠰ᠎ᠦᠨ ᠠᠭᠤᠰᠤᠯᠴᠠᠯ᠎ᠤᠨ ᠲᠥᠷᠥᠯ ᠵᠦᠢᠯ᠎ᠢ ᠠᠬᠢᠭᠤᠯᠬᠤ᠂ ᠪᠣᠬᠢᠷᠳᠤᠯ ᠦᠭᠡᠢ ᠴᠠᠬᠢᠯᠭᠠᠨ ᠪᠣᠬᠢᠷᠳᠤᠯ ᠦᠭᠡᠢ ᠦᠨᠡᠮᠯᠡᠯ᠎ᠦᠨ ᠠᠷᠠᠯᠵᠢᠶ᠎ᠠ᠂ ᠨᠡᠭᠦᠷᠡᠰᠦᠲᠥ᠋ᠷᠥᠭᠴᠢ᠎ᠶ᠋ᠢᠨ ᠬᠤᠷᠠᠮᠳᠤᠯ᠎ᠤᠨ ᠨᠡᠭᠡᠭᠡᠨ ᠠᠱᠢᠭ᠍ᠯᠠᠯᠲᠠ᠂ ᠠᠮᠢ ᠠᠬᠤᠢ᠎ᠶᠢᠨ ᠵᠠᠰᠠᠯᠲᠠ᠂ ᠵᠢᠭᠤᠯᠴᠢᠯᠠᠯ ᠵᠤᠭᠠᠴᠠᠯ ᠵᠡᠷᠭᠡ ᠡᠭᠦᠰᠦᠮᠡᠯ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠶᠡᠬᠡᠪᠡᠷ ᠬᠥᠭ᠌ᠵᠢᠭᠦᠯᠬᠦ᠌᠂ ᠲᠣᠨᠣᠭ ᠲᠥᠬᠦᠭᠡᠷᠦᠮᠵᠢ ᠦᠢᠯᠡᠳᠬᠦ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ᠂ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠤᠯᠬᠤ ᠬᠦᠷᠢᠶᠡᠯᠡᠩ ᠲᠣᠭᠣᠷᠢᠭ᠋ ᠵᠡᠷᠭᠡ ᠪᠣᠬᠢᠷᠲᠤᠯ ᠦᠭᠡᠢ ᠠᠵᠤ ᠦᠢᠯᠡᠰ᠎ᠢ ᠤᠷᠲᠤᠳᠬᠠᠨ ᠪᠠᠢᠷᠢᠱᠢᠭᠤᠯᠬᠤ᠂ ᠳᠠᠬᠢᠵᠤ ᠡᠭᠦᠰᠴᠦ ᠪᠣᠯᠬᠤᠢ᠍ᠢᠴᠠ ᠡᠨᠧᠷᠭᠢ᠎ᠶᠢᠨ ᠠᠮᠢ ᠠᠬᠤᠢ᠎ᠶᠢᠨ ᠦᠨ᠎ᠡ ᠥᠷᠲᠡᠭ ᠪᠠ ᠠᠵᠤ ᠠᠬᠤᠢ᠎ᠶᠢᠨ ᠦᠨ᠎ᠡ ᠥᠷᠲᠡᠭ᠎ᠢ ᠪᠥᠬᠥ ᠲᠠᠯ᠎ᠠ᠎ᠪᠠᠷ ᠬᠥᠭ᠌ᠵᠢᠭᠡᠬᠦ᠌ ᠵᠡᠷᠭᠡ ᠪᠠᠭ᠍ᠲᠠᠨ᠎ᠠ᠃
《ᠲᠥᠰᠥᠯ》᠎ᠳᠦ ᠳᠦᠷᠪᠡᠨ ᠶᠡᠬᠡ ᠱᠢᠨ᠎ᠡ ᠡᠭᠦᠳᠦᠯᠲᠡ᠎ᠶ᠋ᠢᠨ ᠴᠡᠭ᠎ᠢ ᠳᠣᠪᠣᠢᠯᠭᠠᠪᠠ᠄ ᠠᠮᠢ ᠠᠬᠤᠢ᠎ᠶᠢᠨ ᠦᠢᠯᠡᠳᠬᠦᠨ᠎ᠦ ᠤᠬᠠᠭᠳᠠᠬᠤᠨ᠎ᠢ ᠥᠷᠭᠡᠳᠬᠡᠵᠦ᠂ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ᠂ ᠠᠮᠢᠳᠤ ᠪᠣᠳᠠᠰ᠎ᠤᠨ ᠮᠠᠰ ᠡᠨᠧᠷᠭᠢ ᠵᠡᠷᠭᠡ᠎ᠶᠢᠨ ᠬᠠᠩᠭᠠᠭᠰᠠᠨ ᠦᠢᠯᠡᠳᠬᠦᠨ ᠬᠢᠭᠡᠳ ᠦᠢᠯᠡᠴᠢᠯᠡᠭᠡ᠎ᠶᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠦᠢᠯᠡᠳᠬᠦᠨ᠎ᠦ ᠭᠠᠷᠴᠠᠭ᠎ᠲᠤ ᠣᠷᠣᠭᠤᠯᠤᠨ᠎ᠠ; 《ᠳᠠᠬᠢᠵᠤ ᠡᠭᠦᠰᠴᠦ ᠪᠣᠯᠬᠤᠢ᠍ᠢᠴᠠ ᠡᠨᠧᠷᠭᠢ + ᠠᠮᠢ ᠠᠬᠤᠢ᠎ᠶᠢᠨ ᠦᠢᠯᠡᠳᠬᠦᠨ》᠎ᠤ ᠥᠷᠲᠡᠭ᠎ᠢ ᠪᠡᠶᠡᠯᠡᠭᠦᠯᠬᠦ ᠲᠣᠭ᠍ᠲᠠᠯᠴᠠᠭ᠎ᠠ᠎ᠶ᠋ᠢ ᠪᠠᠢᠭᠤᠯᠵᠤ᠂ ᠰᠢᠨ᠎ᠡ ᠡᠨᠧᠷᠭᠢ᠎ᠶᠢᠨ ᠲᠥᠷᠥᠯ ᠵᠦᠢᠯ᠎ᠦᠨ ᠪᠣᠬᠢᠷᠲᠤᠯ ᠦᠭᠡᠢ᠎ᠪᠡᠷ ᠦᠨ᠎ᠡ ᠥᠰᠬᠡᠬᠦ ᠴᠢᠳᠠᠪᠤᠷᠢ᠎ᠶᠢ ᠨᠢ ᠳᠡᠭᠡᠭ᠌ᠰᠢᠯᠡᠭᠦᠯᠦᠨ᠎ᠡ; ᠭᠠᠷᠴᠠᠭ᠎ᠤᠨ ᠨᠠᠷᠢᠨ ᠲᠠᠩᠰᠠ ᠂ ᠪᠠᠢᠴᠠᠭᠠᠯᠲᠠ ᠬᠢᠨᠠᠨ ᠱᠢᠨᠵᠢᠯᠲᠡ᠂ ᠬᠠᠷᠭᠤᠭᠤᠯᠤᠨ ᠪᠣᠳᠣᠯᠲᠠ ᠦᠨᠡᠯᠡᠯᠲᠡ᠎ᠡᠴᠡ ᠥᠷᠲᠡᠭ᠎ᠦᠨ ᠰᠣᠯᠢᠭ᠍ᠳᠠᠯ ᠬᠦᠷᠲᠡᠯᠡᠬᠢ ᠪᠥᠬᠥ ᠬᠡᠯᠬᠢᠶᠡᠨ᠎ᠦ ᠲᠣᠭᠲᠠᠴᠠ᠎ᠶᠢ ᠪᠠᠢᠭᠤᠯᠤᠨ᠎ᠠ; ᠰᠢᠨ᠎ᠡ ᠡᠨᠧᠷᠭᠢ ᠬᠢᠭᠡᠳ ᠠᠮᠢ ᠠᠬᠤᠢ᠎ᠶᠢᠨ ᠰᠡᠷᠭᠦᠭᠡᠯᠲᠡ᠎ᠶᠢ ᠠᠭᠤᠰᠤᠯᠴᠠᠭᠤᠯᠤᠨ ᠬᠥᠭᠵᠢᠭᠦᠯᠬᠦ ᠪᠣᠯᠪᠠᠰᠤᠷᠠᠩᠭᠤᠢ ᠬᠡᠪ ᠵᠠᠭᠪᠤᠷ᠎ᠢ ᠳᠡᠯᠭᠡᠷᠡᠭᠦᠯᠦᠨ᠎ᠡ᠂ ᠵᠢᠱ᠌ᠢᠶᠡᠯᠡᠪᠡᠯ 《ᠬᠥᠪᠴᠢ᠎ᠶᠢᠨ ᠬᠡᠪ ᠵᠠᠭᠪᠤᠷ》᠂ 《ᠳ᠋ᠸᠩᠺᠸᠦ᠎ᠶᠢᠨ ᠬᠡᠪ ᠵᠠᠭᠪᠤᠷ》 ᠵᠡᠷᠭᠡ᠎ᠶᠢ ᠳᠡᠯᠭᠡᠷᠡᠭᠦᠯᠵᠦ᠍᠂ ᠡᠯ᠎ᠡ ᠭᠠᠵᠠᠷ᠎ᠤᠨ ᠵᠦᠷᠢᠶᠡᠴᠢᠯᠡᠭᠰᠡᠨ ᠦᠢᠯᠡᠳᠦᠯᠭᠡ ᠥᠷᠨᠢᠭᠦᠯᠬᠦ᠎ᠶᠢ ᠵᠣᠷᠢᠭ᠍ᠵᠢᠭᠤᠯᠤᠨ᠎ᠠ᠃
ᠳᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ ᠨᠢ ᠬᠣᠯᠪᠣᠭᠳᠠᠯ ᠪᠦᠬᠦᠢ ᠰᠠᠯᠠᠭ᠎ᠠ ᠮᠦᠴᠢᠷ ᠯᠦ᠍ᠭᠡ ᠬᠠᠮᠲᠤᠷᠠᠨ 《ᠲᠥᠰᠥᠯ》᠎ᠤᠨ ᠨᠠᠢᠳᠠᠪᠤᠷᠢᠵᠢᠭᠤᠯᠤᠯᠲᠠ᠎ᠶ᠋ᠢ ᠪᠥᠬᠥ ᠲᠠᠯ᠎ᠠ᠎ᠪᠠᠷ ᠠᠬᠢᠭᠤᠯᠵᠤ᠂ ᠳᠦᠷᠢᠮ᠂ ᠮᠡᠷᠭᠡᠵᠢᠯ ᠪᠠ ᠬᠡᠪ ᠵᠠᠭᠪᠤᠷ᠎ᠲᠤ ᠰᠢᠨ᠎ᠡ᠎ᠶᠢ ᠡᠭᠦᠳᠬᠦ᠎ᠶᠢ ᠴᠢᠩᠭᠠᠳᠬᠠᠨ᠂ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠠᠭᠤᠰᠤᠯᠴᠠᠯ᠎ᠢ ᠬᠥᠨᠳᠡᠯᠡᠨ ᠴᠢᠭᠯᠡᠯ᠎ᠢᠶᠡᠷ ᠤᠷᠲᠤᠳᠬᠠᠵᠤ᠂ ᠠᠬᠤᠢ ᠲᠠᠯᠠᠪᠠᠶ᠎ᠶᠢᠨ ᠬᠡᠷᠡᠭ᠌ᠯᠡᠯᠲᠡ᠎ᠶ᠋ᠢ ᠭᠤᠯᠳᠤ ᠴᠢᠭᠯᠡᠯ᠎ᠢᠶᠡᠷ ᠥᠷᠭᠡᠳᠬᠡᠨ᠂ 《ᠭᠡᠷᠡᠯᠴᠢ ᠴᠡᠨᠡᠭ + ᠡᠯᠡᠰᠦ᠎ᠶᠢ ᠵᠠᠰᠠᠬᠤ》 《ᠭᠡᠷᠡᠯᠴᠢ ᠴᠡᠨᠡᠭ + ᠲᠠᠷᠢᠶᠠᠯᠠᠩ ᠮᠠᠯ ᠠᠵᠤ ᠠᠬᠤᠢ》 《ᠰᠠᠯᠬᠢᠨ ᠬᠦᠴᠦᠨ᠎ᠦ ᠴᠠᠬᠢᠯᠭᠠᠨ + ᠠᠮᠢ ᠠᠬᠤᠢ᠎ᠶᠢ ᠵᠠᠰᠠᠨ ᠰᠡᠷᠭᠦᠭᠡᠬᠦ》 ᠵᠡᠷᠭᠡ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠪᠠᠨ ᠠᠬᠢᠭᠤᠯᠵᠤ᠂ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠨᠣᠯᠵᠢᠬᠤᠨ᠎ᠤ ᠦᠢᠯᠡᠳᠦᠯᠭᠡ᠎ᠶᠢᠨ ᠳᠠᠭᠠᠭᠤᠯᠤᠭ᠍ᠴᠢ ᠪᠣᠯᠬᠤ᠎ᠪᠠᠷ ᠴᠢᠷᠮᠠᠢᠨ᠎ᠠ᠃