9 ᠳ᠋ᠦ᠍ᠭᠡᠷ ᠰᠠᠷ᠎ᠠ᠎ᠶᠢᠨ 4᠎ᠦ ᠡᠳᠦᠷ᠂ ᠥᠪᠥᠷ ᠮᠣᠩᠭᠣᠯ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠣᠯᠪᠣᠭᠠᠲᠤ ᠬᠤᠷᠠᠯ᠂ ᠱᠠᠩᠬᠠᠢ ᠬᠣᠲᠠ᠎ᠶᠢᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠣᠯᠪᠣᠭᠠᠲᠤ ᠬᠤᠷᠠᠯ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠬᠠᠮᠲᠤᠷᠠᠨ ᠡᠷᠭᠢᠯᠡᠭᠰᠡᠨ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠳᠡᠬᠢ ᠰᠤᠳᠤᠯᠭᠠᠨ᠎ᠤ ᠬᠦᠷᠢᠶᠡᠯᠡᠩ ᠳᠠᠭᠠᠭᠠᠴᠢᠯᠠᠨ ᠡᠷᠭᠢᠯᠡᠭᠰᠡᠨ 《 ᠭᠣᠣᠯ ᠮᠥᠷᠡᠨ᠎ᠦ ᠶᠠᠷᠢᠯᠴᠠᠭ᠎ᠠ 》 ᠱᠠᠩᠬᠠᠢ ᠥᠪᠥᠷ ᠮᠣᠩᠭᠣᠯ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ ᠃
ᠲᠣᠰ ᠤᠳᠠᠭᠠᠨ᠎ᠤ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠠᠵᠢᠯᠯᠠᠭ᠎ᠠ᠎ᠶᠢ ᠭᠣᠣᠯ ᠵᠣᠷᠢᠯᠲᠠᠲᠤ ᠮᠡᠳᠡᠭᠦᠯᠦᠯᠲᠡ ᠪᠠ ᠳᠤᠭᠤᠷᠠᠭ ᠰᠢᠷᠡᠭᠡᠨ᠎ᠦ ᠶᠠᠷᠢᠯᠴᠠᠭ᠎ᠠ ᠭᠡᠵᠦ ᠬᠣᠶᠠᠷ ᠭᠣᠭᠴᠣᠭ᠎ᠠ ᠬᠤᠪᠢᠶᠠᠭᠰᠠᠨ ᠪᠠᠢᠨ᠎ᠠ᠃ ᠱᠠᠩᠬᠠᠢ ᠬᠣᠲᠠ᠎ᠶᠢᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠣᠯᠪᠣᠭᠠᠲᠤ ᠬᠤᠷᠠᠯ᠎ᠤᠨ ᠳᠣᠯᠣᠳᠤᠭᠠᠷ ᠬᠤᠭᠤᠴᠠᠭᠠᠨ᠎ᠤ ᠵᠥᠪᠯᠡᠯ᠎ᠦᠨ ᠲᠡᠷᠢᠭᠦᠯᠡᠭᠴᠢ᠂ ᠹᠦᠳᠠᠨ ᠶᠡᠬᠡ ᠰᠤᠷᠭᠠᠭᠤᠯᠢ᠎ᠶᠢᠨ ᠵᠣᠴᠢᠨ ᠫᠷᠤᠹᠸᠰᠰᠤᠷ ᠸᠠᠩ ᠵᠠᠨ ᠬᠢᠭᠡᠳ ᠰᠤᠷᠭᠠᠨ ᠬᠥᠮᠦᠵᠢᠯ᠎ᠦᠨ ᠶᠠᠮᠤᠨ᠎ᠤ 《ᠡᠷᠳᠡᠮᠲᠡᠳ᠎ᠢ ᠬᠥᠬᠢᠭᠦᠯᠬᠦ ᠬᠥᠬᠡᠮᠥ᠋ᠷᠡᠨ ᠲᠥᠯᠥᠪᠯᠡᠭᠡ 》᠎ᠶᠢᠨ ᠣᠨᠴᠠ ᠤᠷᠢᠭ᠍ᠰᠠᠨ ᠫᠷᠤᠹᠸᠰᠰᠤᠷ ᠨᠠᠷᠠᠨᠪᠢᠯᠢᠭ᠌ ᠲᠣᠰ ᠪᠦᠷᠢ ᠭᠣᠣᠯ ᠵᠣᠷᠢᠯᠲᠠᠲᠤ ᠮᠡᠳᠡᠭᠦᠯᠦᠯᠲᠡ ᠬᠢᠪᠡ ᠃
ᠳᠤᠭᠤᠷᠠᠭ ᠰᠢᠷᠡᠭᠡᠨ᠎ᠦ ᠶᠠᠷᠢᠯᠴᠠᠭ᠎ᠠ᠎ᠶᠢᠨ ᠱᠠᠲᠤᠨ᠎ᠳᠤ᠂ ᠱᠠᠩᠬᠠᠢ ᠪᠠ ᠮᠠᠨ᠎ᠤ ᠣᠷᠣᠨ᠎ᠤ ᠲᠤᠰᠬᠠᠢ ᠮᠡᠷᠭᠡᠵᠢᠯᠲᠡᠨ ᠡᠷᠳᠡᠮᠲᠡᠳ ᠲᠤᠰ ᠲᠤᠰ 《 ᠱᠠᠩᠬᠠᠢ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠶ᠎ᠠ 》 ᠪᠠ 《 ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠬᠤᠢ ᠪᠠᠢᠳᠠᠯ ᠲᠡᠦᠬᠡ ᠰᠣᠶᠣᠯ᠂ ᠱᠠᠩᠬᠠᠢ ᠥᠪᠥᠷ ᠮᠣᠩᠭᠣᠯ᠎ᠤᠨ ᠰᠣᠶᠣᠯ᠎ᠤᠨ ᠠᠭᠤᠰᠤᠯᠴᠠᠯ 》 ᠭᠡᠬᠦ ᠬᠣᠶᠠᠷ ᠭᠣᠣᠯ ᠰᠡᠳᠦᠪ᠎ᠦᠨ ᠲᠣᠭᠣᠷᠢᠨ᠎ᠳᠤ᠂ ᠬᠣᠶᠠᠷ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠣᠳᠣᠬᠢᠴᠢᠯᠠᠯᠲᠠ᠂ ᠬᠤᠳᠠ᠎ᠶᠢᠨ ᠵᠠᠰᠠᠯᠲᠠ ᠪᠠ ᠦᠨᠳᠦᠰᠦᠲᠡᠨ᠎ᠦ ᠰᠣᠶᠣᠯ᠎ᠤᠨ ᠤᠯᠠᠮᠵᠢᠯᠠᠯ᠂ ᠳ᠋ᠢᠭᠢᠲ ᠠᠵᠤ ᠠᠬᠤᠢ ᠪᠠ ᠠᠵᠤ ᠦᠢᠯᠡᠰ᠎ᠦᠨ ᠬᠠᠮᠵᠢᠯᠴᠠᠭ᠎ᠠ ᠵᠡᠷᠭᠡ ᠬᠦᠷᠢᠶᠡᠨ᠎ᠦ ᠦᠢᠯᠡᠳᠦᠯᠭᠡ ᠪᠣᠯᠣᠨ ᠤᠨᠤᠯ᠎ᠤᠨ ᠲᠤᠷᠰᠢᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠰᠢᠨ᠎ᠡ ᠠᠷᠭ᠎ᠠ ᠵᠠᠮ᠎ᠢ ᠬᠠᠮᠲᠤ᠎ᠪᠠᠷ ᠰᠦᠪᠡᠭᠴᠢᠯᠡᠵᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠰᠢᠨ᠎ᠡ ᠬᠡᠯᠪᠡᠷᠢ᠎ᠶᠢᠨ ᠤᠶᠤᠨ᠎ᠤ ᠬᠥᠮᠥᠷᠭᠡ᠎ᠶᠢᠨ ᠲᠣᠭᠲᠠᠯᠴᠠᠭᠠᠨ᠎ᠤ ᠪᠠᠢᠭᠤᠯᠤᠯᠲᠠ᠎ᠳᠤ ᠤᠶᠤᠨ ᠤᠬᠠᠭᠠᠨ ᠨᠡᠮᠡᠷᠢᠯᠡᠵᠡᠭᠡᠪᠡ᠃
ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ 40 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠲᠤᠬᠠᠢ᠎ᠶᠢᠨ ᠡᠳᠦᠷ᠎ᠦᠨ ᠠᠵᠢᠯᠯᠠᠭ᠎ᠠ᠎ᠳᠤ ᠣᠷᠣᠯᠴᠠᠭᠰᠠᠨ ᠪᠠᠢᠨ᠎ᠠ᠃