ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢᠨ ᠲᠥᠷᠥᠯ ᠵᠦᠢᠯ ᠪᠠ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ᠎ᠶᠢ ᠳᠠᠷᠤᠮᠠᠯᠯᠠᠨ ᠶᠠᠪᠤᠭᠤᠯᠪᠠ
ᠨᠡᠶ᠋ᠢᠲᠡᠯᠡᠭᠰᠡᠨ ᠴᠠᠭ᠄ 2025-09-05

 

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠠᠴᠠ ᠣᠢᠯᠠᠭᠠᠭᠰᠠᠨ᠎ᠢᠶᠠᠷ᠂ ᠰᠢᠨ᠎ᠡ ᠪᠠᠢᠳᠠᠯ ᠳᠣᠣᠷᠠᠬᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠴᠢᠨᠠᠷ ᠰᠠᠢᠲᠠᠢ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠭᠤᠯᠤᠨ᠂ ᠲᠤᠰᠬᠠᠢ ᠵᠦᠢᠯ᠎ᠤᠨ ᠪᠡᠯᠡ ᠮᠥᠩᠭᠥ᠎ᠶᠢᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠬᠦᠴᠦᠨ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠦᠯᠦᠭᠡ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢᠨ ᠲᠥᠷᠥᠯ ᠵᠦᠢᠯ ᠪᠠ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ》 (ᠳᠣᠷᠤᠭ᠍ᠰᠢ 《ᠠᠷᠭ᠎ᠠ》 ᠭᠡᠵᠦ ᠲᠣᠪᠴᠢᠯᠠᠨ᠎ᠠ)᠎ᠳᠤ ᠳᠠᠬᠢᠨ ᠵᠠᠰᠠᠪᠤᠷᠢ ᠣᠷᠤᠭᠤᠯᠤᠭᠠᠳ ᠳᠠᠷᠤᠮᠠᠯᠯᠠᠨ ᠶᠠᠪᠤᠭᠤᠯᠪᠠ᠃

《ᠠᠷᠭ᠎ᠠ》᠎ᠳᠤ ᠨᠡᠶ᠋ᠢᠲᠡ 7 ᠪᠦᠯᠦᠭ 31 ᠵᠣᠷᠪᠣᠰ ᠪᠠᠶ᠋ᠢᠵᠤ᠂ ᠶᠡᠷᠦᠩᠬᠡᠶ ᠲᠦᠷᠢᠮ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠂ ᠲᠤᠰᠬᠠᠶ ᠵᠦᠢᠯ᠎ᠦᠨ ᠪᠠᠯᠠ ᠮᠥᠩᠭᠦ᠎ᠶᠢᠨ ᠳᠡᠮᠵᠢᠯᠭᠡ᠎ᠶᠢᠨ ᠬᠡᠪᠴᠢᠶ᠎ᠡ᠂ ᠲᠤᠰᠬᠠᠶ ᠵᠦᠢᠯ᠎ᠦᠨ ᠪᠠᠯᠠ ᠮᠥᠩᠭᠦ᠎ᠶ᠋ᠢ ᠭᠤᠶᠤᠴᠢᠯᠠᠨ ᠮᠡᠳᠡᠭᠦᠯᠦᠭ᠌ᠰᠡᠨ᠎ᠢ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ᠂ ᠲᠤᠰᠬᠠᠶ ᠵᠦᠢᠯ᠎ᠦᠨ ᠪᠠᠯᠠ ᠮᠥᠩᠭᠦ᠎ᠶᠢᠨ ᠬᠠᠮᠢᠶᠠᠷᠤᠯᠲᠠ ᠪᠠ ᠬᠡᠷᠡᠭᠯᠡᠯᠲᠡ᠂ ᠲᠥᠰᠦᠪ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ᠂ ᠳᠠᠭᠠᠯᠳᠤᠭᠤᠯᠤᠯ ᠲᠦᠷᠢᠮ ᠵᠡᠷᠭᠡ ᠠᠭᠤᠯᠭ᠎ᠠ᠎ᠨᠤᠭᠤᠳ᠎ᠢ ᠪᠠᠭᠲᠠᠭᠠᠪᠠ᠃

《ᠠᠷᠭ᠎ᠠ》᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠤᠷᠢᠭ᠋᠎ᠤᠨ ᠬᠥᠭᠵᠢᠯᠲᠡ᠎ᠶᠢᠨ ᠲᠤᠰᠬᠠᠶ ᠪᠠᠯᠠ ᠮᠥᠩᠭᠦ᠎ᠶᠢᠨ ᠳᠡᠮᠵᠢᠬᠦ ᠴᠢᠭᠯᠡᠯ᠎ᠢ ᠲᠣᠳᠣᠷᠬᠠᠶ᠋ᠢᠯᠠᠪᠠ᠄ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠤᠷᠢᠭ᠋᠎ᠤᠨ ᠰᠠᠭᠤᠷᠢ ᠪᠡᠯᠡᠳᠬᠡᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢ ᠳᠡᠮᠵᠢᠬᠦ᠎ᠳᠤ ᠬᠡᠷᠡᠭᠯᠡᠵᠦ᠂ ᠠᠵᠤ ᠦᠢᠯᠡᠰ᠎ᠤᠨ ᠪᠦᠯᠦᠭ᠌ᠵᠢᠯ᠎ᠦᠨ ᠬᠥᠭᠵᠢᠯᠲᠡ᠎ᠶᠢᠨ ᠲᠦᠪᠰᠢᠨ᠎ᠢᠶᠡᠷ ᠥᠨᠳᠥᠷ᠂ ᠨᠠᠶ᠋ᠢᠳᠠᠪᠤᠷᠢᠵᠢᠭᠤᠯᠬᠤ ᠲᠥᠷᠥᠯ ᠵᠦᠢᠯ᠎ᠢᠶᠠᠷ ᠣᠯᠠᠨ᠂ ᠬᠥᠭᠵᠢᠯᠲᠡ᠎ᠶᠢᠨ ᠳᠠᠯᠳᠠ ᠬᠦᠴᠦᠨ᠎ᠢᠶᠠᠷ ᠶᠡᠭᠡ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠴᠢᠳᠠᠪᠤᠷᠢ᠎ᠪᠠᠷ ᠴᠢᠩᠭ᠎ᠠ ᠪᠠᠢᠳᠠᠭ ᠬᠦᠷᠢᠶᠡᠯᠡᠩ ᠲᠤᠭᠤᠷᠢᠭ᠋᠎ᠤᠳ᠎ᠢ ᠳᠡᠮᠵᠢᠬᠦ᠎ᠳᠦ ᠬᠡᠷᠡᠭ᠌ᠯᠡᠭᠦᠯᠦᠨ᠎ᠡ᠃ ᠡᠭᠦᠨ᠎ᠤ ᠵᠣᠷᠢᠯᠭ᠎ᠠ᠎ᠨᠢ ᠬᠥᠲᠥᠯᠥᠨ ᠵᠢᠯᠣᠭᠤᠳᠬᠤ᠂ ᠲᠡᠳᠬᠦᠬᠦ ᠪᠠ ᠤᠷᠮᠠᠰᠢᠭᠤᠯᠬᠤ᠎ᠪᠠᠷ ᠳᠠᠮᠵᠢᠭᠤᠯᠤᠨ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠤᠷᠢᠭ᠋᠎ᠤᠨ ᠰᠠᠭᠤᠷᠢ ᠪᠡᠯᠡᠳᠬᠡᠮᠵᠢ᠎ᠶᠢᠨ ᠳᠠᠭᠠᠭᠠᠴᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠤᠷᠢᠭ᠋᠎ᠤᠨ ᠠᠵᠤ ᠦᠢᠯᠡᠰ᠎ᠢ ᠲᠠᠰ ᠳᠡᠪᠱᠢᠭᠦᠯᠬᠦ᠌ ᠪᠠ ᠪᠦᠯᠦᠭ᠌ᠵᠢᠨ ᠬᠥᠭᠵᠢᠬᠦ᠎ᠶᠢ ᠠᠬᠢᠭᠤᠯᠬᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠳᠡᠮᠵᠢᠬᠦ᠂ ᠰᠢᠨ᠎ᠡ᠎ᠶᠢ ᠡᠭᠦᠳᠬᠦ᠎ᠪᠠᠷ ᠬᠥᠳᠡᠯᠭᠡᠭᠦᠷ ᠪᠣᠯᠭᠠᠬᠤ ᠪᠠ ᠣᠯᠠᠨ ᠨᠡᠶ᠋ᠢᠲᠡ᠎ᠶᠢᠨ ᠦᠢᠯᠡᠴᠢᠯᠡᠭᠡᠨ᠎ᠤ ᠴᠢᠳᠠᠪᠤᠷᠢ᠎ᠶᠢ ᠴᠢᠩᠭᠠᠷᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠭᠤᠤᠯᠳᠠᠯᠭ᠎ᠠ ᠪᠣᠯᠬᠤ ᠬᠥᠭᠵᠢᠯᠲᠡ᠎ᠶᠢᠨ ᠪᠠᠶ᠋ᠢᠯᠳᠤᠬᠤ ᠪᠣᠳᠣᠯᠭ᠎ᠠ᠎ᠶᠢ ᠨᠠᠶ᠋ᠢᠳᠠᠪᠤᠷᠢᠵᠢᠭᠤᠯᠬᠤ᠎ᠶᠢᠨ ᠲᠥᠯᠥᠭᠡ ᠶᠤᠮ᠃

《ᠠᠷᠭ᠎ᠠ》᠎ᠳᠤ ᠲᠤᠰᠬᠠᠶ ᠵᠦᠢᠯ᠎ᠦᠨ ᠪᠠᠯᠠ ᠮᠥᠩᠭᠦ ᠭᠤᠶᠤᠴᠢᠯᠠᠨ ᠮᠡᠳᠡᠭᠦᠯᠬᠦ ᠭᠤᠤᠯ ᠴᠣᠭᠴᠠ᠎ᠳᠦ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠤᠷᠢᠭ᠋᠎ᠤᠨ ᠬᠢᠨᠠᠨ ᠬᠠᠷᠭᠤᠭᠤᠯᠬᠤ ᠠᠯᠪᠠᠨ ᠵᠠᠷ᠎ᠤᠨ ᠭᠠᠷᠴᠠᠭ》᠎ᠤᠨ ᠳᠣᠲᠣᠷᠠᠬᠢ ᠵᠢᠭ᠍ᠰᠠᠭᠠᠭ᠍ᠰᠠᠨ ᠵᠢᠴᠢ ᠡᠮᠦᠨ᠎ᠡ ᠡᠭᠡᠯᠵᠢ᠎ᠶᠢᠨ ᠨᠢᠭᠡᠨᠲᠡ ᠬᠦᠴᠦᠨ ᠦᠭᠡᠢ ᠪᠣᠯᠭᠠᠭ᠍ᠳᠠᠭ᠍ᠰᠠᠨ ᠳᠠᠬᠢᠨᠲᠠ ᠰᠢᠨ᠎ᠡ᠎ᠪᠠᠷ ᠪᠠᠶ᠋ᠢᠭᠤᠯᠬᠤ᠎ᠪᠠᠷ ᠭᠤᠶᠤᠴᠢᠯᠠᠭᠰᠠᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠤᠷᠢᠭ᠋ ᠪᠠ ᠥᠪᠡᠷᠲᠡᠭᠡᠨ ᠵᠠᠰᠠᠬᠤ ᠣᠷᠣᠨ᠎ᠤ ᠵᠥᠪᠰᠢᠶᠡᠷᠡᠨ ᠳᠡᠮᠵᠢᠬᠦ ᠬᠦᠷᠢᠶᠡᠯᠡᠩ ᠲᠤᠭᠤᠷᠢᠭ᠋᠎ᠤᠳ ᠪᠠᠭ᠍ᠲᠠᠨ᠎ᠠ᠃ ᠲᠤᠰᠬᠠᠶ ᠵᠦᠢᠯ᠎ᠤᠨ ᠪᠡᠯᠡ ᠮᠥᠩᠭᠥ᠎ᠶᠢ ᠠᠵᠢᠯᠲᠠᠳ᠎ᠤᠨ ᠴᠠᠯᠢᠩ᠂ ᠨᠡᠮᠡᠯᠭᠡ ᠨᠡᠮᠡᠭᠦᠷᠢ᠂ ᠱᠠᠩᠨᠠᠯ᠎ᠤᠨ ᠮᠥᠩᠭᠥ᠂ ᠠᠰᠠᠷᠠᠮᠵᠢ᠎ᠶᠢᠨ ᠪᠤᠰᠤᠳ ᠵᠠᠷᠤᠯᠭ᠎ᠠ ᠪᠠ ᠨᠢᠭᠡᠴᠢ᠎ᠶᠢᠨ ᠡᠳᠦᠷ ᠲᠤᠲᠤᠮ᠎ᠤᠨ ᠠᠵᠢᠯᠯᠠᠭᠠᠨ᠎ᠤ ᠲᠠᠯ᠎ᠠ᠎ᠶᠢᠨ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ ; ᠪᠡᠯᠡ ᠣᠷᠣᠭᠤᠯᠵᠤ ᠡᠳ᠋᠎ᠤᠨ ᠶᠠᠪᠤᠳᠠᠯ᠎ᠢᠶᠠᠨ ᠬᠠᠮᠢᠶᠠᠷᠬᠤ᠂ ᠵᠢᠭᠡᠯᠡᠯᠭᠡ (ᠬᠦᠦ ᠮᠥᠩᠭᠥ)᠎ᠪᠠᠨ ᠪᠤᠴᠠᠭᠠᠬᠤ᠂ ᠬᠠᠨᠳᠢᠪᠯᠠᠵᠤ ᠲᠤᠰᠠᠯᠠᠬᠤ ᠪᠠ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ᠎ᠳᠤ ᠲᠣᠳᠣᠷᠬᠠᠶ ᠵᠠᠷᠯᠢᠭ᠍ᠳᠠᠨ ᠴᠠᠭᠠᠵᠠᠯᠠᠭᠰᠠᠨ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ ᠬᠡᠮᠡᠨ ᠳᠤᠷᠠᠳᠪᠠ᠃

 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ